ᠡᠨᠡ ᠵᠢᠯ ᠠᠴᠠ ᠨᠠᠰᠢ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠡᠷᠴᠢᠮ ᠲᠠᠢ ᠪᠠᠶᠢᠨ᠎ᠠ᠃ 1- 4 ᠰᠠᠷ᠎ᠠ ᠳᠤ᠂ | ᠪᠥᠬᠦ ᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 120.9% ᠪᠠᠷ ᠨᠡᠮᠡᠭᠳᠡᠵᠦ᠂ ᠪᠥᠬᠦ ᠬᠤᠲᠠ ᠶᠢᠨ | ᠪᠡᠯᠡ ᠣᠷᠣᠭᠤᠯᠤᠯᠲᠠ ᠠᠴᠠ 82.8 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ︵59.2%︶ ᠠᠴᠠ 61.7 | ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠣᠷᠣᠨ ᠤ ᠨᠢᠭᠡᠳᠦᠭᠡᠷ ᠲᠤ ᠣᠷᠣᠪᠠ᠃ | ᠣᠶᠢᠯᠠᠭᠠᠭᠰᠠᠨ ᠢᠶᠠᠷ᠂ 1- 4 ᠰᠠᠷ᠎ᠠ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠥᠬᠦ ᠬᠤᠲᠠ ᠶᠢᠨ ᠪᠡᠯᠡ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 73.1% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.4 ᠵᠠᠭᠤᠨ ᠤ ᠨᠢᠭᠡᠴᠢ ᠳᠡᠭᠡᠭᠰᠢᠯᠡᠵᠦ᠂ | ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 55.2 ᠵᠠᠭᠤᠨ ᠤ ᠨᠢᠭᠡᠴᠢ ᠳᠠᠶᠢᠴᠢᠯᠠᠪᠠ᠃ ᠠᠵᠤ ᠦᠢᠯᠡᠳᠪᠦᠷᠢ ᠶᠢᠨ ᠲᠦᠷᠦᠯ ᠵᠦᠢᠯ ᠠᠴᠠ | ᠦᠵᠡᠪᠡᠯ᠂ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠲᠤᠰ ᠲᠤᠰ 26.2%᠂ 30.6%᠂ 312.4% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ | ᠵᠢᠩ ᠨᠢ ᠲᠤᠰ ᠲᠤᠰ 11.1%᠂ 28.5% ᠪᠠ 60.4% ᠳᠤ ᠬᠦᠷᠴᠡᠢ᠃ | | | |