ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠬᠤ ᠳᠤᠭᠤᠶᠢᠯᠠᠩ ᠮᠠᠨ ᠤ ᠬᠤᠲᠠ ᠶᠢᠨ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠩᠬ᠎ᠠ ᠠᠯᠬᠤᠮ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2023/6/1
      5  ᠰᠠᠷ᠎ᠠ ᠶᠢᠨ 26 ᠤ ᠡᠳᠦᠷ ᠠᠴᠠ 30 ᠤ ᠡᠳᠦᠷ ᠪᠣᠯᠲᠠᠯ᠎ᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠥᠪᠡᠷᠲᠡᠭᠡᠨ ᠵᠠᠰᠠᠬᠤ ᠣᠷᠣᠨ ᠤ ᠦᠨᠡᠯᠡᠨ ᠬᠢᠨᠠᠬᠤ ᠳᠤᠭᠤᠶᠢᠯᠠᠩ ᠯᠢᠨ ᠾᠧ ᠲᠣᠭᠤᠷᠢᠭ᠂ ᠬᠠᠩᠭᠢᠨ ᠬᠤᠶᠢᠲᠤ ᠬᠤᠰᠢᠭᠤ᠂ ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ᠂ ᠳ᠋ᠧᠩᠺᠸᠤ ᠰᠢᠶᠠᠨ᠂ ᠤᠷᠠᠳ ᠤᠨ ᠬᠤᠶᠢᠲᠤ ᠬᠤᠰᠢᠭᠤ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠵᠦ᠂ ᠮᠠᠨ ᠤ ᠬᠤᠲᠠ ᠶᠢᠨ ᠡᠭᠦᠳᠦᠨ ᠪᠠᠶᠢᠭᠤᠯᠬᠤ ᠠᠵᠢᠯ ᠳᠤ ᠠᠩᠬ᠎ᠠ ᠠᠯᠬᠤᠮ ᠤᠨ ᠪᠠᠶᠢᠴᠠᠭᠠᠯᠲᠠ ᠬᠢᠪᠡ᠃      ᠬᠢᠨᠠᠨ ᠲᠣᠭᠲᠠᠭᠠᠬᠤ ᠳᠤᠭᠤᠶᠢᠯᠠᠩ ᠢ 3 ᠳᠤᠭᠤᠶᠢᠯᠠᠩ ᠬᠤᠪᠢᠶᠠᠵᠤ᠂ ᠬᠦᠷᠦᠭᠰᠡᠨ ᠭᠠᠵᠠᠷ ᠪᠣᠯᠭᠠᠨ ᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢᠨ ᠲᠤᠬᠠᠢ ᠶᠢᠨ ᠲᠠᠯᠠᠪᠠᠶ ᠶᠢᠨ ᠬᠢᠨᠠᠨ ᠲᠣᠭᠲᠠᠭᠠᠬᠤ ᠬᠠᠮᠢᠶ᠎ᠠ ᠪᠦᠬᠦᠢ ᠪᠠᠷᠢᠮᠵᠢᠶ᠎ᠠ ᠶᠢᠨ ᠨᠠᠷᠢᠨ ᠳᠦᠷᠢᠮ ᠲᠠᠢ ᠴᠢᠩᠭ᠎ᠠ ᠬᠠᠷᠢᠴᠠᠭᠤᠯᠤᠨ ᠬᠢᠨᠠᠨ ᠲᠣᠭᠲᠠᠭᠠᠯᠲᠠ ᠬᠢᠵᠦ᠂ ᠮᠠᠲ᠋ᠧᠷᠢᠶᠠᠯ ᠢ ᠪᠠᠶᠢᠴᠠᠭᠠᠨ ᠰᠢᠯᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠲᠣᠭᠲᠠᠭᠠᠵᠤ ᠬᠤᠪᠢ ᠥᠭᠬᠦ ᠬᠦᠰᠦᠨᠦᠭᠲᠦ ᠲᠠᠢ ᠬᠠᠷᠢᠴᠠᠭᠤᠯᠤᠨ ᠵᠦᠢᠯ ᠳᠠᠷᠠᠭᠠᠯᠠᠨ ᠴᠢᠩᠭ᠎ᠠ ᠨᠢᠮᠪᠠᠢ ᠪᠠᠶᠢᠴᠠᠭᠠᠯᠲᠠ ᠪᠠ ᠬᠤᠪᠢ ᠲᠣᠭᠲᠠᠭᠠᠵᠤ᠂ ᠪᠠᠶᠢᠴᠠᠭᠠᠯᠲᠠ ᠶᠢᠨ ᠠᠭᠤᠯᠭ᠎ᠠ ᠳᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠵᠡᠷᠭᠡ ᠲᠠᠯ᠎ᠠ ᠶᠢ ᠪᠠᠭᠲᠠᠭᠠᠨ᠎ᠠ᠃ ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠦᠨᠡᠯᠡᠯᠲᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠢᠳᠡᠭᠡᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ᠂ ᠬᠡᠲᠦ ᠳᠡᠯᠭᠡᠭᠦᠷ᠂ ᠡᠯ᠎ᠡ ᠲᠥᠷᠥᠯ ᠤᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ᠂ ᠡᠮ ᠤᠨ ᠳᠡᠯᠭᠡᠭᠦᠷ ᠵᠡᠷᠭᠡ ᠶᠢ ᠬᠠᠮᠤᠷᠴᠠᠢ᠃      ᠬᠢᠨᠠᠨ ᠲᠣᠭᠲᠠᠭᠠᠬᠤ ᠳᠤᠭᠤᠶᠢᠯᠠᠩ ᠠᠴᠠ ᠮᠠᠨ ᠤ ᠬᠤᠲᠠ ᠶᠢᠨ ᠡᠭᠦᠳᠦᠨ ᠪᠠᠶᠢᠭᠤᠯᠬᠤ ᠠᠵᠢᠯ ᠢ ᠨᠤᠲᠠᠯᠠᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠢᠯ ᠳᠤ ᠵᠢᠯᠤᠭᠤᠳᠬᠤ ᠰᠠᠨᠠᠯ ᠪᠠ ᠪᠣᠳᠠᠲᠠᠢ ᠱᠠᠭᠠᠷᠳᠠᠯᠭ᠎ᠠ ᠳᠤᠷᠠᠳᠤᠨ᠎ᠠ᠃ ᠮᠠᠨ ᠤ ᠬᠤᠲᠠ ᠲᠣᠰ ᠤᠳᠠᠭᠠᠨ ᠤ ᠠᠩᠬᠠᠨ ᠤ ᠦᠨᠡᠯᠡᠯᠲᠡ ᠪᠠᠷ ᠠᠵᠠ ᠲᠣᠬᠢᠶᠠᠯ ᠪᠣᠯᠭᠠᠵᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠦᠨᠡᠯᠡᠨ ᠵᠢᠱᠢᠭᠰᠡᠨ ᠦᠷ᠎ᠡ ᠳ᠋ᠦᠩ ᠢ ᠬᠤᠪᠢᠷᠠᠭᠤᠯᠤᠨ ᠬᠡᠷᠡᠭᠯᠡᠬᠦ ᠶᠢ ᠰᠠᠶᠢᠲᠤᠷ ᠠᠳᠬᠤᠵᠤ᠂ ᠰᠠᠭᠤᠷᠢ ᠪᠠᠨ ᠲᠠᠰᠤᠷᠠᠯᠲᠠ ᠦᠭᠡᠢ ᠪᠠᠲᠤᠳᠬᠠᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ