ᠮᠠᠨ ᠤ ᠬᠤᠲᠠ ᠶᠢᠨ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠯᠪᠡᠭ ᠪᠠᠶᠠᠯᠢᠭ ᠪᠠᠶᠢᠨ᠎ᠠ ( ᠬᠤᠶᠠᠷ )
ᠨᠡᠶᠢᠲᠡᠯᠡᠭᠰᠡᠨ ᠴᠠᠭ᠄
2023/6/1
      ᠡᠨᠡ ᠵᠢᠯ ᠤᠨ 5 ᠰᠠᠷ᠎ᠠ ᠶᠢᠨ 19᠎ ᠤ ᠡᠳᠦᠷ ᠪᠣᠯ ︽ᠰᠠᠶᠢᠨ ᠰᠠᠶᠢᠬᠠᠨ ᠳᠤᠮᠳᠠᠳᠤ ᠤᠯᠤᠰ᠂ ᠵᠣᠯ ᠵᠢᠷᠭᠠᠯᠲᠤ ᠠᠶᠠᠯᠠᠯ︾᠎ ᠢᠶᠠᠷ ᠭᠤᠣᠯ ᠰᠡᠳᠦᠪ ᠪᠣᠯᠭᠠᠭᠰᠠᠨ 13 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠣᠨ᠎ᠠ᠃ 5 ᠰᠠᠷ᠎ᠠ ᠶᠢᠨ 20᠎ ᠤ ᠡᠳᠦᠷ᠂ ᠮᠠᠨ ᠤ ᠬᠤᠲᠠ ᠶᠢᠨ ᠣᠯᠠᠨ ᠭᠠᠵᠠᠷ ᠤᠨ ᠬᠢᠨ ᠡᠯᠪᠡᠭ ᠪᠠᠶᠠᠯᠢᠭ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃      ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠮᠠᠨ ᠤ ᠬᠤᠲᠠ ᠨᠡᠶᠢᠲᠡ 118.4 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 41.4%᠎ ᠪᠠᠷ ᠨᠡᠮᠡᠭᠳᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠵᠤᠭᠠᠴᠠᠭᠰᠠᠳ ᠤᠨ ᠣᠯᠠᠨ ᠶᠠᠩᠵᠤ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠵᠤᠭᠠᠴᠠᠭᠰᠠᠳ ᠲᠤ ᠵᠣᠯ ᠵᠢᠷᠭᠠᠯᠲᠤ ᠠᠶᠠᠨ ᠵᠠᠮ ᠢ ᠡᠳ᠋ᠯᠡᠭᠦᠯᠵᠦ᠂ ᠬᠤᠶᠠᠳᠤᠭᠠᠷ ᠤᠯᠠᠷᠢᠯ ᠳᠤ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 130 ᠲᠦᠮᠡᠨ ᠬᠥᠮᠥᠨ ᠤᠳᠠᠭ᠎ᠠ ᠠᠴᠠ ᠳᠡᠭᠡᠭᠰᠢ ᠭᠥᠯᠢᠶᠡᠨ ᠠᠪᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠦᠶᠤᠸᠠᠨ ᠤ  ᠭᠤᠳᠤᠮᠵᠢ ᠶᠢᠨ ᠲᠥᠷᠥᠭᠳᠡᠯ      5 ᠰᠠᠷ᠎ᠠ ᠶᠢᠨ 20᠎ ᠤ ᠡᠳᠦᠷ᠂ 2023 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠦᠶᠤᠸᠠᠨ ᠰᠢᠶᠠᠨ ᠤ ᠭᠤᠣᠯ ᠰᠡᠳᠦᠪᠲᠦ ᠠᠵᠢᠯᠯᠠᠭ᠎ᠠ ᠵᠢᠴᠢ ᠦᠶᠤᠸᠠᠨ ᠤ ᠭᠤᠳᠤᠮᠵᠢ ᠶᠢᠨ  ᠲᠥᠷᠥᠭᠳᠡᠯ  ᠫᠠᠶᠢᠰᠠ  ᠰᠡᠬᠦᠬᠦ ᠶᠣᠰᠣᠯᠠᠯ ᠦᠶᠤᠸᠠᠨ ᠤ ᠭᠤᠳᠤᠮᠵᠢ ᠶᠢᠨ ᠲᠥᠷᠥᠭᠳᠡᠯ ᠳᠤ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠨᠢ ︽ᠲᠠᠯ᠎ᠠ ᠨᠤᠲᠤᠭ ᠲᠤ  ᠪᠣᠯᠵᠣᠵᠤ · ᠬᠠᠨ ᠲᠠᠩ  ᠤᠨ ᠤᠷᠤᠰᠬᠠᠯ ᠬᠥᠭ · ᠡᠷᠲᠡᠨ ᠤ ᠭᠤᠳᠤᠮᠵᠢ ᠶᠢᠨ  ᠰᠢᠨ᠎ᠡ ᠠᠮᠢᠵᠢᠷᠠᠯ ︾᠎ ᠎ ᠢᠶᠠᠷ ᠭᠤᠣᠯ ᠰᠡᠳᠦᠪ ᠪᠣᠯᠭᠠᠭᠰᠠᠨ ᠪᠠᠶᠢᠨ᠎ᠠ᠃ ᠶᠣᠰᠣᠯᠠᠯ ᠳᠡᠭᠡᠷ᠎ᠡ᠂ ᠦᠶᠤᠸᠠᠨ ᠤ ᠭᠤᠳᠤᠮᠵᠢ ᠶᠢᠨ ᠲᠥᠷᠥᠭᠳᠡᠯ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠲᠤ ᠠᠵᠢᠯ ᠡᠬᠢᠯᠡᠬᠦ ᠠᠰᠠᠷᠠᠮᠵᠢ ︵1000 ᠬᠤᠪᠢ ᠪᠤᠶᠠᠨ ᠤ ᠤᠭᠤᠲᠠ︶ ᠬᠤᠪᠢᠶᠠᠨ ᠥᠭᠴᠡᠢ᠃ ᠬᠢᠲᠠᠳ ᠬᠤᠪᠴᠠᠰᠤᠨ ᠤ ᠦᠵᠡᠭᠦᠯᠦᠯᠭᠡ᠂ ᠤᠯᠠᠭᠠᠨᠮᠥ᠋ᠴᠢᠷ ᠤᠨ ᠲᠣᠭᠯᠠᠯᠲᠠ ᠁ ᠡᠯᠪᠡᠭ ᠪᠠᠶᠠᠯᠢᠭ  ᠲᠠᠩᠰᠤᠭ  ᠰᠠᠶᠢᠬᠠᠨ  ᠠᠵᠢᠯᠯᠠᠭ᠎ᠠ  ᠎ ᠨᠢ  ᠵᠤᠭᠠᠴᠠᠭᠰᠠᠳ ᠎ ᠲᠤ  ︽ᠭᠤᠶᠤ ᠰᠠᠶᠢᠬᠠᠨ︾ ︽ᠪᠠᠭ᠋ᠠᠲᠠᠢ︾  ᠲᠥᠷᠥᠭᠳᠡᠯ ᠥᠭᠭᠦᠪᠡ᠃  ᠪᠣᠷᠣᠲᠣᠬᠤᠢ ᠶᠢᠨ ᠵᠢᠵᠢᠭ ᠠᠭᠤᠳᠠᠮ ᠲᠠᠯᠠᠪᠠᠢ ᠳᠤ᠂ 2.2 ᠮᠧᠲᠷ ᠤᠨ ᠬᠡᠳᠦ ᠲᠣᠮᠣ ᠲᠡᠮᠦᠷ ᠲᠣᠭᠤᠭ᠎ᠠ  ᠲᠠᠯᠪᠢᠵᠤ᠂ ᠰᠢᠷ᠎ᠠ ᠱᠠᠪᠲᠠᠯ᠎ᠠ ᠪᠠᠷ ᠬᠠᠲᠤᠨ ᠭᠤᠣᠯ ᠤᠨ ᠵᠢᠭᠠᠰᠤ ᠶᠢ ᠴᠢᠨᠠᠭᠰᠠᠨ ᠠᠩᠬᠢᠯᠤᠮ᠎ᠠ ᠦᠨᠦᠷ ᠨᠢ ᠵᠤᠭᠠᠴᠠᠭᠰᠠᠳ ᠤᠨ ᠰᠢᠯᠦᠰᠦ ᠶᠢ ᠭᠤᠭᠤᠵᠢᠭᠤᠯᠵᠤ᠂ ᠤᠯᠠᠨ ᠢᠶᠠᠷ ᠢᠶᠠᠨ ᠬᠠᠯᠠᠭᠤᠨ ᠠᠭᠤᠷ ᠪᠠᠭᠠᠭᠢᠭᠰᠠᠨ ᠲᠡᠮᠦᠷ ᠲᠣᠭᠤᠭ᠎ᠠ ᠶᠢᠨ ᠡᠮᠦᠨ᠎ᠡ  ᠬᠦᠷᠢᠶᠡᠯᠡᠵᠦ᠂ ᠶᠡᠭᠡ ᠲᠣᠭᠤᠭᠠᠴᠢ ᠶᠢᠨ ᠨᠠᠷᠢᠨ ᠨᠢᠮᠪᠠᠢ ᠬᠢᠭᠰᠡᠨ ︽ᠵᠢᠭᠠᠰᠤᠨ ᠳᠠᠶᠢᠯᠠᠯᠭ᠎ᠠ︾ ᠎ ᠶᠢ ᠠᠮᠲᠠᠯᠠᠬᠤ ᠪᠠᠷ ᠪᠠᠶᠠᠷ ᠬᠦᠷ ᠲᠠᠢ ᠪᠠᠷ ᠬᠦᠯᠢᠶᠡᠵᠡᠭᠡᠨ᠎ᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠲᠠ ᠶᠢᠨ ︽ᠲᠠᠯ᠎ᠠ ᠨᠤᠲᠤᠭ ᠲᠤ  ᠪᠣᠯᠵᠣᠵᠤ · ᠪᠣᠷᠣᠳᠣᠬᠤᠢ ᠪᠠᠷ ᠲᠣᠭᠤᠷᠢᠶ᠎ᠠ︾ ᠭᠡᠬᠦ ᠰᠢᠷᠢᠰ ︽5 · 19᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠎ ᠤᠨ ᠭᠤᠣᠯ ᠰᠡᠳᠦᠪᠲᠦ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢᠨ ᠨᠢᠭᠡ ᠪᠠᠶᠢᠵᠤ᠂ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠶᠤᠸᠠᠨ ᠰᠢᠶᠠᠨ ᠤ ᠣᠯᠠᠨ ᠨᠡᠶᠢᠲᠡ ᠶᠢᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃ ᠠᠵᠢᠯᠯᠠᠭ᠎ᠠ ᠶᠢᠨ ᠬᠤᠭᠤᠴᠠᠭᠠᠨ ᠎ ᠳᠤ  ᠪᠠᠰᠠ  ᠳᠠᠭᠠᠭᠤᠯᠤᠭᠴᠢ  ᠬᠤᠨᠢᠨ  ᠤ  ᠰᠢᠷᠠᠮᠠᠯ ᠎ ᠤᠨ  ᠪᠠᠶᠠᠷ ᠂  ︽ᠡᠵᠡᠨ ᠵᠣᠴᠢᠨ ᠬᠠᠮᠲᠤᠪᠠᠷ ᠡᠳ᠋ᠯᠡᠬᠦ · ᠪᠢᠷ ᠪᠡᠬᠡᠰ ᠤᠨ ᠠᠩᠬᠢᠯᠤᠮ᠎ᠠ ᠦᠨᠦᠷ ᠤᠷᠠᠨ ᠪᠢᠴᠢᠯᠭᠡ ᠶᠢᠨ ᠪᠢᠷ ᠤᠨ ᠴᠤᠭᠯᠠᠭᠠᠨ︾᠂ ᠬᠤᠶᠠᠳᠤᠭᠠᠷ ᠬᠤᠭᠤᠴᠠᠭᠠᠨ ᠤ ᠡᠪᠡᠰᠦ ᠴᠡᠴᠡᠭ ᠵᠤᠯᠵᠠᠭ᠎ᠠ ᠮᠣᠳᠣᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ᠂ ᠳ᠋ᠧᠩ ᠤᠨ ᠭᠡᠷᠡᠯ ᠤᠨ ᠦᠵᠡᠰᠬᠦᠯᠡᠩ ᠵᠢᠴᠢ ᠲᠠᠷᠢᠶᠠᠯᠠᠩ ᠤᠨ ᠬᠡᠭᠡᠷ᠎ᠡ ᠪᠠᠭᠤᠳᠠᠯᠯᠠᠬᠤ · ᠮᠢᠨ ᠹᠦ᠋ ᠶᠢᠨ ᠬᠤᠷᠢᠮ ᠤᠨ ᠤᠯᠠᠷᠢᠯ ᠵᠡᠷᠭᠡ ᠠᠯᠢ ᠤᠯᠠᠨ ᠠᠵᠢᠯᠯᠠᠭ᠎ᠠ ᠨᠢ ᠵᠤᠭᠠᠴᠠᠭᠰᠠᠳ ᠲᠤ ᠡᠷᠲᠡᠨ ᠤ ᠵᠢᠶᠦ᠋ᠨ  ᠦᠶᠤᠸᠠᠨ ᠤ ᠷᠢᠳᠢ ᠰᠢᠳᠢ ᠶᠢ ᠭᠦᠢᠴᠡᠳ ᠮᠡᠳᠡᠷᠡᠭᠦᠯᠵᠡᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ