5 ᠰᠠᠷ᠎ᠠ ᠶᠢᠨ 30 ᠤ ᠡᠳᠦᠷ᠂ ᠪᠥᠬᠦ ᠬᠤᠲᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠤᠰᠬᠠᠢ | ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢᠨ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠰᠣᠨᠣᠰᠴᠤ᠂ ᠣᠷᠣᠰᠢᠵᠤ | ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠬᠦᠴᠦᠲᠡᠢ ᠪᠥᠭᠡᠳ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠠᠪᠴᠤ᠂ ᠲᠤᠰᠬᠠᠢ ᠠᠵᠢᠯᠯᠠᠭ᠎ᠠ ᠶᠢᠨ ᠠᠯᠢ ᠲᠦᠷᠭᠡᠨ ᠢᠶᠠᠷ ᠪᠣᠳᠠᠲᠤ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠲᠦᠷᠭᠡᠨ ᠠᠵᠢᠯᠯᠠᠬᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ ᠪᠠᠶᠢᠬᠤ ᠶᠢ ᠴᠢᠩᠭ᠎ᠠ ᠠᠳᠬᠤᠵᠤ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠢᠭᠰᠠᠭᠠᠨ ᠪᠠᠶᠢᠴᠠᠭᠠᠵᠤ᠂ ᠶᠡᠭᠡ ᠪᠠᠷ ᠴᠡᠪᠡᠷᠯᠡᠬᠦ᠂ ᠶᠡᠭᠡ ᠪᠠᠷ ᠴᠡᠭᠴᠡᠯᠡᠨ ᠵᠠᠰᠠᠬᠤ ᠶᠢ ᠱᠠᠯᠠᠪᠳᠠᠨ | ᠠᠬᠢᠭᠤᠯᠬᠤ ᠬᠡᠷᠡᠭᠲᠡᠢ᠃ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠡᠯ᠎ᠡ ᠰᠠᠯᠠᠭ᠎ᠠ ᠮᠥᠴᠢᠷ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠨᠢᠭᠲᠠ ᠬᠠᠮᠵᠢᠯᠴᠠᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠠᠯᠠᠢ ᠣᠷᠣᠨ ᠦᠯᠡᠳᠡᠭᠡᠬᠦ ᠦᠭᠡᠢ | ᠪᠠᠶᠢᠬᠤ ᠬᠡᠷᠡᠭᠲᠡᠢ᠃ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ | ᠬᠠᠷᠢᠭᠤᠴᠠᠯᠭ᠎ᠠ ᠶᠢ ᠦᠨᠡᠨ ᠬᠦ ︽ᠰᠡᠵᠢᠭᠦᠷ ᠮᠡᠳᠡᠷᠡᠯ︾ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠠᠰᠠᠭᠤᠳᠠᠯ ᠤᠨ ᠠᠷᠤ ᠳᠠᠬᠢ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠢ ᠡᠷᠢᠵᠦ᠂ ᠴᠢᠩᠭ᠎ᠠ ᠬᠦᠴᠦᠲᠡᠢ ᠬᠠᠷᠢᠭᠤᠴᠠᠯᠭ᠎ᠠ ᠨᠡᠬᠡᠮᠵᠢᠯᠡᠬᠦ ᠪᠠᠷ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠬᠦ ᠰᠢᠬᠠᠮᠳᠠᠭᠤᠯᠬᠤ ᠬᠡᠷᠡᠭᠲᠡᠢ᠃ | | | |