ᠸᠠᠩ ᡁᠢ ᠫᠢᠩ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠲᠠᠮᠵᠢᠯᠭᠠᠲᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠣᠷᠣᠨ  ᠤ ᠠᠶᠤᠯ ᠦᠭᠡᠢ ᠦᠢᠯᠡᠳᠪᠦᠷᠢᠯᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠥᠬᠦ ᠬᠤᠳᠠ ᠶᠢᠨ ᠠᠶᠤᠯ ᠦᠭᠡᠢ ᠦᠢᠯᠡᠳᠪᠦᠷᠢᠯᠡᠯ ‍ᠤᠨ‌ᠠᠵᠢᠯ ᠳᠤ ᠲᠠᠬᠢᠨ ᠪᠠᠶᠢᠷᠢᠯᠠᠭᠤᠯᠤᠯᠲᠠ ᠬᠢᠪᠡ᠃      ᠸᠠᠩ ᡁᠢ ᠫᠢᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠶᠢ ᠦᠢᠯᠡᠳᠦᠯᠭᠡᠵᠢᠭᠦᠯᠬᠦ ᠬᠡᠷᠡᠭᠲᠡᠢ᠃      ᠸᠠᠩ ᡁᠢ ᠫᠢᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠭᠤᠰᠢᠲᠠᠢ ᠪᠠᠶᠢᠴᠠᠭᠠᠵᠤ  ᠲᠤᠭᠤᠰᠢᠲᠠᠢ ᠥᠭᠡᠷᠡᠴᠢᠯᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠬᠦᠨᠳᠦ ᠶᠡᠭᠡ ᠠᠳᠡᠯ ᠤᠨ ᠬᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠰᠠᠭᠤᠳᠠᠯ ᠤᠨ ᠬᠡᠮ ᠰᠣᠭᠤᠭ ᠢ ᠪᠥᠬᠦ ᠲᠠᠯ᠎ᠠ ᠪᠠᠷ ᠰᠢᠢᠳᠪᠦᠷᠢᠯᠡᠵᠦ᠂ ᠢᠯᠠᠩᠭᠤᠶ᠎ᠠ ︽ᠬᠥᠮᠥᠨ ᠤ ᠠᠮᠤᠷ ᠲᠦᠪᠰᠢᠨ ᠪᠤᠰᠤ ᠦᠶᠯᠡ ᠠᠵᠢᠯᠯᠠᠭ᠎ᠠ ᠵᠢᠴᠢ ᠬᠠᠮᠢᠶᠠᠷᠤᠯᠲᠠ ᠶᠢᠨ ᠲᠠᠯ᠎ᠠ ᠶᠢᠨ ᠬᠡᠮ ᠰᠣᠭᠤᠭ︾ ᠢ ᠵᠢᠭᠰᠠᠭᠠᠨ ᠪᠠᠶᠢᠴᠠᠭᠠᠬᠤ ᠶᠢ ᠴᠢᠬᠤᠯᠠᠴᠢᠯᠠᠵᠤ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠭᠦᠯᠵᠦ᠂ ᠪᠥᠬᠦ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠢᠲᠡᠭᠦᠦ ᠴᠠᠭᠠᠷᠢᠭ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠨᠡᠨᠬᠦ ᠬᠥᠲᠥᠯᠥᠨ ᠬᠠᠲᠠᠭᠤ ᠲᠠᠢ ᠬᠠᠯᠳᠠᠵᠤ᠂ ᠠᠰᠠᠭᠤᠳᠠᠯ ᠤᠨ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠪᠠᠶᠢᠩᠭᠤ ᠠᠳᠬᠤᠨ ᠤᠷᠳᠤ ᠬᠤᠭᠤᠴᠠᠭ᠎ᠠ ᠪᠠᠷ ᠠᠳᠬᠤᠵᠤ᠂ ᠡᠯ᠎ᠡ ᠵᠦᠢᠯ ᠤᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠬᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠢ ᠬᠠᠭᠤᠳᠠᠰᠤᠵᠢᠭᠤᠯᠬᠤ ᠶᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠱᠠᠭᠠᠷᠳᠠᠯᠭ᠎ᠠ ᠶᠢ ᠲᠥᠯᠥᠪᠵᠢᠭᠦᠯᠬᠦ᠂ ᠲᠦᠷᠦᠯ ᠵᠦᠢᠯ ᠲᠣᠭᠲᠠᠭᠠᠬᠤ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ ᠵᠡᠷᠭᠡ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ ᠥᠷᠨᠢᠭᠦᠯᠵᠦ᠂ ︽ᠬᠠᠤᠯᠢ ᠶᠢ ᠴᠢᠩᠭ᠎ᠠ ᠬᠡᠷᠡᠭᠵᠢᠭᠦᠯᠬᠦ︾ ᠪᠠᠷ ᠠᠵᠤ ᠠᠬᠤᠶᠢᠯᠠᠯ ᠤᠨ ︽ᠦᠨᠡᠨ ᠬᠦ ᠨᠠᠶᠢᠳᠠᠪᠤᠷᠢᠵᠢᠭᠤᠯᠬᠤ︾ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ