ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 30 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭᠠᠨ ᠤ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠾᠧᠪᠧᠢ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠰᠢ ᠶᠢᠨ ᠫᠢᠩ ᠲᠢᠶᠠᠨᠵᠢᠨ ᠾᠧᠪᠧᠢ  ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠬᠢᠯᠡᠨ ᠬᠤᠷᠠᠯᠳᠤᠭᠤᠯᠪᠠ︔ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠳᠦᠷᠢᠮ︾᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠶᠢ ᠰᠤᠷᠤᠯᠴᠠᠪᠠ᠃      ᠬᠤᠷᠠᠯ ᠠᠴᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠵᠥᠪᠯᠡᠬᠦ ᠲᠥᠯᠥᠪᠯᠡᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠶᠢ ᠪᠣᠳᠠᠲᠠᠢ ᠠᠳᠬᠤᠵᠤ᠂ ᠵᠥᠪᠯᠡᠬᠦ ᠰᠡᠳᠦᠪ ᠨᠢᠭᠡᠪᠦᠷᠢ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠵᠦ᠂ ᠠᠷᠭᠠᠴᠠᠬᠤ ᠪᠣᠳᠣᠯᠭ᠎ᠠ ᠶᠢ ᠪᠣᠳᠠᠲᠠᠢ ᠳᠤᠷᠠᠳᠴᠤ᠂ ᠠᠷᠠᠳ ᠤᠨ ᠲᠥᠯᠥᠭᠡ ᠵᠥᠪᠯᠡᠬᠦ᠂ ᠠᠷᠠᠳ ᠤᠨ ᠲᠥᠯᠥᠭᠡ ᠵᠥᠪᠯᠡᠬᠦ ᠶᠢ ᠪᠡᠶᠡᠯᠡᠭᠦᠯᠵᠦ᠂ ᠴᠢᠨᠠᠷ ᠰᠠᠶᠢᠲᠠᠢ ᠵᠥᠪᠯᠡᠬᠦ ᠦᠷ᠎ᠡ ᠪᠦᠲᠦᠭᠡᠯ ᠢᠶᠠᠷ ᠪᠦᠬᠦ ᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ