ᠮᠠᠨ ᠤ ᠬᠤᠲᠠ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/6/1
      ᠡᠨᠡ ᠵᠢᠯ᠂ ᠮᠠᠨ ᠤ ᠬᠤᠲᠠ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠪᠠᠨ ᠳᠠᠬᠢᠨᠲᠠ ᠳᠡᠭᠡᠭᠰᠢᠯᠡᠭᠦᠯᠪᠡ᠃      ᠪᠥᠬᠦ ᠬᠤᠲᠠ ᠶᠢᠨ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ 790 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠢᠳᠤᠨᠤᠨ ᠤ ᠬᠢ ᠠᠴᠠ 2.3% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠰᠠᠷ᠎ᠠ ᠳᠤ 605 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠢᠳᠤᠨᠤᠨ ᠤ ᠬᠢ ᠠᠴᠠ 7.9% ᠪᠠᠷ ᠨᠡᠮᠡᠭᠳᠡᠪᠡ᠃ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠬᠥᠮᠥᠰ ᠤᠨ ᠪᠠᠷᠢᠮᠵᠢᠶ᠎ᠠ ᠶᠢ ᠬᠤᠪᠢᠷᠠᠭᠤᠯᠬᠤ ᠦᠭᠡᠢ ᠬᠡᠪ ᠢᠶᠠᠷ ᠪᠠᠶᠢᠯᠭᠠᠵᠤ᠂ ᠮᠥᠨ ᠬᠦ ᠬᠤᠲᠠ ᠶᠢᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠰᠠᠷ᠎ᠠ ᠳᠤ 1308 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠰᠠᠷ᠎ᠠ ᠳᠤ 878 ᠲᠥᠭᠦᠷᠢᠭ ᠪᠣᠯᠭᠠᠨ᠎ᠠ᠃      ᠪᠠᠲᠤᠯᠠᠭ᠎ᠠ ᠶᠢᠨ ᠰᠢᠨ᠎ᠡ ᠪᠠᠷᠢᠮᠵᠢᠶ᠎ᠠ ᠶᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠪᠠᠷᠢᠮᠵᠢᠶ᠎ᠠ ᠶᠢ ᠳᠡᠭᠡᠭᠰᠢᠯᠡᠭᠦᠯᠵᠦ ᠨᠥᠬᠦᠪᠦᠷᠢᠯᠡᠨ ᠣᠯᠭᠤᠬᠤ ᠪᠡᠯᠡ ᠮᠥᠩᠭᠦ ᠶᠢ 6 ᠰᠠᠷ᠎ᠠ ᠶᠢᠨ 10 ᠤ ᠡᠳᠦᠷ ᠠᠴᠠ ᠡᠮᠦᠨ᠎ᠡ ᠭᠦᠢᠴᠡᠳ ᠲᠤᠭ᠎ᠠ ᠪᠠᠷ ᠡᠷᠦᠬᠡ ᠳᠤ ᠣᠯᠭᠤᠵᠤ᠂ 7 ᠰᠠᠷ᠎ᠠ ᠠᠴᠠ ᠰᠡᠭᠦᠯᠡᠷ ᠰᠢᠨ᠎ᠡ ᠪᠠᠷᠢᠮᠵᠢᠶ᠎ᠠ ᠪᠠᠷ ᠣᠯᠭᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ