ᠮᠠᠨ ᠤ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 651.58 ᠲᠦᠮᠡᠨ ᠺᠢᠯᠣᠸᠠᠲ ᠲᠤ ᠬᠦᠷᠪᠡ
ᠨᠡᠶᠢᠲᠡᠯᠡᠭᠰᠡᠨ ᠴᠠᠭ᠄
2023/6/1
      ᠠᠳᠠᠯᠢ ᠬᠤᠭᠤᠴᠠᠭᠠᠨ ᠤ ᠬᠢ ᠠᠴᠠ 120.83 ᠲᠦᠮᠡᠨ ᠺᠢᠯᠣᠸᠠᠲ ᠨᠡᠮᠡᠭᠳᠡᠪᠡ      4 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 651.58 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 120.83 ᠲᠦᠮᠡᠨ ᠺᠢᠯᠣᠸᠠᠲ ᠨᠡᠮᠡᠭᠳᠡᠨ᠂ ᠪᠥᠬᠦ ᠬᠤᠲᠠ ᠶᠢᠨ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 73.7% ᠶᠢ ᠡᠵᠡᠯᠡᠵᠦ᠂ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.8 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠪᠠ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 70.22 ᠲᠦᠮᠡᠨ ᠺᠢᠯᠣᠸᠠᠲ᠂ 45.81 ᠲᠦᠮᠡᠨ ᠺᠢᠯᠣᠸᠠᠲ ᠪᠠ 1.8 ᠲᠦᠮᠡᠨ ᠺᠢᠯᠣᠸᠠᠲ ᠨᠡᠮᠡᠭᠳᠡᠭᠦᠯᠦᠨ᠎ᠡ᠃      ᠣᠶᠢᠷ᠎ᠠ ᠶᠢᠨ ᠵᠢᠯ ᠳᠤ᠂ ᠮᠠᠨ ᠤ ᠬᠤᠲᠠ ᠰᠠᠯᠬᠢ᠂ ᠬᠡᠷᠡᠯ᠂ ᠠᠮᠢᠳᠤ ᠪᠣᠳᠠᠰ ᠤᠨ ᠮᠠᠰ ᠤᠨ ᠡᠬᠢ ᠪᠠᠶᠠᠯᠢᠭ ᠲᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠯᠬᠢᠨ ᠤ ᠡᠨᠧᠷᠭᠢ᠂ ᠨᠡᠷᠡᠨ ᠤ ᠡᠨᠧᠷᠭᠢ ᠪᠠ ᠠᠮᠢᠳᠤ ᠪᠣᠳᠠᠰ ᠤᠨ ᠮᠠᠰ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠬᠥᠭᠵᠢᠭᠦᠯᠵᠦ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ᠂ ᠡᠨᠧᠷᠭᠢ ᠶᠢᠨ ᠰᠤᠷᠪᠤᠯᠵᠢ ᠶᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠶᠢ ᠠᠬᠢᠭᠤᠯᠵᠤ᠂ ᠰᠠᠯᠬᠢ᠂ ᠬᠡᠷᠡᠯ ᠢᠶᠠᠷ ᠴᠠᠬᠢᠯᠭᠠᠨ ᠭᠠᠷᠭᠠᠬᠤ ᠪᠠᠷ ᠭᠤᠣᠯ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠨᠢ ᠶᠠᠭ ᠡᠨᠧᠷᠭᠢ ᠶᠢᠨ ᠪᠦᠲᠦᠴᠡ ᠶᠢ ᠬᠤᠪᠢᠷᠠᠭᠤᠯᠬᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠪᠣᠬᠢᠷᠲᠤᠯ ᠦᠭᠡᠢ ᠰᠢᠨ᠎ᠡ ᠬᠥᠳᠡᠯᠭᠡᠭᠴᠢ ᠡᠨᠧᠷᠭᠢ ᠪᠣᠯᠵᠤ ᠪᠠᠶᠢᠨ᠎ᠠ᠃ 4 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 45.12 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠨ᠂ ᠪᠥᠬᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 52.7% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.4 ᠵᠠᠭᠤᠨ ᠤ ᠨᠢᠭᠡᠴᠢ ᠳᠡᠭᠡᠭᠰᠢᠯᠡᠵᠡᠢ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠬᠡᠮᠵᠢᠶ᠎ᠡ 38.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠨ᠂ ᠪᠥᠬᠦ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠢ 18.8 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃ ᠪᠥᠬᠦ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠦᠢᠯᠡᠳᠪᠦᠷᠢᠯᠡᠯ ᠭᠤᠣᠯᠳᠠᠭᠤ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ ᠲᠥᠪᠯᠡᠷᠡᠵᠦ ᠪᠣᠶ᠃ ᠲᠥᠷᠥᠯ ᠵᠦᠢᠯ ᠢᠶᠠᠷ ᠨᠢ ᠠᠪᠴᠤ ᠦᠵᠡᠪᠡᠯ᠂ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠨᠢ ᠭᠤᠣᠯᠳᠠᠭᠤ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ ᠲᠥᠪᠯᠡᠷᠡᠵᠦ᠂ 1-4 ᠰᠠᠷ᠎ᠠ ᠳᠤ᠂ ᠬᠤᠶᠠᠷ ᠬᠤᠰᠢᠭᠤᠨ ᠤ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠦ ᠬᠤᠲᠠ ᠶᠢᠨ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢᠨ 99.0% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠪᠡ᠃ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠨᠢ ᠭᠤᠣᠯᠳᠠᠭᠤ ᠳ᠋ᠧᠩᠺᠸᠤ ᠰᠢᠶᠠᠨ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ ᠪᠣᠯᠣᠨ ᠤᠷᠠᠳ ᠤᠨ ᠬᠤᠶᠢᠲᠤ ᠬᠤᠰᠢᠭᠤᠨ ᠳᠤ ᠲᠥᠪᠯᠡᠷᠡᠵᠦ᠂ 1-4 ᠰᠠᠷ᠎ᠠ ᠳᠤ 4 ᠬᠤᠰᠢᠭᠤ ᠰᠢᠶᠠᠨ ᠤ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ 21.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠥᠬᠦ ᠬᠤᠲᠠ ᠶᠢᠨ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢᠨ 90.1% ᠶᠢ ᠡᠵᠡᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ