ᠮᠠᠨ ᠤ ᠬᠤᠲᠠ ᠶᠢᠨ ᠡᠵᠡᠩᠨᠡᠯᠲᠡ ᠶᠢᠨ ᠭᠤᠣᠯ ᠴᠣᠭᠴᠠ 17 ᠲᠦᠮᠡᠨ ᠡᠷᠦᠬᠡ ᠶᠢ ᠳᠠᠪᠠᠪᠠ
ᠨᠡᠶᠢᠲᠡᠯᠡᠭᠰᠡᠨ ᠴᠠᠭ᠄
2023/6/1
      ᠲᠦᠷᠦᠭᠦᠬᠡᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ 17 ᠲᠦᠮᠡᠨ ᠡᠷᠦᠬᠡ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 8.22% ᠨᠡᠮᠡᠭᠳᠡᠨ᠂ ᠶᠡᠷᠦᠩᠬᠡᠢ ᠬᠡᠮᠵᠢᠶ᠎ᠡ ᠨᠢ 17.09 ᠲᠦᠮᠡᠨ ᠡᠷᠦᠬᠡ ᠳᠤ ᠬᠦᠷᠴᠡᠢ᠃      ᠡᠭᠦᠨ ᠳᠤ᠂ ᠠᠵᠤ ᠠᠬᠤᠶᠢᠯᠠᠯ 3.40 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.76% ᠨᠡᠮᠡᠭᠳᠡᠪᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 13.10 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.97% ᠪᠠᠷ ᠨᠡᠮᠡᠭᠳᠡᠪᠡ︔ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ 0.59 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.15% ᠪᠠᠷ ᠨᠡᠮᠡᠭᠳᠡᠪᠡ᠃ ᠡᠨᠡ ᠵᠢᠯ᠂ ᠡᠵᠡᠩᠨᠡᠯᠲᠡ ᠶᠢᠨ ᠭᠤᠣᠯ ᠴᠣᠭᠴᠠ ᠶᠢ 1.1 ᠲᠦᠮᠡᠨ ᠡᠷᠦᠬᠡ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 23.4% ᠨᠡᠮᠡᠭᠳᠡᠪᠡ᠂ ᠡᠭᠦᠨ ᠳᠤ᠂ ᠠᠵᠤ ᠠᠬᠤᠶᠢᠯᠠᠯ 0.21 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.5% ᠨᠡᠮᠡᠭᠳᠡᠪᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 0.87 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.7% ᠨᠡᠮᠡᠭᠳᠡᠪᠡ︔ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠵᠢᠯ 0.02 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.7% ᠪᠠᠷ ᠨᠡᠮᠡᠭᠳᠡᠪᠡ᠃ ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠᠯᠠᠭᠤᠯᠤᠭᠰᠠᠨ ᠬᠥᠷᠥᠩᠭᠡ ︵ᠪᠡᠯᠡ ᠣᠷᠣᠭᠤᠯᠤᠯᠲᠠ ᠶᠢᠨ ᠲᠤᠭ᠎ᠠ︶ 126.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 136.7% ᠨᠡᠮᠡᠭᠳᠡᠪᠡ︔ ᠳᠠᠩᠰᠠᠯᠠᠭᠤᠯᠤᠭᠰᠠᠨ ᠪᠡᠯᠡ ᠮᠥᠩᠭᠦ ︵ᠪᠡᠯᠡ ᠣᠷᠣᠭᠤᠯᠤᠯᠲᠠ ᠶᠢᠨ ᠲᠤᠭ᠎ᠠ︶ ᠨᠡᠶᠢᠲᠡ 2962 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ