ᠮᠠᠨ ᠤ ᠬᠤᠲᠠ ᠪᠠᠷᠠᠭᠤᠨ ᠣᠷᠣᠨ ᠤ ᠴᠦᠯᠯᠡᠷᠬᠡᠭᠵᠢᠯ ᠢ ᠵᠠᠰᠠᠬᠤ ︵ᠨᠢᠭᠡᠳᠦᠭᠡᠷ ᠬᠤᠭᠤᠴᠠᠭ᠎ᠠ︶ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 2379 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2023/6/1
      ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠣᠶᠢᠷ᠎ᠠ ᠳᠤ᠂ ᠮᠠᠨ ᠤ ᠬᠤᠲᠠ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠬᠦ ᠲᠤᠰᠬᠠᠢ ᠲᠥᠷᠥᠯ ᠤᠨ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ︵ᠨᠢᠭᠡᠳᠦᠭᠡᠷ ᠬᠤᠭᠤᠴᠠᠭ᠎ᠠ︶ ᠶᠢᠨ ᠲᠥᠷᠥᠯ ᠵᠦᠢᠯ ᠤᠨ 2023 ᠣᠨ ᠳᠤ 2379 ᠲᠦᠮᠡᠨ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠶᠢ ᠣᠯᠬᠤ ᠪᠠᠷ ᠴᠢᠷᠮᠠᠶᠢᠵᠤ ᠪᠠᠶᠢᠨ᠎ᠠ᠃      ᠡᠭᠦᠨ ᠳᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ 2310 ᠲᠦᠮᠡᠨ ᠲᠥᠭᠦᠷᠢᠭ᠂ ᠣᠷᠣᠨ ᠨᠤᠲᠤᠭ ᠤᠨ ᠬᠢᠨ 69 ᠲᠦᠮᠡᠨ ᠲᠥᠭᠦᠷᠢᠭ ᠢ ᠢᠵᠢ ᠪᠦᠷᠢᠳᠦᠭᠦᠯᠵᠦ᠂ ᠳ᠋ᠧᠩᠺᠸᠤ ᠰᠢᠶᠠᠨ ᠤ ᠪᠠᠶᠢᠭᠠᠯᠢ ᠶᠢᠨ ᠣᠶ ᠶᠢᠨ ᠬᠠᠮᠠᠭᠠᠯᠠᠯᠲᠠ ᠪᠠ ᠣᠶᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠥᠷᠨᠢᠭᠦᠯᠬᠦ ᠳᠤ ᠬᠡᠷᠡᠭᠯᠡᠵᠦ᠂ ᠳᠤᠷᠤᠭ ᠮᠣᠳᠣᠨ ᠤ ᠣᠶ ᠶᠢ ᠬᠥᠮᠥᠨ ᠤ ᠬᠦᠴᠦ ᠪᠠᠷ 0.05 ᠲᠦᠮᠡᠨ ᠮᠦ ᠳᠠᠷᠢᠵᠤ᠂ ᠪᠣᠳᠠ ᠮᠣᠳᠣᠨ ᠤ ᠣᠶ ᠶᠢ 1.2 ᠲᠦᠮᠡᠨ ᠮᠦ ᠳᠠᠷᠢᠵᠤ᠂ ᠮᠠᠭᠤᠳᠠᠭᠰᠠᠨ ᠣᠶ ᠶᠢ 1.5 ᠲᠦᠮᠡᠨ ᠮᠦ ᠳᠠᠷᠢᠵᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠢᠨᠵᠧᠨᠧᠷᠢᠩ ᠢᠶᠠᠷ 1.2 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠬᠤ ᠪᠠᠷ ᠲᠥᠯᠥᠪᠯᠡᠵᠦ ᠪᠣᠶ᠃ᠲᠥᠷᠥᠯ ᠵᠦᠢᠯ ᠢ ᠬᠡᠷᠡᠭᠵᠢᠭᠦᠯᠬᠦ ᠨᠢ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠲᠤᠨ ᠭᠤᠣᠯ ᠵᠢᠴᠢ ᠤᠮᠠᠷᠠᠲᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠣᠯᠣᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ