5 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ 2023 ᠣᠨ ᠤ ᠬᠤᠶᠠᠳᠤᠭᠠᠷ ᠬᠤᠭᠤᠴᠠᠭᠠᠨ ᠤ ᠪᠠᠶᠢᠳᠠᠯ ᠲᠥᠷᠥ ᠶᠢᠨ ᠪᠣᠳᠣᠯᠭ᠎ᠠ ᠶᠢᠨ | ᠮᠡᠳᠡᠭᠦᠯᠦᠯᠲᠡ ᠶᠢᠨ ᠬᠤᠷᠠᠯ ᠬᠢᠪᠡ᠃ ᠬᠤᠷᠠᠯ ᠨᠢ ᠸᠢᠳᠢᠤ᠋ ᠶᠢᠨ ᠬᠡᠯᠪᠡᠷᠢ ᠪᠠᠷ ᠡᠯ᠎ᠡ ᠠᠶᠢᠮᠠᠭ ᠬᠤᠳᠠ ᠳᠤ ᠶᠠᠪᠤᠭᠳᠠᠵᠤ᠂ ᠮᠠᠨ ᠤ ᠬᠤᠳᠠ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠠᠨᠨᠠᠭᠤᠷ ᠤᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠥᠩ ᠮᠢᠩ ᠵᠦ ᠥᠪᠡᠷᠲᠡᠭᠡᠨ | ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠰᠠᠭᠤᠷᠢ ᠪᠠ ᠬᠠᠷᠠᠯᠲᠠ᠂ ᠨᠥᠬᠦᠴᠡᠯ ᠪᠠ ᠠᠰᠠᠭᠤᠳᠠᠯ᠂ ᠰᠡᠳᠬᠢᠴᠡ ᠪᠠ ᠭᠤᠣᠯᠳᠠᠯᠭ᠎ᠠ ᠵᠡᠷᠭᠡ ᠲᠠᠯ᠎ᠠ ᠠᠴᠠ ᠭᠠᠷᠳᠠᠵᠤ᠂ ᠬᠤᠷᠠᠯ ᠳᠤ | ᠣᠷᠣᠯᠴᠠᠭᠰᠠᠳ ᠲᠤ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠢᠯᠡᠳᠬᠡᠯ ᠤᠨ ᠠᠭᠤᠯᠭ᠎ᠠ ᠪᠠᠶᠠᠯᠢᠭ᠂ ᠡᠰᠢ ᠪᠠᠷᠢᠮᠲᠠ ᠣᠯᠠᠨ᠂ ᠭᠦᠨᠵᠡᠭᠡᠢ ᠪᠥᠭᠡᠳ | ᠣᠶᠢᠯᠠᠭᠠᠮᠵᠢᠲᠠᠢ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠴᠢᠨᠠᠷ ᠪᠠ ᠬᠦᠴᠦᠯᠡᠬᠦ ᠴᠡᠭ ᠢ ᠣᠯᠠᠨ | ᠲᠠᠯ᠎ᠠ᠂ ᠣᠯᠠᠨ ᠲᠠᠯ᠎ᠠ᠂ ᠣᠯᠠᠨ ᠲᠠᠯ᠎ᠠ ᠠᠴᠠ ᠲᠣᠳᠣᠷᠬᠠᠶᠢᠯᠠᠨ ᠥᠭᠦᠯᠡᠵᠦ᠂ ᠮᠠᠨ ᠤ ᠬᠤᠲᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠵᠤ᠂ ︽ᠳᠥᠷᠪᠡᠨ ᠲᠣᠭᠤᠷᠢᠭ︾ ︽ᠬᠤᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ︾ ᠢ ᠪᠦᠲᠦᠭᠡᠨ ᠪᠠᠶᠢᠭᠤᠯᠬᠤ ᠬᠠᠷᠠᠯᠲᠠ ᠶᠢᠨ | ᠪᠠᠶᠢᠷᠢ ᠲᠣᠭᠲᠠᠭᠠᠯᠲᠠ ᠶᠢ ᠲᠣᠭᠲᠠᠭᠠᠨ᠂ ︽ᠲᠠᠪᠤᠨ ᠶᠡᠭᠡ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ | | | |