ᠡᠨᠡ ᠵᠢᠯ ᠤᠨ 5 ᠰᠠᠷ᠎ᠠ ᠶᠢᠨ 19 ᠤ ᠡᠳᠦᠷ ᠪᠣᠯ ︽ᠰᠠᠶᠢᠨ ᠰᠠᠶᠢᠬᠠᠨ ᠳᠤᠮᠳᠠᠳᠤ ᠤᠯᠤᠰ᠂ ᠵᠣᠯ ᠵᠢᠷᠭᠠᠯᠲᠤ ᠠᠶᠠᠯᠠᠯ︾ ᠢᠶᠠᠷ ᠭᠤᠣᠯ ᠰᠡᠳᠦᠪ ᠪᠣᠯᠭᠠᠭᠰᠠᠨ | 13 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠣᠨ᠎ᠠ᠃ 5 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ ᠣᠯᠠᠨ ᠭᠠᠵᠠᠷ ᠤᠨ ᠬᠢᠨ | ᠡᠯᠪᠡᠭ ᠪᠠᠶᠠᠯᠢᠭ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ | ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠮᠠᠨ ᠤ ᠬᠤᠲᠠ ᠨᠡᠶᠢᠲᠡ 118.4 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 41.4% ᠪᠠᠷ ᠨᠡᠮᠡᠭᠳᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠵᠤᠭᠠᠴᠠᠭᠰᠠᠳ ᠤᠨ ᠣᠯᠠᠨ | ᠶᠠᠩᠵᠤ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠵᠤᠭᠠᠴᠠᠭᠰᠠᠳ ᠲᠤ ᠵᠣᠯ ᠵᠢᠷᠭᠠᠯᠲᠤ ᠠᠶᠠᠨ ᠵᠠᠮ ᠢ ᠡᠳ᠋ᠯᠡᠭᠦᠯᠵᠦ᠂ ᠬᠤᠶᠠᠳᠤᠭᠠᠷ ᠤᠯᠠᠷᠢᠯ ᠳᠤ | ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 130 ᠲᠦᠮᠡᠨ ᠬᠥᠮᠥᠨ ᠤᠳᠠᠭ᠎ᠠ ᠠᠴᠠ ᠳᠡᠭᠡᠭᠰᠢ ᠭᠥᠯᠢᠶᠡᠨ ᠠᠪᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠤᠤ ᠶᠢᠨ ᠭᠤᠣᠯ ᠮᠣᠩᠭᠤᠯ ᠬᠤᠭᠤᠯᠠᠨ ᠭᠡᠷ ᠤᠨ ︽ᠰᠤᠪᠤᠳ︾ ᠰᠢᠷᠠᠮᠠᠯ ᠤᠨ ᠳᠠᠭᠤᠤ ᠬᠥᠭᠵᠢᠮ ᠤᠨ ᠨᠠᠶᠢᠷ ᠡᠬᠢᠯᠡᠪᠡ | 5 ᠰᠠᠷ᠎ᠠ ᠶᠢᠨ 20 ᠤ ᠡᠳᠦᠷ᠂ ︽ᠲᠠᠯ᠎ᠠ ᠨᠤᠲᠤᠭ ᠲᠤ ᠪᠣᠯᠵᠤ · ᠪᠤᠶᠠᠨ ᠬᠡᠰᠢᠭ ᠬᠤᠶᠢᠲᠤ ᠬᠤᠰᠢᠭᠤ ᠶᠢ ᠢᠪᠡᠭᠡᠨᠡᠮ︾ ᠤᠷᠠᠳ ᠤᠨ ᠬᠤᠶᠢᠲᠤ | ᠬᠤᠰᠢᠭᠤᠨ ᠤ ᠠᠩᠬᠠᠳᠤᠭᠠᠷ ᠬᠤᠭᠤᠴᠠᠭᠠᠨ ᠤ ᠤᠤ ᠶᠢᠨ ᠭᠤᠣᠯ ᠮᠣᠩᠭᠤᠯ ᠬᠤᠭᠤᠯᠠᠨ ᠭᠡᠷ ᠤᠨ ︽ᠰᠤᠪᠤᠳ︾ ᠰᠢᠷᠠᠮᠠᠯ ᠤᠨ ᠳᠠᠭᠤᠤ ᠬᠥᠭᠵᠢᠮ ᠤᠨ ᠨᠠᠶᠢᠷ | ᠳ᠋ᠦᠩᠰᠢᠭᠤᠷ ᠤᠨ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠮᠦᠨ᠎ᠡ ᠲᠠᠯᠠᠪᠠᠶ ᠳᠤ ᠡᠬᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠤᠷᠠᠳ ᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠨᠠᠷᠠᠲᠤ ᠲᠡᠮᠳᠡᠭ ︽ ᠤᠤ ᠶᠢᠨ ᠭᠤᠣᠯ ᠮᠣᠩᠭᠤᠯ | ᠬᠤᠭᠤᠯᠠ︾ ᠶᠢ ᠲᠠᠨᠢᠯᠴᠠᠭᠤᠯᠵᠤ᠂ ᠤᠷᠠᠳ ᠤᠨ ᠬᠤᠶᠢᠲᠤ ᠬᠤᠰᠢᠭᠤᠨ ᠤ ᠵᠠᠭᠤᠨ ᠵᠢᠯ ᠤᠨ ᠲᠠᠯ᠎ᠠ ᠨᠤᠲᠤᠭ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠵᠢᠴᠢ ᠤᠷᠠᠳ ᠤᠨ ᠬᠤᠶᠢᠲᠤ ᠬᠤᠰᠢᠭᠤᠨ ᠤ ᠬᠠᠴᠢᠨ ᠴᠢᠯᠠᠭᠤᠨ ᠤ ᠨᠡᠶᠢᠭᠡᠮᠯᠢᠭ ᠲᠤ 194.55 ᠲᠦᠮᠡᠨ ᠲᠥᠭᠦᠷᠢᠭ ᠤᠨ ᠵᠢᠭᠤᠯᠴᠢᠯᠠᠯ ᠤᠨ ᠱᠠᠩᠨᠠᠯ ᠤᠨ | ᠮᠥᠩᠭᠦ ᠣᠯᠭᠤᠪᠠ᠃ ᠳᠣᠭᠳᠣᠯᠤᠮ᠎ᠠ ᠰᠡᠳᠬᠢᠯᠭᠡ ᠲᠠᠢ ᠷᠣᠺ ᠬᠥᠭᠵᠢᠮ ᠤᠨ ᠳᠠᠭᠠᠤ ᠳᠤ᠂ ᠵᠤᠭᠠᠴᠠᠭᠰᠠᠳ ᠲᠣᠭᠯᠠᠯᠲᠠ ᠦᠵᠡᠵᠦ᠂ ᠠᠮᠲᠠᠲᠤ ᠢᠳᠡᠭᠡᠨ ᠠᠮᠲᠠᠯᠠᠵᠤ᠂ | ᠦᠵᠡᠰᠬᠦᠯᠡᠩ ᠢᠶᠠᠷ ᠲᠣᠭᠤᠷᠢᠵᠤ᠂ ᠳᠠᠭᠤᠤ ᠬᠥᠭᠵᠢᠮ ᠤᠨ ᠦᠳᠡᠰᠢᠯᠡᠭᠡ ᠨᠢ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠢ ᠤᠷᠬᠢᠯ ᠳᠤᠨᠢ ᠬᠦᠷᠭᠡᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠲᠠ ᠶᠢᠨ ︽ᠲᠠᠯ᠎ᠠ ᠨᠤᠲᠤᠭ ᠲᠤ ᠪᠣᠯᠵᠣᠶ᠎ᠠ · ᠪᠣᠷᠣᠳᠣᠬᠤᠢ ᠪᠠᠷ ᠲᠣᠭᠤᠷᠢᠶ᠎ᠠ︾ | ᠭᠡᠬᠦ ᠰᠢᠷᠢᠰ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢᠨ ᠨᠢᠭᠡ | ᠪᠣᠯᠣᠨ᠎ᠠ᠃ ᠡᠭᠦᠨ ᠤ ᠵᠣᠷᠢᠯᠭ᠎ᠠ ᠨᠢ ᠣᠯᠠᠨ ᠲᠦᠮᠡᠨ ᠤ ᠵᠢᠭᠤᠯᠴᠢᠯᠠᠯ ᠤᠨ ᠬᠠᠯᠠᠭᠤᠨ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠵᠦ᠂ ᠵᠢᠭᠤᠯᠴᠢᠯᠠᠯ ᠤᠨ | ᠦᠢᠯᠡᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠠᠬᠢᠭᠤᠯᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠪᠠᠷ ᠬᠢ | ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠤᠯᠴᠢᠯᠠᠯ ᠢ ᠠᠩᠬᠠᠷᠬᠤ᠂ ᠵᠢᠭᠤᠯᠴᠢᠯᠠᠯ ᠳᠤ ᠣᠷᠣᠯᠴᠠᠬᠤ᠂ ᠵᠢᠭᠤᠯᠴᠢᠯᠠᠯ ᠤᠨ ᠬᠥᠭᠵᠢᠯᠲᠡ ᠶᠢ ᠳᠡᠮᠵᠢᠬᠦ | ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠡᠩᠬᠡ ᠠᠮᠤᠭᠤᠯᠠᠩ ᠵᠢᠭᠤᠯᠴᠢᠯᠠᠯ ᠤᠨ ᠰᠢᠨ᠎ᠡ ᠬᠤᠶᠢᠲᠤ ᠬᠤᠰᠢᠭᠤ ᠶᠢ ᠳᠠᠬᠢᠨ ᠪᠠᠶᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠭᠡᠷ ᠪᠦᠯᠢ ᠶᠢᠨ ᠰᠣᠨᠢᠷᠬᠠᠯ ᠤᠨ ᠤᠷᠤᠯᠳᠤᠭᠠᠨ᠂ ᠲᠦᠳᠡᠭ | ᠭᠠᠯ ᠤᠨ ᠦᠳᠡᠰᠢᠯᠡᠭᠡ᠂ ᠵᠢᠭᠤᠯᠴᠢᠯᠠᠯ ᠤᠨ ᠲᠠᠸᠠᠷ ᠤᠨ ᠳᠡᠯᠭᠡᠨ ᠪᠣᠷᠣᠯᠠᠭᠤᠯᠤᠯᠲᠠ ᠵᠡᠷᠭᠡ ᠠᠯᠢ ᠣᠯᠠᠨ ᠠᠵᠢᠯᠯᠠᠭ᠎ᠠ ᠨᠤᠭᠤᠳ ᠪᠣᠶ᠃ | |