︽ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ︾᠂ ᠡᠨᠡ ᠪᠣᠯ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ | ᠠᠭᠤᠯᠭ᠎ᠠ ᠮᠥᠨ᠃ ᠡᠨᠡ ᠬᠦ ᠴᠢᠬᠤᠯᠠ ᠨᠤᠲᠠᠯᠠᠯᠲᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠳᠤ ᠨᠡᠶᠢᠴᠡᠵᠦ᠂ ᠦᠨᠳᠦᠰᠦᠲᠡᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠦᠨᠳᠦᠰᠦᠨ ᠱᠠᠭᠠᠷᠳᠠᠯᠭ᠎ᠠ ᠶᠢ | ᠢᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ | ᠪᠠᠶᠢᠭᠤᠯᠬᠤ ᠪᠠᠷ ᠬᠠᠮᠲᠤ ᠪᠠᠷ ᠴᠢᠷᠮᠠᠶᠢᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ | ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠣᠨᠴᠠᠭᠠᠶ ᠬᠠᠯᠠᠮᠵᠢᠯᠠᠨ ᠳᠡᠮᠵᠢᠵᠦ᠂ ︽ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ | ᠭᠡᠷ ᠪᠦᠯᠢ ᠪᠠᠷ ᠢᠶᠠᠨ ᠴᠥᠮ ᠰᠠᠶᠢᠨ ᠰᠠᠶᠢᠬᠠᠨ ᠠᠮᠢᠳᠤᠷᠠᠬᠤ ᠬᠡᠷᠡᠭᠲᠡᠢ︾ ᠭᠡᠵᠦ ᠴᠢᠬᠤᠯᠠᠴᠢᠯᠠᠨ᠂ ᠦᠨᠳᠦᠰᠦᠲᠡᠨ ᠤ ᠭᠠᠵᠠᠷ ᠣᠷᠣᠨ ᠤ ᠪᠦᠲᠦᠭᠡᠨ | ᠪᠠᠶᠢᠭᠤᠯᠤᠯᠲᠠ ᠶᠢᠨ ᠪᠦᠬᠦ ᠲᠠᠯ᠎ᠠ ᠶᠢᠨ ᠴᠢᠨᠡᠭᠡᠯᠢᠭᠵᠢᠯ ᠪᠠ ᠣᠳᠣᠬᠢᠴᠢᠯᠠᠯᠲᠠ ᠶᠢᠨ ᠲᠤᠬᠠᠢ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠪᠠ ᠪᠠᠶᠢᠷᠢᠯᠠᠭᠤᠯᠤᠯᠲᠠ | ᠬᠢᠭᠰᠡᠨ ᠪᠠᠶᠢᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠥᠬᠦᠷᠡᠰᠢ ᠦᠭᠡᠢ | ᠴᠢᠷᠮᠠᠶᠢᠯᠭ᠎ᠠ ᠳᠣᠣᠷ᠎ᠠ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠦᠷᠭᠦᠯᠵᠢᠯᠡᠨ ᠲᠦᠷᠭᠡᠨ ᠬᠥᠭᠵᠢᠵᠦ᠂ ᠰᠠᠭᠤᠷᠢ ᠪᠡᠯᠡᠳᠬᠡᠮᠵᠢ ᠶᠢᠨ ᠨᠥᠬᠦᠴᠡᠯ | ᠢᠯᠡᠳᠲᠡ ᠰᠠᠶᠢᠵᠢᠷᠠᠨ᠂ ᠠᠮᠢ ᠠᠬᠤᠢ ᠶᠢᠨ ᠬᠠᠯᠬᠠᠪᠴᠢ ᠨᠡᠩ ᠪᠠᠬᠢᠵᠢᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠪᠦᠬᠦ ᠤᠯᠤᠰ ᠢᠶᠠᠷ ᠢᠶᠠᠨ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ | ᠲᠡᠦᠬᠡᠨ ᠳᠠᠬᠢ ᠠᠭᠤᠤ ᠶᠡᠭᠡ ᠭᠠᠶᠢᠬᠠᠮᠰᠢᠭ ᠢ ᠡᠭᠦᠳᠴᠡᠢ᠃ ᠣᠳᠣᠬᠠᠨ ᠳᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠳᠤ ᠣᠮᠤᠭ ᠵᠣᠷᠢᠭ ᠪᠠᠳᠠᠷᠠᠩᠭᠤᠢ ᠪᠠᠷ ᠮᠣᠷᠳᠠᠵᠤ ᠪᠠᠶᠢᠨ᠎ᠠ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠮᠠᠨ ᠤ ᠨᠠᠮ ᠳᠡᠯᠡᠬᠡᠢ ᠶᠢᠨ ᠪᠠ ᠤᠯᠤᠰ ᠤᠨ | ᠳᠣᠲᠣᠭᠠᠳᠤ ᠶᠢᠨ ᠪᠠᠶᠢᠳᠠᠯ ᠬᠢᠭᠡᠳ ᠮᠠᠨ ᠤ ᠤᠯᠤᠰ ᠤᠨ ᠬᠥᠭᠵᠢᠯᠲᠡ ᠶᠢ ᠶᠡᠷᠦᠩᠬᠡᠶᠢᠯᠡᠨ ᠵᠠᠳᠠᠯᠤᠭᠰᠠᠨ ᠰᠠᠭᠤᠷᠢᠨ ᠳᠡᠭᠡᠷ᠎ᠡ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠮᠥᠨ᠃ ᠡᠨᠡ ᠪᠣᠯ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠱᠠᠭᠠᠷᠳᠠᠯᠭ᠎ᠠ ᠪᠥᠭᠡᠳ | ᠮᠠᠨ ᠤ ᠤᠯᠤᠰ ᠤᠨ ᠨᠡᠶᠢᠭᠡᠮ ᠵᠢᠷᠤᠮ ᠤᠨ ᠠᠩᠬᠠᠨ ᠤ ᠱᠠᠲᠤᠨ ᠠᠴᠠ ᠨᠡᠩ ᠳᠡᠭᠡᠳᠦ ᠱᠠᠲᠤᠨ ᠲᠡᠶᠢᠰᠢ ᠤᠷᠤᠭᠰᠢᠯᠠᠬᠤ ᠶᠢᠨ ᠱᠠᠭᠠᠷᠳᠠᠯᠭ᠎ᠠ ᠮᠥᠨ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠲᠤ | ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠬᠢᠵᠦ᠂ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ | ᠦᠨᠳᠦᠰᠦᠨ ᠳᠤ ᠪᠠᠨ ᠪᠡᠶᠡᠯᠡᠭᠦᠯᠦᠨ᠂ ᠲᠤᠰ ᠵᠠᠭᠤᠨ ᠤ ᠳᠤᠮᠳᠠᠴᠢ ᠪᠣᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ | ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ | ᠣᠳᠣᠬᠢᠴᠢᠯᠠᠯᠲᠠ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ | ᠵᠣᠬᠢᠴᠠᠭᠤᠯᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠨᠠᠶᠢᠷᠠᠮᠳᠠᠯ ᠢᠶᠠᠷ | ᠬᠥᠭᠵᠢᠬᠦ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠮᠠᠨ ᠤ ᠠᠭᠤᠤ ᠶᠡᠭᠡ ᠡᠬᠡ ᠤᠯᠤᠰ ᠢ 56 ᠦᠨᠳᠦᠰᠦᠲᠡᠨ ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ | ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠶᠢ ᠴᠦ 56 ᠦᠨᠳᠦᠰᠦᠲᠡᠨ ᠳᠤ ᠲᠦᠰᠢᠭᠯᠡᠨ ᠬᠠᠮᠲᠤ ᠪᠠᠷ ᠡᠭᠦᠳᠦᠨ᠎ᠡ᠃ ᠦᠨᠳᠦᠰᠦᠲᠡᠨ ᠨᠦᠭᠦᠳ ᠬᠠᠮᠲᠤ ᠪᠠᠷ | ᠪᠦᠯᠬᠦᠮᠳᠡᠨ ᠲᠡᠮᠡᠴᠡᠬᠦ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠡᠷᠬᠡ ᠶᠤᠮ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ | ᠬᠥᠭᠵᠢᠬᠦ ᠦᠭᠡᠢ ᠪᠣᠯ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠯᠲᠠ ᠪᠢᠰᠢ ᠶᠤᠮ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠦᠨᠳᠦᠰᠦᠲᠡᠨ ᠨᠦᠭᠦᠳ ᠬᠠᠮᠲᠤ ᠪᠠᠷ | ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠡᠮᠵᠢᠵᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ | ᠨᠥᠬᠦᠴᠡᠯ᠂ ᠬᠠᠷᠢᠴᠠᠩᠭᠤᠢ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ | ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠴᠠ ᠪᠠ ᠬᠦᠴᠦᠯᠡᠬᠦ ᠴᠡᠭ ᠢ ᠣᠨᠣᠪᠴᠢᠲᠠᠢ ᠡᠵᠡᠮᠳᠡᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠠᠩᠬᠠᠨ ᠤ ᠵᠣᠷᠢᠯᠲᠠ ᠪᠠ ᠬᠠᠷᠠᠯᠲᠠ ᠪᠣᠯᠭᠠᠵᠤ᠂ ᠠᠷᠠᠳ ᠤᠨ | ᠰᠠᠨᠠᠭᠠᠨ ᠳᠤ ᠨᠡᠶᠢᠴᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠳ ᠢ ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠳ ᠢ ᠢᠯᠡᠭᠦᠬᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ | ᠣᠷᠣᠨ ᠤ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ | ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠮᠠᠯᠴᠢᠳ ᠲᠠᠷᠢᠶᠠᠴᠢᠳ ᠤᠨ ᠪᠠᠶᠠᠨ ᠲᠠᠩᠰᠤᠭ ᠪᠠᠶᠢᠬᠤ ᠶᠢ ᠠᠬᠢᠭᠤᠯᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠦᠯᠦᠪᠯᠡᠵᠦ᠂ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠤ ᠤᠯᠤᠰ ᠤᠨ ᠠᠮᠤᠷ ᠲᠦᠪᠰᠢᠨ ᠤ ᠬᠠᠯᠬᠠᠪᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠦᠭᠡᠢ | ᠪᠠᠬᠢᠵᠢᠭᠦᠯᠬᠦ ᠬᠡᠷᠡᠭᠲᠡᠢ᠃ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠶᠤᠮ᠂ ᠦᠨᠳᠦᠰᠦᠲᠡᠨ ᠤ ᠪᠦᠯᠬᠦᠮᠳᠡᠯ ᠪᠣᠯ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ | ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠯ ᠢ | ᠡᠰᠡᠷᠭᠦᠴᠡᠬᠦ ᠶᠢᠨ ᠠᠴᠢ ᠬᠤᠯᠪᠣᠭᠳᠠᠯ ᠢ ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ | ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠭᠠᠭᠴᠠ ᠬᠦ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠵᠦ᠂ ᠭᠠᠷ ᠭᠠᠷ ᠢᠶᠠᠨ ᠬᠤᠯᠪᠤᠯᠴᠠᠨ ᠮᠥᠷᠥ | ᠵᠡᠷᠭᠡᠴᠡᠨ ᠤᠷᠤᠭᠰᠢᠯᠠᠵᠤ᠂ ᠬᠠᠮᠲᠤ ᠪᠠᠷ ᠴᠢᠷᠮᠠᠶᠢᠨ ᠲᠡᠮᠡᠴᠡᠪᠡᠯ ᠰᠠᠶ᠋ᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ | ᠢᠷᠡᠭᠡᠳᠦᠢ ᠪᠠᠨ ᠬᠠᠮᠲᠤ ᠪᠠᠷ ᠴᠣᠭᠴᠠᠯᠠᠵᠤ ᠴᠢᠳᠠᠨ᠎ᠠ᠃ | ᠣᠯᠠᠨ ᠤ ᠬᠦᠴᠦᠨ ᠢ ᠨᠢᠭᠲᠠᠷᠠᠭᠤᠯᠪᠠᠯ ᠠᠭᠤᠯᠠ ᠶᠢ ᠨᠡᠭᠦᠯᠭᠡᠵᠦ ᠴᠢᠳᠠᠨ᠎ᠠ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠭᠠᠷ ᠭᠠᠷ ᠢᠶᠠᠨ ᠬᠤᠯᠪᠤᠯᠴᠠᠨ ᠮᠥᠷᠥ | ᠵᠡᠷᠭᠡᠴᠡᠨ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠳᠡᠭ ᠯᠠ ᠶᠤᠮ ᠪᠣᠯ᠂ ᠤᠷᠤᠭᠰᠢᠯᠠᠯᠲᠠ ᠶᠢᠨ ᠵᠠᠮ ᠳᠡᠭᠡᠷ᠎ᠡ ᠳᠠᠪᠠᠵᠤ ᠳᠡᠶᠢᠯᠦᠰᠢ ᠦᠭᠡᠢ ᠬᠦᠴᠢᠷ ᠪᠡᠷᠬᠡᠰᠢᠶᠡᠯ | ᠭᠡᠵᠦ ᠪᠠᠶᠢᠬᠤ ᠦᠭᠡᠢ᠂ ᠢᠯᠠᠵᠤ ᠳᠡᠶᠢᠯᠦᠰᠢ ᠦᠭᠡᠢ ᠥᠷᠢᠰᠦᠯᠳᠦᠭᠡᠨ ᠭᠡᠵᠦ ᠪᠠᠶᠢᠬᠤ ᠦᠭᠡᠢ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠵᠢᠷᠤᠭ ᠲᠥᠯᠥᠪᠯᠡᠭᠡ ᠯᠠᠪᠲᠠᠢ | ᠪᠡᠶᠡᠯᠡᠭᠳᠡᠬᠦ ᠶᠤᠮ︕ | | | | | |