ᠰᠢ ᠶᠢᠨ ᠫᠢᠩ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃
6382062206297228405712785.jpg
      5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ᠂ ᠳᠡᠯᠡᠬᠡᠢ ᠶᠢᠨ ᠣᠯᠠᠨ ᠲᠦᠢᠯᠵᠢᠯ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠪᠠᠶᠢᠨ᠎ᠠ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠪᠣᠯ ᠳᠡᠯᠡᠬᠡᠢ ᠨᠡᠶᠢᠭᠡᠮ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠮᠥᠨ᠃ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠪᠣᠯ ᠳᠡᠯᠡᠬᠡᠢ ᠳᠡᠭᠡᠷᠡᠬᠢ ᠬᠥᠮᠥᠨ ᠠᠮᠠ ᠪᠠᠷ ᠬᠠᠮᠤᠭ ᠤᠨ ᠣᠯᠠᠨ᠂ ᠤᠯᠤᠰ ᠢᠶᠠᠷ ᠬᠠᠮᠤᠭ ᠤᠨ ᠣᠯᠠᠨ᠂ ᠪᠣᠯᠪᠠᠰᠤᠨ ᠢᠶᠠᠷ ᠬᠠᠮᠤᠭ ᠤᠨ ᠣᠯᠠᠨ ᠶᠠᠩᠵᠤᠲᠤ ᠴᠢᠨᠠᠷᠲᠠᠢ ᠭᠠᠵᠠᠷ ᠣᠷᠣᠨ ᠪᠣᠯᠣᠨ᠎ᠠ᠃ ᠣᠷᠤᠭ᠎ᠠ ᠪᠤᠰᠬᠠᠭ᠎ᠠ ᠬᠤᠪᠢᠰᠤᠯᠲᠠ ᠶᠡᠬᠡᠲᠡᠢ ᠳᠡᠯᠡᠬᠡᠢ ᠶᠢᠨ ᠪᠠᠶᠢᠳᠠᠯ ᠳᠤ ᠬᠠᠨᠳᠤᠬᠤ ᠳᠠᠭᠠᠨ ᠂ ᠠᠽᠢᠶ᠎ᠠ ᠡᠸᠦ᠋ᠷᠦᠫᠡ ᠶᠢᠨ ᠬᠠᠮᠲᠤᠷᠠᠯᠴᠠᠭ᠎ᠠ ᠶᠠᠭᠠᠬᠢᠵᠤ ᠵᠠᠮᠨᠠᠪᠠᠯ ᠵᠣᠬᠢᠬᠤ ᠪᠤᠢ︖ ᠡᠨᠡ ᠨᠢ ᠭᠠᠵᠠᠷ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠬᠤ ᠪᠠᠷ ᠦᠯᠦ ᠪᠠᠷᠠᠮ᠂ ᠪᠠᠰᠠ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠨᠥᠯᠥᠭᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠶᠢᠮᠦᠷᠬᠦᠦ ᠴᠠᠭ ᠦᠶ᠎ᠡ ᠶᠢᠨ ᠠᠰᠠᠭᠤᠯᠲᠠ᠂ ᠲᠡᠦᠬᠡ ᠶᠢᠨ ᠠᠰᠠᠭᠤᠯᠲᠠ ᠳᠤ ᠳᠤᠮᠳᠠᠳᠤ ᠤᠯᠤᠰ ᠤᠨ ᠬᠠᠷᠢᠭᠤᠯᠲᠠ ᠪᠣᠯ ᠲᠣᠳᠣᠷᠬᠠᠢ ᠶᠤᠮ ᠃ ᠪᠢ ᠤᠷᠢᠳ ᠬᠤᠵᠢᠳ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠬᠢᠨ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ  ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠤ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠤᠷᠢᠶᠠᠯᠠᠪᠠ᠃ ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠡᠨᠡ ᠬᠦ ᠰᠠᠨᠠᠭᠠᠴᠢᠯᠠᠭ᠎ᠠ ᠶᠢᠨ ᠦᠨᠳᠦᠰᠦᠨ ᠵᠣᠷᠢᠯᠲᠠ ᠪᠠ ᠲᠤᠰᠤᠯᠲᠠ ᠪᠣᠯ ᠳᠠᠷᠤᠢ ᠬᠤᠯᠠ ᠣᠶᠢᠷ᠎ᠠ ᠬᠥᠷᠰᠢ ᠵᠡᠷᠭᠡᠯᠡᠳᠡᠭᠡ ᠬᠠᠮᠲᠤ ᠪᠠᠷ ᠬᠥᠭᠵᠢᠬᠦ ᠰᠢᠨ᠎ᠡ ᠠᠷᠭ᠎ᠠ ᠶᠢ ᠰᠦᠪᠡᠭᠴᠢᠯᠡᠵᠦ᠂ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ︽ᠵᠢᠷᠭᠠᠯ ᠤᠨ ᠵᠠᠮ︾ ᠢ ᠨᠡᠭᠡᠭᠡᠭᠰᠡᠨ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠠᠽᠢᠶ᠎ᠠ ᠡᠸᠦ᠋ᠷᠦᠫᠡ ᠶᠢᠨ ᠶᠡᠭᠡ ᠭᠡᠷ ᠪᠦᠯᠢ ᠶᠢᠨ ᠨᠢᠭᠡ ᠪᠦᠷᠢᠯᠳᠦᠭᠦᠨ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠬᠥᠭᠵᠢᠯᠲᠡ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠠᠴᠠ ᠰᠠᠯᠵᠤ ᠴᠢᠳᠠᠬᠤ ᠦᠭᠡᠢ᠂ ᠪᠠᠰᠠ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠳᠤ ᠠᠰᠢᠭ ᠬᠦᠷᠲᠡᠭᠡᠨ᠎ᠡ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯᠣᠨ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠪᠦᠲᠦᠭᠡᠨ ᠪᠠᠶᠢᠭᠤᠯᠤᠯᠲᠠ ᠶᠢ ᠵᠣᠯᠭᠠᠭᠤᠯᠬᠤ ᠬᠠᠮᠲᠤᠷᠠᠯᠴᠠᠭ᠎ᠠ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ ᠤᠯᠤᠰ ᠤᠨ ᠪᠦᠯᠬᠦᠮᠳᠡᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠽᠢᠶ᠎ᠠ ᠡᠸᠦ᠋ᠷᠦᠫᠡ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠨᠡ ᠵᠢᠯ ᠤᠨ ᠳᠣᠣᠷ᠎ᠠ ᠬᠠᠭᠠᠰ ᠵᠢᠯ ᠳᠤ᠂ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠨ ᠶᠠᠪᠤᠭᠳᠠᠭᠤᠯᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠪᠣᠯᠣᠨ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠪᠦᠷᠢᠯᠳᠦᠭᠦᠨ ᠤᠯᠤᠰ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠠᠵᠠ ᠲᠣᠭᠢᠶᠠᠯ ᠢ ᠬᠠᠮᠲᠤ  ᠪᠠᠷ ᠡᠳ᠋ᠯᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠢᠷᠡᠭᠡᠳᠦᠢ ᠪᠠᠨ ᠬᠠᠮᠲᠤ ᠪᠠᠷ ᠴᠣᠭᠴᠠᠯᠠᠵᠤ᠂ ᠣᠯᠠᠨ ᠲᠦᠢᠯᠰᠢᠷᠠᠭᠰᠠᠨ ᠳᠡᠯᠡᠬᠡᠢ ᠶᠢᠨ ᠪᠣᠯᠪᠠᠰᠤᠨ ᠤ ᠳᠠᠪᠰᠢᠯᠲᠠ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠪᠢᠴᠢᠭᠯᠡᠨ᠎ᠡ ᠭᠡᠵᠦ ᠴᠢᠬᠤᠯᠠᠴᠢᠯᠠᠪᠠ᠃      ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ  ᠲᠠᠪᠴᠠᠩ 5 ᠰᠠᠷ᠎ᠠ ᠶᠢᠨ 24 ᠤ ᠡᠳᠦᠷ ᠣᠷᠣᠰ ᠤᠨ ᠮᠣᠰᠺᠸᠠ ᠳᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠵᠤ ᠂ ︽ᠣᠯᠠᠨ ᠲᠦᠢᠯᠰᠢᠷᠠᠭᠰᠠᠨ ᠳᠡᠯᠡᠬᠡᠢ ᠳᠠᠬᠢ ᠡᠸᠦ᠋ᠷᠦᠫᠡ ᠠᠽᠢᠶ᠎ᠠ ᠶᠢᠨ ᠨᠢᠭᠡ ᠴᠣᠭᠴᠠᠵᠢᠯᠲᠠ︾ ᠭᠡᠬᠦ ᠭᠤᠣᠯ ᠰᠡᠳᠦᠪ ᠢᠶᠠᠷ ᠶᠠᠪᠤᠭᠳᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ︶ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ