ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠠᠶᠢᠷᠳᠣ᠋ · ᠠᠨ ᠳᠠᠬᠢᠨᠲᠠ ᠲᠦᠷᠺ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2023/6/1
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ 5 ᠰᠠᠷ᠎ᠠ ᠶᠢᠨ 29 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠸᠢᠢᠵᠢᠶᠤᠫᠦ᠋ · ᠲᠠᠶ᠋ᠢᠫᠦ᠋ · ᠠᠶᠢᠷᠳᠣ᠋ · ᠠᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠲᠦᠷᠺ ᠤᠯᠤᠰ ᠤᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ᠃       ᠰᠢ ᠶᠢᠨ ᠫᠢᠩ᠂ ᠳᠤᠮᠳᠠᠳᠤ ᠤᠯᠤᠰ ᠪᠣᠯᠣᠨ ᠲᠦᠷᠺ ᠪᠣᠯ ᠴᠥᠮ ᠬᠥᠭᠵᠢᠵᠦ ᠪᠠᠶᠢᠭ᠎ᠠ ᠲᠣᠮᠣ ᠤᠯᠤᠰ ᠪᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠮᠥᠨ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠲᠠᠢ ᠶᠤᠮ᠃ ᠣᠶᠢᠷ᠎ᠠ ᠶᠢᠨ ᠵᠢᠯ ᠠᠴᠠ ᠳᠤᠮᠳᠠᠳᠤ ᠲᠦᠷᠺ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠢᠳᠡᠪᠬᠢᠲᠡᠢ ᠠᠬᠢᠴᠠ ᠲᠠᠢ ᠪᠣᠯᠪᠠ᠃ ᠪᠢ ᠳᠤᠮᠳᠠᠳᠤ ᠲᠦᠷᠺ ᠤᠨ ᠬᠠᠷᠢᠯᠴᠠᠭ᠎ᠠ ᠶᠢᠨ ᠬᠥᠭᠵᠢᠯᠲᠡ ᠶᠢ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠠᠶᠢᠷᠳᠣ᠋ · ᠠᠨ ᠲᠠᠢ ᠬᠠᠮᠲᠤ ᠪᠠᠷ ᠴᠢᠷᠮᠠᠶᠢᠵᠤ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠯᠴᠡᠵᠦ᠂ ᠳᠤᠮᠳᠠᠳᠤ ᠲᠦᠷᠺ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ