ᠮᠠᠨ ᠤ ᠬᠤᠲᠠ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯᠯᠠᠭᠴᠢ ᠢᠨᠵᠧᠨᠧᠷᠢᠩ ᠤᠨ ᠲᠥᠪ ᠤᠨ ᠲᠥᠰᠥᠪ ᠤᠨ ᠳᠣᠲᠣᠷᠠᠬᠢ 3.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠣᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2023/6/1
      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠮᠠᠨ ᠤ ᠬᠤᠲᠠ ᠤᠯᠤᠰ ᠤᠨ ᠤᠰᠤᠨ ᠤ ᠲᠣᠣᠷ ᠤᠨ ᠭᠤᠣᠯᠯᠠᠭᠴᠢ ᠢᠨᠵᠧᠨᠧᠷᠢᠩ ᠤᠨ ᠲᠤᠰᠬᠠᠢ ᠵᠦᠢᠯ ᠤᠨ 2023 ᠣᠨ ᠤ ᠲᠥᠪ ᠤᠨ ᠲᠥᠰᠥᠪ ᠤᠨ ᠳᠣᠲᠣᠷᠠᠬᠢ 3.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠣᠯᠬᠤ ᠪᠠᠷ ᠴᠢᠷᠮᠠᠶᠢᠵᠤ ᠪᠠᠶᠢᠨ᠎ᠠ᠃      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ ᠬᠠᠮᠲᠤᠷᠠᠨ ᠤᠯᠤᠰ ᠤᠨ ᠤᠰᠤᠨ ᠤ ᠲᠣᠣᠷ ᠤᠨ ᠨᠢᠷᠤᠭᠤᠪᠴᠢ ᠢᠨᠵᠧᠨᠧᠷᠢᠩ ᠤᠨ ᠲᠤᠰᠬᠠᠢ ᠵᠦᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ 2023 ᠣᠨ ᠤ ᠨᠢᠭᠡᠳᠦᠭᠡᠷ ᠪᠦᠯᠦᠭ ᠤᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ 3.8 ᠳ᠋ᠦᠩᠰᠢᠭᠤᠷ ᠲᠥᠭᠦᠷᠢᠭ ᠪᠠᠭᠤᠯᠭᠠᠵᠤ᠂ ᠭᠤᠣᠯ ᠰᠠᠯᠪᠤᠷᠢ ᠰᠤᠪᠠᠭ ᠤᠨ ᠨᠡᠪᠴᠢᠬᠦ ᠶᠢ ᠰᠡᠷᠭᠡᠶᠢᠯᠡᠬᠦ ᠳᠣᠲᠣᠷ ᠴᠣᠭᠴᠠᠯᠠᠯ ᠵᠢᠴᠢ ᠪᠠᠷᠢᠯᠭ᠎ᠠ ᠶᠢᠨ ᠢᠵᠢ ᠪᠦᠷᠢᠳᠦᠭᠦᠯᠬᠦ ᠥᠭᠡᠷᠡᠴᠢᠯᠡᠯᠲᠡ ᠵᠡᠷᠭᠡ ᠳᠤ ᠬᠡᠷᠡᠭᠯᠡᠪᠡ᠃ ᠲᠥᠷᠥᠯ ᠵᠦᠢᠯ ᠢ ᠬᠡᠷᠡᠭᠵᠢᠭᠦᠯᠪᠡᠯ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠶ ᠨᠠᠮᠳᠠᠭᠤᠯᠵᠤ᠂ ᠤᠰᠤᠯᠠᠯᠲᠠ ᠶᠢᠨ ᠣᠷᠣᠨ ᠤ ᠤᠰᠤᠨ ᠰᠤᠪᠠᠭ ᠤᠨ ᠤᠰᠤ ᠳᠠᠮᠵᠢᠭᠤᠯᠬᠤ ᠠᠰᠢᠭᠯᠠᠮᠵᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠢᠯᠡᠳᠬᠡᠮᠵᠢ ᠶᠢ ᠳᠡᠭᠡᠭᠰᠢᠯᠡᠭᠦᠯᠵᠦ᠂ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠦᠷᠭᠦᠯᠵᠢᠯᠡᠨ ᠬᠥᠭᠵᠢᠬᠦ ᠶᠢ ᠪᠠᠲᠤᠯᠠᠵᠤ ᠴᠢᠳᠠᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ