ᠡᠨᠡ ᠵᠢᠯ ᠤᠨ 5 ᠰᠠᠷ᠎ᠠ ᠶᠢᠨ 19 ᠤ ᠡᠳᠦᠷ ᠪᠣᠯ ︽ᠰᠠᠶᠢᠨ ᠰᠠᠶᠢᠬᠠᠨ ᠳᠤᠮᠳᠠᠳᠤ ᠤᠯᠤᠰ᠂ ᠵᠣᠯ ᠵᠢᠷᠭᠠᠯᠲᠤ ᠠᠶᠠᠯᠠᠯ︾ ᠢᠶᠠᠷ ᠭᠤᠣᠯ ᠰᠡᠳᠦᠪ ᠪᠣᠯᠭᠠᠭᠰᠠᠨ | 13 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠣᠨ᠎ᠠ᠃ 5 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ ᠣᠯᠠᠨ ᠭᠠᠵᠠᠷ ᠤᠨ ᠬᠢᠨ | ᠡᠯᠪᠡᠭ ᠪᠠᠶᠠᠯᠢᠭ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ | ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠮᠠᠨ ᠤ ᠬᠤᠲᠠ ᠨᠡᠶᠢᠲᠡ 118.4 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 41.4% ᠪᠠᠷ ᠨᠡᠮᠡᠭᠳᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠵᠤᠭᠠᠴᠠᠭᠰᠠᠳ ᠤᠨ ᠣᠯᠠᠨ | ᠶᠠᠩᠵᠤ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠵᠤᠭᠠᠴᠠᠭᠰᠠᠳ ᠲᠤ ᠵᠣᠯ ᠵᠢᠷᠭᠠᠯᠲᠤ ᠠᠶᠠᠨ ᠵᠠᠮ ᠢ ᠡᠳ᠋ᠯᠡᠭᠦᠯᠵᠦ᠂ ᠬᠤᠶᠠᠳᠤᠭᠠᠷ ᠤᠯᠠᠷᠢᠯ ᠳᠤ | ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 130 ᠲᠦᠮᠡᠨ ᠬᠥᠮᠥᠨ ᠤᠳᠠᠭ᠎ᠠ ᠠᠴᠠ ᠳᠡᠭᠡᠭᠰᠢ ᠭᠥᠯᠢᠶᠡᠨ ᠠᠪᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠦᠶᠤᠸᠠᠨ ᠤ ᠭᠤᠳᠤᠮᠵᠢ ᠶᠢᠨ ᠲᠥᠷᠥᠭᠳᠡᠯ | 5 ᠰᠠᠷ᠎ᠠ ᠶᠢᠨ 20 ᠤ ᠡᠳᠦᠷ᠂ 2023 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠦᠶᠤᠸᠠᠨ ᠰᠢᠶᠠᠨ ᠤ ᠭᠤᠣᠯ ᠰᠡᠳᠦᠪᠲᠦ | ᠠᠵᠢᠯᠯᠠᠭ᠎ᠠ ᠵᠢᠴᠢ ᠦᠶᠤᠸᠠᠨ ᠤ ᠭᠤᠳᠤᠮᠵᠢ ᠶᠢᠨ ᠲᠥᠷᠥᠭᠳᠡᠯ ᠫᠠᠶᠢᠰᠠ ᠰᠡᠬᠦᠬᠦ ᠶᠣᠰᠣᠯᠠᠯ ᠦᠶᠤᠸᠠᠨ ᠤ ᠭᠤᠳᠤᠮᠵᠢ ᠶᠢᠨ ᠲᠥᠷᠥᠭᠳᠡᠯ ᠳᠤ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠲᠠᠯ᠎ᠠ ᠨᠤᠲᠤᠭ ᠲᠤ ᠪᠣᠯᠵᠣᠵᠤ · ᠬᠠᠨ ᠲᠠᠩ ᠤᠨ ᠤᠷᠤᠰᠬᠠᠯ ᠬᠥᠭ · ᠡᠷᠲᠡᠨ ᠤ ᠭᠤᠳᠤᠮᠵᠢ ᠶᠢᠨ ᠰᠢᠨ᠎ᠡ | ᠠᠮᠢᠵᠢᠷᠠᠯ ︾ ᠢᠶᠠᠷ ᠭᠤᠣᠯ ᠰᠡᠳᠦᠪ ᠪᠣᠯᠭᠠᠭᠰᠠᠨ ᠪᠠᠶᠢᠨ᠎ᠠ᠃ ᠶᠣᠰᠣᠯᠠᠯ ᠳᠡᠭᠡᠷ᠎ᠡ᠂ ᠦᠶᠤᠸᠠᠨ ᠤ ᠭᠤᠳᠤᠮᠵᠢ ᠶᠢᠨ ᠲᠥᠷᠥᠭᠳᠡᠯ ᠫᠠᠶᠢᠰᠠ ᠰᠡᠬᠦᠬᠦ ᠶᠣᠰᠣᠯᠠᠯ | ᠶᠠᠪᠤᠭᠤᠯᠵᠤ᠂ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠲᠤ ᠠᠵᠢᠯ ᠡᠬᠢᠯᠡᠬᠦ ᠠᠰᠠᠷᠠᠮᠵᠢ ︵1000 ᠬᠤᠪᠢ ᠪᠤᠶᠠᠨ ᠤ ᠤᠭᠤᠲᠠ︶ ᠬᠤᠪᠢᠶᠠᠨ ᠥᠭᠴᠡᠢ᠃ | ᠬᠢᠲᠠᠳ ᠬᠤᠪᠴᠠᠰᠤᠨ ᠤ ᠦᠵᠡᠭᠦᠯᠦᠯᠭᠡ᠂ ᠤᠯᠠᠭᠠᠨᠮᠥ᠋ᠴᠢᠷ ᠤᠨ ᠲᠣᠭᠯᠠᠯᠲᠠ ᠁ ᠡᠯᠪᠡᠭ ᠪᠠᠶᠠᠯᠢᠭ ᠲᠠᠩᠰᠤᠭ ᠰᠠᠶᠢᠬᠠᠨ ᠠᠵᠢᠯᠯᠠᠭ᠎ᠠ ᠨᠢ ᠵᠤᠭᠠᠴᠠᠭᠰᠠᠳ | ᠲᠤ ︽ᠭᠤᠶᠤ ᠰᠠᠶᠢᠬᠠᠨ︾ ︽ᠪᠠᠭ᠋ᠠᠲᠠᠢ︾ ᠲᠥᠷᠥᠭᠳᠡᠯ ᠥᠭᠭᠦᠪᠡ᠃ ᠪᠣᠷᠣᠲᠣᠬᠤᠢ ᠶᠢᠨ ᠵᠢᠵᠢᠭ ᠠᠭᠤᠳᠠᠮ ᠲᠠᠯᠠᠪᠠᠢ ᠳᠤ᠂ 2.2 ᠮᠧᠲᠷ ᠤᠨ ᠬᠡᠳᠦ ᠲᠣᠮᠣ | ᠲᠡᠮᠦᠷ ᠲᠣᠭᠤᠭ᠎ᠠ ᠲᠠᠯᠪᠢᠵᠤ᠂ ᠰᠢᠷ᠎ᠠ ᠱᠠᠪᠲᠠᠯ᠎ᠠ ᠪᠠᠷ ᠬᠠᠲᠤᠨ ᠭᠤᠣᠯ ᠤᠨ ᠵᠢᠭᠠᠰᠤ ᠶᠢ ᠴᠢᠨᠠᠭᠰᠠᠨ ᠠᠩᠬᠢᠯᠤᠮ᠎ᠠ ᠦᠨᠦᠷ ᠨᠢ ᠵᠤᠭᠠᠴᠠᠭᠰᠠᠳ ᠤᠨ ᠰᠢᠯᠦᠰᠦ ᠶᠢ | ᠭᠤᠭᠤᠵᠢᠭᠤᠯᠵᠤ᠂ ᠤᠯᠠᠨ ᠢᠶᠠᠷ ᠢᠶᠠᠨ ᠬᠠᠯᠠᠭᠤᠨ ᠠᠭᠤᠷ ᠪᠠᠭᠠᠭᠢᠭᠰᠠᠨ ᠲᠡᠮᠦᠷ ᠲᠣᠭᠤᠭ᠎ᠠ ᠶᠢᠨ ᠡᠮᠦᠨ᠎ᠡ ᠬᠦᠷᠢᠶᠡᠯᠡᠵᠦ᠂ ᠶᠡᠭᠡ ᠲᠣᠭᠤᠭᠠᠴᠢ ᠶᠢᠨ ᠨᠠᠷᠢᠨ ᠨᠢᠮᠪᠠᠢ | ᠬᠢᠭᠰᠡᠨ ︽ᠵᠢᠭᠠᠰᠤᠨ ᠳᠠᠶᠢᠯᠠᠯᠭ᠎ᠠ︾ ᠶᠢ ᠠᠮᠲᠠᠯᠠᠬᠤ ᠪᠠᠷ ᠪᠠᠶᠠᠷ ᠬᠦᠷ ᠲᠠᠢ ᠪᠠᠷ ᠬᠦᠯᠢᠶᠡᠵᠡᠭᠡᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠲᠠ ᠶᠢᠨ ︽ᠲᠠᠯ᠎ᠠ ᠨᠤᠲᠤᠭ ᠲᠤ ᠪᠣᠯᠵᠣᠵᠤ · ᠪᠣᠷᠣᠳᠣᠬᠤᠢ ᠪᠠᠷ ᠲᠣᠭᠤᠷᠢᠶ᠎ᠠ︾ | ᠭᠡᠬᠦ ᠰᠢᠷᠢᠰ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢᠨ ᠨᠢᠭᠡ | ᠪᠠᠶᠢᠵᠤ᠂ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠶᠤᠸᠠᠨ ᠰᠢᠶᠠᠨ ᠤ ᠣᠯᠠᠨ ᠨᠡᠶᠢᠲᠡ ᠶᠢᠨ ᠵᠢᠭᠤᠯᠴᠢᠯᠠᠯ ᠤᠨ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠳᠠᠭᠠᠭᠤᠯᠤᠭᠴᠢ ᠬᠤᠨᠢᠨ ᠤ ᠰᠢᠷᠠᠮᠠᠯ ᠤᠨ | ᠪᠠᠶᠠᠷ ᠂ ︽ᠡᠵᠡᠨ ᠵᠣᠴᠢᠨ ᠬᠠᠮᠲᠤᠪᠠᠷ ᠡᠳ᠋ᠯᠡᠬᠦ · ᠪᠢᠷ ᠪᠡᠬᠡᠰ ᠤᠨ ᠠᠩᠬᠢᠯᠤᠮ᠎ᠠ ᠦᠨᠦᠷ ᠤᠷᠠᠨ ᠪᠢᠴᠢᠯᠭᠡ ᠶᠢᠨ ᠪᠢᠷ ᠤᠨ ᠴᠤᠭᠯᠠᠭᠠᠨ︾᠂ ᠬᠤᠶᠠᠳᠤᠭᠠᠷ | ᠬᠤᠭᠤᠴᠠᠭᠠᠨ ᠤ ᠡᠪᠡᠰᠦ ᠴᠡᠴᠡᠭ ᠵᠤᠯᠵᠠᠭ᠎ᠠ ᠮᠣᠳᠣᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ᠂ ᠳ᠋ᠧᠩ ᠤᠨ ᠭᠡᠷᠡᠯ ᠤᠨ ᠦᠵᠡᠰᠬᠦᠯᠡᠩ ᠵᠢᠴᠢ ᠲᠠᠷᠢᠶᠠᠯᠠᠩ ᠤᠨ | ᠬᠡᠭᠡᠷ᠎ᠡ ᠪᠠᠭᠤᠳᠠᠯᠯᠠᠬᠤ · ᠮᠢᠨ ᠹᠦ᠋ ᠶᠢᠨ ᠬᠤᠷᠢᠮ ᠤᠨ ᠤᠯᠠᠷᠢᠯ ᠵᠡᠷᠭᠡ ᠠᠯᠢ ᠤᠯᠠᠨ ᠠᠵᠢᠯᠯᠠᠭ᠎ᠠ ᠨᠢ ᠵᠤᠭᠠᠴᠠᠭᠰᠠᠳ ᠲᠤ ᠡᠷᠲᠡᠨ ᠤ ᠵᠢᠶᠦ᠋ᠨ ᠦᠶᠤᠸᠠᠨ ᠤ ᠷᠢᠳᠢ | ᠰᠢᠳᠢ ᠶᠢ ᠭᠦᠢᠴᠡᠳ ᠮᠡᠳᠡᠷᠡᠭᠦᠯᠵᠡᠢ᠃ |