ᠰᠢ ᠶᠢᠨ ᠫᠢᠩ ᠪᠣᠯᠣᠨ ᠡᠧᠷᠢᠳ᠋ᠷᠧᠶᠠ ᠶᠢᠨ ᠶᠡᠷᠦᠩᠬᠡᠶᠢᠯᠡᠭᠴᠢ ᠢᠰᠠᠶᠠᠰ ᠳᠤᠮᠳᠠᠳᠤ ᠡᠧᠷᠢᠳ᠋ᠷᠧᠶᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/6/1
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ 5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠧᠷᠢᠳ᠋ᠷᠧᠶᠠ ᠶᠢᠨ ᠶᠡᠷᠦᠩᠬᠡᠶᠢᠯᠡᠭᠴᠢ ᠢᠰᠠᠶᠠᠰ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃       ᠰᠢ ᠶᠢᠨ ᠫᠢᠩ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠳᠤᠮᠳᠠᠳᠤ ᠡᠧᠷᠢᠳ᠋ᠷᠧᠶᠠ ᠶᠢᠨ ᠭᠠᠳᠠᠭᠠᠳᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠢ ᠥᠩᠭᠡᠷᠡᠭᠡᠵᠦ᠂ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ ᠪᠠᠶᠢᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠡᠷᠡᠰ ᠳᠡᠮᠵᠢᠭᠰᠡᠭᠡᠷ ᠢᠷᠡᠪᠡ᠃ ᠲᠦᠷᠦᠭᠦᠬᠡᠨ᠂ ᠶᠡᠷᠦᠩᠬᠡᠶᠢᠯᠡᠭᠴᠢ ᠢᠰᠠᠶᠠᠰ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢᠳᠡ ᠬᠤᠶᠠᠷ ᠤᠯᠤᠰ ᠤᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠰᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠪᠢ ᠳᠤᠮᠳᠠᠳᠤ ᠡᠧᠷᠢᠳ᠋ᠷᠧᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠢᠰᠠᠶᠠᠰ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠳᠡᠮᠵᠢᠯᠴᠡᠭᠡ ᠪᠠᠨ ᠪᠠᠬᠢᠵᠢᠭᠦᠯᠵᠦ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠡᠧᠷᠢᠳ᠋ᠷᠧᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃       ᠢᠰᠠᠶᠠᠰ᠂ ᠡᠧᠷᠢᠳ᠋ᠷᠧᠶᠠ ᠳᠤᠮᠳᠠᠳᠤ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠪᠠᠶᠢᠵᠤ᠂ ᠳᠤᠮᠳᠠᠳᠤ ᠤᠯᠤᠰ ᠤᠨ ᠬᠢᠨ ᠡᠧᠷᠢᠳ᠋ᠷᠧᠶᠠ ᠶᠢᠨ ᠠᠷᠠᠳ ᠲᠦᠮᠡᠨ ᠤ ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ ᠲᠡᠮᠡᠴᠡᠨ ᠣᠯᠬᠤ ᠳᠤ ᠵᠢᠷᠤᠮ ᠪᠠ ᠪᠣᠳᠠᠰ ᠤᠨ ᠳᠡᠮᠵᠢᠯᠭᠡ ᠬᠠᠩᠭᠠᠵᠠᠢ᠃ ᠥᠩᠭᠡᠷᠡᠭᠰᠡᠨ 30 ᠵᠢᠯ ᠳᠤ ᠡᠧᠷᠢᠳ᠋ᠷᠧᠶᠠ ᠳᠤᠮᠳᠠᠳᠤ ᠶᠢᠨ ᠬᠠᠷᠢᠯᠴᠠᠭ᠎ᠠ ᠦᠷᠭᠦᠯᠵᠢᠯᠡᠨ ᠬᠥᠭᠵᠢᠪᠡ᠃ ᠲᠦᠷᠦᠭᠦᠬᠡᠨ᠂ ᠪᠢ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠲᠡᠷᠢᠭᠦᠯᠡᠭᠴᠢ ᠰᠢ ᠶᠢᠨ ᠫᠢᠩ ᠲᠠᠢ ᠭᠦᠨᠵᠡᠭᠡᠢ ᠬᠡᠯᠡᠯᠴᠡᠭᠡ ᠬᠢᠪᠡ᠃ ᠡᠧᠷᠢᠳ᠋ᠷᠧᠶᠠ ᠳᠤᠮᠳᠠᠳᠤ ᠶᠢᠨ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠨᠡᠩ ᠥᠨᠳᠥᠷ ᠳᠠᠪᠬᠤᠷᠭ᠎ᠠ ᠳᠤ ᠬᠦᠷᠴᠦ᠂ ᠡᠯ᠎ᠡ ᠬᠦᠷᠢᠶᠡᠨ ᠳᠠᠬᠢ ᠪᠦᠭᠦ ᠲᠠᠯ᠎ᠠ ᠶᠢᠨ ᠬᠠᠮᠲᠤᠷᠠᠯᠴᠠᠭ᠎ᠠ ᠪᠣᠯᠣᠨ ᠵᠣᠬᠢᠴᠠᠭᠤᠯᠭ᠎ᠠ ᠶᠢ ᠬᠠᠮᠤᠷᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠬᠡᠪᠡ᠃ ᠢᠰᠠᠶᠠᠰ᠂ ᠪᠢ ᠳᠤᠷᠠᠲᠠᠶ᠎ᠠ ᠡᠨᠡ ᠬᠦ ᠪᠠᠶᠠᠷᠲᠤ ᠴᠠᠭ ᠮᠥᠴᠡ ᠳᠤ᠂ ᠡᠧᠷᠢᠳ᠋ᠷᠧᠶᠠ ᠳᠤᠮᠳᠠᠳᠤ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠠᠯᠤᠰ ᠢᠷᠡᠭᠡᠳᠦᠢ ᠳᠤ ᠪᠠᠲᠤ ᠢᠲᠡᠭᠡᠯ ᠪᠠ ᠰᠠᠶᠢᠨ ᠰᠠᠶᠢᠬᠠᠨ ᠵᠥᠩᠨᠡᠯ ᠢᠶᠠᠨ ᠳᠠᠬᠢᠨᠲᠠ ᠳᠡᠪᠰᠢᠭᠦᠯᠵᠦ ᠪᠠᠶᠢᠨ᠎ᠠ ᠭᠡᠵᠦ ᠴᠢᠬᠤᠯᠠᠴᠢᠯᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ