1- 4 ᠰᠠᠷ᠎ᠠ ᠳᠤ ᠮᠠᠨ ᠤ ᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 132 ᠲᠥᠷᠥᠯ ᠵᠦᠢᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/6/1
      ᠲᠦᠷᠦᠭᠦᠬᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ 1- 4 ᠰᠠᠷ᠎ᠠ ᠳᠤ᠂ ᠮᠠᠨ ᠤ ᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 132 ᠲᠥᠷᠥᠯ ᠵᠦᠢᠯ ᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ 647.8 ᠳ᠋ᠦᠩᠰᠢᠭᠤᠷ ᠲᠥᠭᠦᠷᠢᠭ ᠬᠦᠷᠴᠦ᠂ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ 63.9 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 157.04% ᠪᠠᠷ ᠨᠡᠮᠡᠭᠳᠡᠨ᠂ ᠵᠢᠯ ᠤᠨ ᠲᠥᠯᠥᠪᠯᠡᠭᠡ ᠪᠠᠨ 221 ᠳ᠋ᠦᠩᠰᠢᠭᠤᠷ ᠲᠥᠭᠦᠷᠢᠭ ᠤᠨ 28.9% ᠪᠠᠷ ᠪᠡᠶᠡᠯᠡᠭᠦᠯᠵᠡᠢ᠃ ᠡᠭᠦᠨ ᠳᠤ᠄ ᠤᠯᠤᠰ ᠤᠨ ᠳᠣᠲᠣᠭᠠᠳᠤ ᠶᠢᠨ ︵ᠣᠷᠣᠨ ᠤ ᠭᠠᠳᠠᠨᠠᠬᠢ︶ ᠲᠥᠷᠥᠯ ᠵᠦᠢᠯ 58 ᠪᠠᠶᠢᠵᠤ᠂ 35.9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ 23.8% ᠶᠢ ᠪᠡᠶᠡᠯᠡᠭᠦᠯᠪᠡ︔ ᠣᠷᠣᠨ ᠤ ᠳᠣᠲᠣᠷ᠎ᠠ ︵ᠬᠤᠲᠠ ᠶᠢᠨ ᠭᠠᠳᠠᠨ᠎ᠠ︶ ᠶᠢᠨ ᠲᠥᠷᠥᠯ ᠵᠦᠢᠯ 74 ᠪᠠᠶᠢᠵᠤ᠂ 28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ 39.8% ᠶᠢ ᠪᠡᠶᠡᠯᠡᠭᠦᠯᠪᠡ᠃      ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠦᠷᠢᠶ᠎ᠡ ᠠᠴᠠ ᠦᠵᠡᠪᠡᠯ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠳᠤ 43 ᠲᠥᠷᠥᠯ ᠵᠦᠢᠯ ᠢ ᠬᠡᠷᠡᠭᠵᠢᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ 15.4 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 24.1% ᠶᠢ ᠡᠵᠡᠯᠡᠪᠡ︔ᠠᠭᠤᠷᠬᠠᠢ ᠮᠠᠯᠲᠠᠬᠤ ᠦᠢᠯᠡᠰ ᠲᠤ 7 ᠵᠦᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ 3.3 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5.2% ᠢ ᠡᠵᠡᠯᠡᠪᠡ︔ ᠦᠢᠯᠡᠳᠬᠦ ᠦᠢᠯᠡᠰ ᠲᠤ 20 ᠵᠦᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ 12.3 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 19.2% ᠢ ᠡᠵᠡᠯᠡᠪᠡ︔ᠴᠠᠬᠢᠯᠭᠠᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠲᠥᠷᠥᠯ ᠵᠦᠢᠯ 28 ᠪᠠᠶᠢᠵᠤ᠂ 25.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 39.3% ᠶᠢ ᠡᠵᠡᠯᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠪᠠᠷᠢᠯᠭ᠎ᠠ ᠶᠢᠨ ᠦᠢᠯᠡᠰ ᠲᠤ 25 ᠲᠥᠷᠥᠯ ᠵᠦᠢᠯ ᠢ ᠬᠡᠷᠡᠭᠵᠢᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ 4 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 6.3% ᠶᠢ ᠡᠵᠡᠯᠡᠪᠡ︔ ᠪᠤᠰᠤᠳ ᠬᠡᠷᠡᠭᠵᠢᠭᠦᠯᠬᠦ ᠲᠥᠷᠥᠯ ᠵᠦᠢᠯ 9 ᠪᠠᠶᠢᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ 3.8 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5.9% ᠶᠢ ᠡᠵᠡᠯᠡᠪᠡ᠃      ᠪᠡᠯᠡ ᠣᠷᠣᠭᠤᠯᠤᠯᠲᠠ ᠶᠢᠨ ᠢᠷᠡᠯᠲᠡ ᠶᠢᠨ ᠭᠠᠵᠠᠷ ᠤᠨ ᠲᠠᠷᠬᠠᠯᠲᠠ ᠠᠴᠠ ᠦᠵᠡᠪᠡᠯ᠂ ᠣᠷᠣᠨ ᠤ ᠭᠠᠳᠠᠨ᠎ᠠ᠂ ᠮᠠᠨ ᠤ ᠬᠤᠲᠠ ᠭᠤᠣᠯᠳᠠᠭᠤ ᠪᠡᠭᠡᠵᠢᠩ᠂ ᠬᠤᠪᠧᠢ᠂ ᠲᠢᠶᠠᠨᠵᠢᠨ ᠵᠡᠷᠭᠡ ᠭᠠᠵᠠᠷ ᠤᠨ ᠪᠡᠯᠡ ᠣᠷᠣᠭᠤᠯᠤᠯᠲᠠ ᠶᠢ ᠣᠷᠣᠭᠤᠯᠤᠨ ᠠᠪᠴᠢᠷᠠᠨ᠎ᠠ︔ ᠣᠷᠣᠨ ᠤ ᠳᠣᠲᠣᠷ᠎ᠠ᠂ ᠭᠤᠣᠯᠳᠠᠭᠤ ᠬᠥᠬᠡᠬᠤᠲᠠ᠂ ᠪᠤᠭᠤᠲᠤ᠂ ᠣᠷᠳᠣᠰ ᠵᠡᠷᠭᠡ ᠭᠠᠵᠠᠷ ᠤᠨ ᠪᠡᠯᠡ ᠣᠷᠣᠭᠤᠯᠤᠯᠲᠠ ᠶᠢ ᠣᠷᠣᠭᠤᠯᠵᠤ ᠢᠷᠡᠨ᠎ᠡ᠃ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠭᠰᠠᠨ ᠪᠠᠶᠢᠳᠠᠯ ᠠᠴᠠ ᠦᠵᠡᠪᠡᠯ᠂ ᠤᠷᠠᠳ ᠤᠨ ᠬᠤᠶᠢᠲᠤ ᠬᠤᠰᠢᠭᠤᠨ ᠤ ᠪᠡᠯᠡ ᠮᠥᠩᠭᠦ 22.5 ᠳ᠋ᠦᠩᠰᠢᠭᠤᠷ ᠲᠥᠭᠦᠷᠢᠭ᠂ ᠤᠷᠠᠳ ᠤᠨ ᠡᠮᠦᠨᠡᠲᠦ ᠬᠤᠰᠢᠭᠤᠨ ᠤ ᠪᠡᠯᠡ ᠮᠥᠩᠭᠦ 11.9 ᠳ᠋ᠦᠩᠰᠢᠭᠤᠷ ᠲᠥᠭᠦᠷᠢᠭ᠂ ᠤᠷᠠᠳ ᠤᠨ ᠳᠤᠮᠳᠠᠳᠤ ᠬᠤᠰᠢᠭᠤᠨ ᠤ ᠪᠡᠯᠡ ᠮᠥᠩᠭᠦ 9.5 ᠳ᠋ᠦᠩᠰᠢᠭᠤᠷ ᠲᠥᠭᠦᠷᠢᠭ᠂ ᠯᠢᠨ ᠾᠧ ᠲᠣᠭᠤᠷᠢᠭ ᠤᠨ ᠪᠡᠯᠡ ᠮᠥᠩᠭᠦ 5.4 ᠳ᠋ᠦᠩᠰᠢᠭᠤᠷ ᠲᠥᠭᠦᠷᠢᠭ᠂ ᠳ᠋ᠧᠩᠺᠸᠤ ᠰᠢᠶᠠᠨ ᠤ ᠪᠡᠯᠡ ᠮᠥᠩᠭᠦ 5.3 ᠳ᠋ᠦᠩᠰᠢᠭᠤᠷ ᠲᠥᠭᠦᠷᠢᠭ᠂ ᠬᠠᠩᠭᠢᠨ ᠬᠤᠶᠢᠲᠤ ᠬᠤᠰᠢᠭᠤᠨ ᠤ ᠪᠡᠯᠡ ᠮᠥᠩᠭᠦ 4.6 ᠳ᠋ᠦᠩᠰᠢᠭᠤᠷ ᠲᠥᠭᠦᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠡᠯᠡ ᠮᠥᠩᠭᠦ 2.5 ᠳ᠋ᠦᠩᠰᠢᠭᠤᠷ ᠲᠥᠭᠦᠷᠢᠭ᠂ ᠦᠶᠤᠸᠠᠨ ᠰᠢᠶᠠᠨ ᠤ ᠪᠡᠯᠡ ᠮᠥᠩᠭᠦ 2.2 ᠳ᠋ᠦᠩᠰᠢᠭᠤᠷ ᠲᠥᠭᠦᠷᠢᠭ ᠪᠣᠯᠣᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ