ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃       ᠰᠢ ᠶᠢᠨ ᠫᠢᠩ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠬᠥᠮᠥᠨ ᠲᠥᠷᠥᠯᠬᠢᠲᠡᠨ ᠬᠠᠮᠲᠤ ᠪᠠᠷ ᠬᠥᠭᠵᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠨ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠪᠡᠭᠡᠵᠢᠩ ᠤᠨ ᠬᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠠᠬᠢᠭᠤᠯᠵᠤ᠂ ᠵᠥᠩ ᠭᠤᠸᠠᠨ ᠼᠦᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠲᠦᠷᠭᠡᠳᠬᠡᠵᠦ᠂ ᠬᠤᠰᠢᠭᠤᠷᠠᠯ ᠮᠡᠷᠭᠡᠵᠢᠯ ᠤᠨ ᠰᠢᠨ᠎ᠡ ᠶᠢ ᠡᠭᠦᠳᠬᠦ᠂ ᠳᠡᠭᠡᠳᠦ ᠨᠠᠷᠢᠯᠢᠭ ᠣᠷᠦ᠋ᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠡᠭᠡᠵᠢᠩ ᠬᠤᠳᠠ ᠶᠢᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ᠂ 25 ᠤ ᠡᠳᠦᠷ ᠪᠡᠭᠡᠵᠢᠩ ᠳᠤ ᠡᠬᠢᠯᠡᠵᠦ᠂ ︽ᠨᠡᠭᠡᠭᠡᠯᠲᠡ ᠬᠢᠵᠦ ᠬᠠᠮᠲᠤᠷᠠᠯᠴᠠᠨ᠂ ᠢᠷᠡᠭᠡᠳᠦᠢ ᠪᠠᠨ ᠬᠠᠮᠲᠤ ᠪᠠᠷ ᠡᠳ᠋ᠯᠡᠶ᠎ᠡ︾ ᠪᠠᠷ ᠭᠤᠣᠯ ᠰᠡᠳᠦᠪ ᠢᠶᠠᠨ ᠪᠣᠯᠭᠠᠪᠠ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ︶ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ