ᠰᠢ ᠶᠢᠨ ᠫᠢᠩ ᠺᠣᠩᠭᠣ᠋ ︵ᠺᠢᠨᠱᠠᠰᠠ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠣᠩᠭᠣ᠋ ︵ᠺᠢᠨᠱᠠᠰᠠ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃
6382096955295260615918430.jpg
      5 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠣᠩᠭᠣ᠋ ︵ᠺᠢᠨᠱᠠᠰᠠ︶ ᠶᠢᠨ ᠶᠡᠷᠦᠩᠬᠡᠶᠢᠯᠡᠭᠴᠢ ᠴᠢᠰᠠᠶᠢᠺᠧᠳᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠴᠢᠰᠠᠶᠢᠺᠧᠳᠢ ᠪᠣᠯᠣᠨ ᠲᠡᠭᠦᠨ ᠤ ᠬᠠᠳᠤᠨ ᠳ᠋ᠠᠨᠨᠢᠰ ᠲᠠᠢ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠺᠣᠩᠭᠣ᠋ ︵ᠺᠢᠨᠱᠠᠰᠠ︶ ᠬᠤᠶᠠᠷ ᠤᠯᠤᠰ ᠦᠨᠳᠦᠰᠦᠲᠡᠨ ᠤ ᠴᠢᠯᠦᠭᠡᠯᠡᠯᠲᠡ ᠶᠢᠨ ᠬᠥᠳᠡᠯᠭᠡᠭᠡᠨ ᠪᠣᠯᠣᠨ ᠺᠣᠯᠣᠨᠢ ᠶᠢᠨ ᠲᠦᠷᠢᠮᠡᠬᠡᠶᠢᠯᠡᠯ ᠢ ᠡᠰᠡᠷᠭᠦᠴᠡᠬᠦ ᠲᠡᠦᠬᠡ ᠶᠢᠨ ᠠᠬᠢᠴᠠ ᠳᠤᠮᠳᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠪᠠᠶᠢᠭᠤᠯᠵᠤ᠂ ᠥᠷᠭᠡᠨ ᠳᠡᠯᠭᠡᠷ ᠬᠠᠮᠲᠤ ᠶᠢᠨ ᠦᠵᠡᠯᠲᠡ ᠲᠠᠨᠢᠯᠲᠠ ᠲᠠᠢ᠂ ᠮᠥᠷᠥ ᠵᠡᠷᠭᠡᠴᠡᠨ ᠬᠠᠮᠲᠤ ᠪᠠᠷ ᠤᠷᠤᠭᠰᠢᠯᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠲᠠᠯ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠳᠤᠮᠳᠠᠳᠤ ᠤᠯᠤᠰ ᠤᠯᠠᠨ ᠵᠢᠯ ᠳᠠᠷᠠᠭᠠᠯᠠᠨ ᠺᠣᠩᠭᠣ᠋ ︵ᠺᠢᠨᠱᠠᠰᠠ ︶ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠬᠠᠮᠤᠭ ᠤᠨ ᠶᠡᠭᠡ ᠭᠠᠳᠠᠭᠠᠳᠤ ᠪᠡᠯᠡ ᠶᠢᠨ ᠢᠷᠡᠯᠲᠡ ᠶᠢᠨ ᠤᠯᠤᠰ ᠪᠣᠯᠵᠤ᠂ ᠬᠤᠶᠠᠷ ᠲᠠᠯ᠎ᠠ ᠪᠠᠷ ᠢᠶᠠᠨ ᠨᠢᠭᠡᠨᠲᠡ ᠨᠢᠭᠲᠠ ᠠᠰᠢᠭ ᠲᠤᠰᠠ ᠶᠢᠨ ᠬᠠᠮᠲᠤ ᠶᠢᠨ ᠴᠣᠭᠴᠠ ᠪᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠵᠠᠢ᠃ ᠬᠥᠭᠵᠢᠵᠦ ᠪᠠᠶᠢᠭ᠎ᠠ ᠤᠯᠤᠰ ᠤᠳ ᠲᠤᠰ ᠤᠯᠤᠰ ᠤᠨ ᠢᠶᠠᠨ ᠪᠠᠶᠢᠳᠠᠯ ᠳᠠᠭᠠᠨ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠡᠷᠬᠡ ᠲᠠᠢ ᠪᠥᠭᠡᠳ ᠴᠢᠳᠠᠪᠤᠷᠢ ᠲᠠᠢ ᠭᠡᠳᠡᠭ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠮᠵᠢᠯᠲᠠ ᠲᠠᠢ ᠲᠤᠷᠰᠢᠯᠭ᠎ᠠ ᠬᠠᠷᠠᠭᠤᠯᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠺᠣᠩᠭᠣ᠋ ︵ᠺᠢᠨᠱᠠᠰᠠ︶ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠬᠥᠭᠵᠢᠨ ᠮᠠᠨᠳᠤᠬᠤ ᠵᠠᠮ ᠳᠡᠭᠡᠷ᠎ᠡ ᠬᠠᠷᠢᠯᠴᠠᠨ ᠲᠡᠮᠵᠢᠵᠤ᠂ ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠮᠲᠤ ᠪᠠᠷ ᠤᠷᠤᠭᠰᠢᠯᠠᠨ᠎ᠠ᠃ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠨᠢ ᠺᠣᠩᠭᠣ᠋ ︵ᠺᠢᠨᠱᠠᠰᠠ︶ ᠳᠤ ᠨᠡᠩ ᠤᠯᠠᠨ ᠬᠠᠮᠲᠤᠷᠠᠯᠴᠠᠭᠠᠨ ᠤ ᠠᠵᠠ ᠲᠣᠭᠢᠶᠠᠯ ᠪᠠ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠬᠠᠩᠭᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠺᠣᠩᠭᠣ᠋ ︵ᠺᠢᠨᠱᠠᠰᠠ︶ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠪᠰᠤᠷᠴᠤ᠂ ᠺᠣᠩᠭᠣ᠋ ︵ᠺᠢᠨᠱᠠᠰᠠ︶ ᠶᠢᠨ ᠠᠵᠤ ᠦᠢᠯᠡᠳᠪᠦᠷᠢᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠡᠮᠵᠢᠵᠦ᠂ ᠡᠨᠧᠷᠭᠢ᠂ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠦᠢᠯᠡᠳᠬᠦ ᠦᠢᠯᠡᠰ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠲᠠᠯᠲᠠ ᠬᠦᠴᠦᠨ ᠢ ᠭᠦᠨᠵᠡᠭᠡᠢ ᠠᠭᠤᠳᠠᠯᠵᠤ᠂ ᠳᠤᠷᠠᠲᠠᠶ᠎ᠠ ᠺᠣᠩᠭᠣ᠋ ︵ᠺᠢᠨᠱᠠᠰᠠ︶ ᠳᠤ ᠬᠥᠳᠡᠭᠡ ᠠᠵᠤ ᠠᠬᠤᠢ ᠶᠢᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ᠎ᠠ᠃ ᠺᠣᠩᠭᠣ᠋ ︵ᠺᠢᠨᠱᠠᠰᠠ︶ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠩᠭᠣ᠋ ︵ᠺᠢᠨᠱᠠᠰᠠ︶ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠦᠢᠯᠡᠴᠢᠯᠡᠭᠡ ᠬᠠᠩᠭᠠᠵᠤ᠂ ᠡᠷᠬᠡ ᠲᠡᠭᠰᠢ᠂ ᠲᠥᠪ ᠭᠤᠣᠯᠴᠢ᠂ ᠠᠮᠤᠷ ᠲᠦᠪᠰᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠤᠯᠠᠨ ᠲᠠᠯᠠᠲᠤ ᠬᠡᠷᠡᠭ ᠶᠠᠪᠤᠳᠠᠯ ᠳᠤᠮᠳᠠ ᠺᠣᠩᠭᠣ᠋ ︵ᠺᠢᠨᠱᠠᠰᠠ︶ ᠶᠢᠨ ᠲᠠᠯ᠎ᠠ ᠯᠤᠭ᠎ᠠ ᠶᠢᠨ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ       ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠮᠥᠨ᠂ ᠠᠹᠷᠢᠺᠠ ᠲᠢᠪ ᠪᠣᠯ ᠬᠥᠭᠵᠢᠵᠦ ᠪᠠᠶᠢᠭ᠎ᠠ ᠤᠯᠤᠰ ᠬᠠᠮᠤᠭ ᠠᠴᠠ ᠲᠥᠪᠯᠡᠷᠡᠭᠰᠡᠨ ᠡᠬᠡ ᠬᠠᠭᠤᠷᠠᠢ ᠮᠥᠨ᠂ ᠳᠤᠮᠳᠠᠳᠤ ᠠᠹᠷᠢᠺᠠ ᠶᠡᠷᠦ ᠠᠴᠠ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠣᠳᠣᠬᠠᠨ ᠤ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠪᠣᠯᠣᠨ ᠠᠹᠷᠢᠺᠠ ᠲᠢᠪ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠱᠠᠭᠠᠷᠳᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠠᠹᠷᠢᠺᠠ ᠲᠢᠪ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠠᠹᠷᠢᠺᠠ ᠲᠢᠪ ᠤᠨ ᠳᠡᠯᠡᠬᠡᠢ ᠶᠢᠨ ᠤᠯᠤᠰ ᠲᠥᠷᠥ᠂ ᠠᠵᠤ ᠠᠬᠤᠢ᠂ ᠪᠣᠯᠪᠠᠰᠤᠨ ᠤ ᠴᠢᠬᠤᠯᠠ ᠨᠢᠭᠡ ᠲᠦᠢᠯ ᠪᠤᠯᠬᠤ ᠶᠢ ᠡᠷᠡᠰ ᠳᠡᠮᠵᠢᠵᠦ᠂ ᠳᠤᠷᠠᠲᠠᠶ᠎ᠠ ᠲᠣᠰ ᠪᠡᠶ᠎ᠡ ᠶᠢᠨ ᠰᠢᠨ᠎ᠡ ᠬᠥᠭᠵᠢᠯᠲᠡ ᠪᠠᠷ ᠠᠹᠷᠢᠺᠠ ᠲᠢᠪ ᠤᠨ ᠤᠯᠤᠰ ᠤᠳ ᠲᠤ ᠰᠢᠨ᠎ᠡ ᠠᠵᠠ ᠲᠣᠭᠢᠶᠠᠯ ᠬᠠᠩᠭᠠᠵᠤ᠂ ᠠᠹᠷᠢᠺᠠ ᠲᠢᠪ ᠤᠨ ᠠᠬ᠎ᠠ ᠳᠡᠭᠦᠦ ᠨᠠᠷ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠳ᠋ᠠᠺᠠᠷ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠹᠷᠢᠺᠠ ᠲᠢᠪ ᠤᠨ ᠦᠷᠭᠦᠯᠵᠢᠯᠡᠬᠦ ᠬᠥᠭᠵᠢᠯᠲᠡ ᠪᠠᠨ ᠪᠡᠶᠡᠯᠡᠭᠦᠯᠬᠦ ᠶᠢ ᠳᠡᠮᠵᠢᠵᠦ᠂ ᠭᠠᠷ ᠬᠤᠯᠪᠣᠨ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃      ᠴᠢᠰᠠᠶᠢᠺᠧᠳᠢ᠂ ᠪᠢ ᠺᠣᠩᠭᠣ᠋ ︵ᠺᠢᠨᠱᠠᠰᠠ︶ ᠶᠢᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠ ᠳᠤᠮᠳᠠᠳᠤ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠰᠢᠨ᠎ᠡ ᠴᠠᠭ ᠦᠶ᠎ᠡ ᠳᠤ ᠯᠤᠲᠤ ᠶᠡᠭᠡ ᠬᠥᠭᠵᠢᠯᠲᠡ ᠶᠢᠨ ᠦᠷ᠎ᠡ ᠪᠦᠲᠦᠭᠡᠯ ᠣᠯᠣᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠯᠠᠪᠲᠠᠢ ᠪᠡᠶᠡᠯᠡᠭᠦᠯᠬᠦ ᠶᠢ ᠢᠲᠡᠭᠡᠵᠦ ᠪᠠᠶᠢᠨ᠎ᠠ᠃ ᠬᠠᠭᠠᠰ ᠵᠠᠭᠤᠨ ᠤ ᠲᠤᠷᠰᠢ ᠺᠣᠩᠭᠣ᠋ ︵ᠺᠢᠨᠱᠠᠰᠠ︶ ᠳᠤᠮᠳᠠᠳᠤ ᠶᠢᠨ ᠨᠥᠭᠦᠷᠰᠡᠭ ᠬᠠᠮᠲᠤᠷᠠᠯᠴᠠᠭ᠎ᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ᠂ ᠦᠯᠡᠮᠵᠢ ᠦᠷ᠎ᠡ ᠪᠦᠲᠦᠭᠡᠯ ᠣᠯᠣᠭᠰᠠᠨ ᠢ ᠬᠤᠶᠠᠷ ᠲᠠᠯ᠎ᠠ ᠪᠠᠷ ᠢᠶᠠᠨ ᠨᠠᠨᠳᠢᠩᠨᠠᠭᠤᠰᠢᠲᠠᠢ ᠶᠤᠮ᠂ ᠳᠤᠮᠳᠠᠳᠤ ᠶᠢᠨ ᠲᠠᠯ᠎ᠠ ᠶᠢᠨ ᠬᠢᠨ ᠤ ᠤᠷᠳᠤ ᠬᠤᠭᠤᠴᠠᠭᠠᠨ ᠤ ᠲᠤᠷᠰᠢ ᠺᠣᠩᠭᠣ᠋ ︵ᠺᠢᠨᠱᠠᠰᠠ︶ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠠᠪᠰᠤᠷᠤᠯᠭ᠎ᠠ ᠪᠠ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠺᠣᠩᠭᠣ᠋ ︵ᠺᠢᠨᠱᠠᠰᠠ︶ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠶᠢᠨ ᠲᠠᠯ᠎ᠠ ᠶᠢᠨ ᠬᠢᠨ ᠤ ᠤᠯᠤᠰ ᠤᠨ ᠨᠢᠭᠡᠳᠦᠯ ᠢ ᠪᠡᠶᠡᠯᠡᠭᠦᠯᠬᠦ ᠴᠢᠷᠮᠠᠶᠢᠯᠭ᠎ᠠ ᠶᠢ ᠡᠷᠡᠰ ᠳᠡᠮᠵᠢᠨ᠎ᠠ᠃ ᠺᠣᠩᠭᠣ᠋ ︵ᠺᠢᠨᠱᠠᠰᠠ︶ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠵᠤ ᠠᠬᠤᠢ ᠠᠷᠠᠯᠵᠢᠶ᠎ᠠ᠂ ᠡᠬᠢ ᠪᠠᠶᠠᠯᠢᠭ᠂ ᠰᠠᠭᠤᠷᠢ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠣᠩᠭᠣ᠋ ︵ᠺᠢᠨᠱᠠᠰᠠ︶ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠡᠭᠦᠯᠳᠡᠷᠵᠢᠭᠦᠯᠵᠦ᠂ ᠪᠣᠯᠪᠠᠰᠤᠷᠠᠩᠭᠤᠢ ᠲᠣᠭᠲᠠᠭᠤᠨ ᠪᠥᠭᠡᠳ ᠡᠭᠦᠳᠦᠯᠲᠡ ᠶᠢᠨ ᠴᠢᠨᠠᠷᠲᠠᠢ ᠺᠣᠩᠭᠣ᠋ ︵ᠺᠢᠨᠱᠠᠰᠠ ︶ ᠳᠤᠮᠳᠠᠳᠤ ᠶᠢᠨ ᠬᠠᠷᠢᠯᠴᠠᠭ᠎ᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠪᠡᠯᠡ ᠣᠷᠣᠭᠤᠯᠤᠯᠲᠠ᠂ ᠪᠣᠬᠢᠷᠳᠤᠯ ᠦᠭᠡᠢ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠺᠣᠩᠭᠣ᠋ ︵ᠺᠢᠨᠱᠠᠰᠠ︶ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾  ᠶᠢ ᠨᠡᠶᠢᠲᠡᠯᠡᠪᠡ᠃      ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠴᠢᠰᠠᠶᠢᠺᠧᠳᠢ ᠶᠢ ᠤᠭᠲᠤᠬᠤ ᠶᠣᠰᠣᠯᠠᠯ ᠶᠠᠪᠤᠭᠤᠯᠪᠠ᠃ ᠴᠢᠰᠠᠶᠢᠺᠧᠳᠢ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠣᠩᠭᠣ᠋ ︵ᠺᠢᠨᠱᠠᠰᠠ︶ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠴᠢᠰᠠᠶᠢᠺᠧᠳᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠴᠢᠰᠠᠶᠢᠺᠧᠳᠢ ᠶᠢᠨ ᠬᠠᠳᠤᠨ ᠳ᠋ᠠᠨᠨᠢᠰ ᠪᠠᠷ᠎ᠠ ᠪᠣᠯᠵᠤ ᠤᠭᠲᠤᠬᠤ ᠶᠣᠰᠣᠯᠠᠯ ᠳᠤ ᠣᠷᠣᠯᠴᠠᠪᠠ᠃ ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠶᠡᠭᠡ ᠲᠢᠩᠬᠢᠮ ᠳᠤ ᠴᠢᠰᠠᠶᠢᠺᠧᠳᠢ ᠪᠣᠯᠣᠨ ᠲᠡᠭᠦᠨ ᠤ ᠬᠠᠳᠤᠨ ᠳ᠋ᠠᠨᠨᠢᠰ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ︶ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ