ᠰᠢ ᠶᠢᠨ ᠫᠢᠩ ᠨᠥᠬᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/6/1
      ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠭᠦ ᠤᠯᠤᠰ ᠲᠤ ᠲᠠᠷᠬᠠᠭᠠᠪᠠ᠃       ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ 50 ᠴᠢᠬᠤᠯᠠ ᠵᠣᠬᠢᠶᠠᠯ ᠢ ᠣᠷᠣᠭᠤᠯᠪᠠ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠨᠡᠶᠢᠲᠡᠯᠡᠵᠦ ᠪᠠᠶᠢᠨ᠎ᠠ᠃       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠤᠯᠤᠰ ᠤᠨ ᠬᠦᠴᠦᠷᠬᠡᠭᠵᠢᠨ ᠮᠠᠨᠳᠤᠬᠤ ᠶᠢᠨ ᠰᠠᠭᠤᠷᠢ᠂ ᠠᠮᠤᠷ ᠲᠦᠪᠰᠢᠨ ᠤ ᠵᠠᠩᠭᠢᠯᠠᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠭᠦ ᠲᠠᠯ᠎ᠠ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠲᠠᠰᠤᠷᠠᠯᠲᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠬᠥᠭᠵᠢᠨ ᠪᠤᠵᠠᠭᠠᠶᠢᠷᠠᠵᠤ᠂ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠴᠣᠯᠭᠤᠷᠠᠨ ᠭᠠᠷᠴᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠰᠢᠨ᠎ᠡ ᠶᠢ ᠡᠭᠦᠳᠬᠦ ᠮᠠᠶ᠋ᠢᠭ ᠤᠨ ᠤᠯᠤᠰ ᠤᠨ ᠡᠩᠨᠡᠭᠡᠨ ᠳᠤ ᠣᠷᠣᠪᠠ᠃ ᠰᠢ ᠶᠢᠨ ᠫᠢᠩ ᠨᠥᠬᠦᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠨᠠᠮ ᠪᠠ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ᠂ ᠳᠡᠯᠡᠬᠡᠢ ᠶᠢᠨ ᠶᠡᠭᠡ ᠬᠠᠨᠳᠤᠰᠢ ᠪᠠ ᠴᠠᠭ ᠦᠶ᠎ᠡ ᠶᠢᠨ ᠤᠷᠤᠰᠬᠠᠯ ᠢ ᠡᠵᠡᠮᠳᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠨ ᠳᠠᠪᠰᠢᠯᠲᠠ ᠳᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠪᠠᠶᠢᠷᠢ ᠰᠠᠭᠤᠷᠢ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠠᠯᠢ ᠣᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭᠠᠷᠳᠠᠯᠭ᠎ᠠ ᠳᠤᠷᠠᠳᠤᠭᠰᠠᠨ ᠨᠢ ᠪᠢᠳᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠮᠠᠰᠢ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ︶
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ