ᠮᠠᠨ ᠤ ᠬᠤᠲᠠ ᠶᠢᠨ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠯᠪᠡᠭ ᠪᠠᠶᠠᠯᠢᠭ ᠪᠠᠶᠢᠨ᠎ᠠ ︵ᠭᠤᠷᠪᠠ︶
ᠨᠡᠶᠢᠲᠡᠯᠡᠭᠰᠡᠨ ᠴᠠᠭ᠄
2023/6/1
      ᠡᠨᠡ ᠵᠢᠯ ᠤᠨ 5 ᠰᠠᠷ᠎ᠠ ᠶᠢᠨ 19 ᠤ ᠡᠳᠦᠷ ᠪᠣᠯ ︽ᠰᠠᠶᠢᠨ ᠰᠠᠶᠢᠬᠠᠨ ᠳᠤᠮᠳᠠᠳᠤ ᠤᠯᠤᠰ᠂ ᠵᠣᠯ ᠵᠢᠷᠭᠠᠯᠲᠤ ᠠᠶᠠᠯᠠᠯ︾ ᠢᠶᠠᠷ ᠭᠤᠣᠯ ᠰᠡᠳᠦᠪ ᠪᠣᠯᠭᠠᠭᠰᠠᠨ 13 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠣᠨ᠎ᠠ᠃ 5 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ ᠣᠯᠠᠨ ᠭᠠᠵᠠᠷ ᠤᠨ ᠬᠢᠨ ᠡᠯᠪᠡᠭ ᠪᠠᠶᠠᠯᠢᠭ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃      ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠮᠠᠨ ᠤ ᠬᠤᠲᠠ ᠨᠡᠶᠢᠲᠡ 118.4 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 41.4% ᠪᠠᠷ ᠨᠡᠮᠡᠭᠳᠡᠵᠡᠢ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠵᠤᠭᠠᠴᠠᠭᠰᠠᠳ ᠤᠨ ᠣᠯᠠᠨ ᠶᠠᠩᠵᠤ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠵᠤᠭᠠᠴᠠᠭᠰᠠᠳ ᠲᠤ ᠵᠣᠯ ᠵᠢᠷᠭᠠᠯᠲᠤ ᠠᠶᠠᠨ ᠵᠠᠮ ᠢ ᠡᠳ᠋ᠯᠡᠭᠦᠯᠵᠦ᠂ ᠬᠤᠶᠠᠳᠤᠭᠠᠷ ᠤᠯᠠᠷᠢᠯ ᠳᠤ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 130 ᠲᠦᠮᠡᠨ ᠬᠥᠮᠥᠨ ᠤᠳᠠᠭ᠎ᠠ ᠠᠴᠠ ᠳᠡᠭᠡᠭᠰᠢ ᠭᠥᠯᠢᠶᠡᠨ ᠠᠪᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠱᠠᠮᠪᠠ ᠶᠢᠨ ᠤᠳᠤ ᠦᠶ᠎ᠡ ᠶᠢᠨ ᠲᠠᠷᠢᠶᠠᠯᠠᠩ ᠤᠨ ᠴᠡᠴᠡᠷᠯᠢᠭ ᠤᠨ ᠲᠣᠭᠤᠷᠢᠨ ᠦᠵᠡᠬᠦ ᠵᠤᠭᠠᠴᠠᠯ ᠤᠨ ᠠᠵᠢᠯᠯᠠᠭ᠎ᠠ ᠡᠬᠢᠯᠡᠪᠡ      5 ᠰᠠᠷ᠎ᠠ ᠶᠢᠨ 20  ᠤ ᠡᠳᠦᠷ᠂ ︽5·19  ᠤ ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠤᠨ  ᠱᠠᠮᠪᠠ ᠶᠢᠨ ᠤᠳᠤ ᠦᠶ᠎ᠡ ᠶᠢᠨ ᠲᠠᠷᠢᠶᠠᠯᠠᠩ ᠤᠨ ᠴᠡᠴᠡᠷᠯᠢᠭ ᠤᠨ ᠲᠣᠭᠤᠷᠢᠨ ᠦᠵᠡᠬᠦ ᠵᠤᠭᠠᠴᠠᠯ ᠤᠨ ᠠᠵᠢᠯᠯᠠᠭ᠎ᠠ ᠱᠠᠮᠪᠠ ᠪᠠᠯᠭᠠᠰᠤᠨ ᠤ ᠬᠤᠩ ᠰᠢᠩ ᠲᠣᠰᠬᠤᠨ ᠳᠤ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ ᠬᠠᠩᠭᠢᠨ ᠬᠤᠶᠢᠲᠤ ᠬᠤᠰᠢᠭᠤᠨ ᠤ ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠮᠤᠵᠢ ᠶᠢᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ᠂ ᠰᠢᠯᠢᠳᠡᠭ ᠣᠳᠣᠨ ᠲᠠᠰ ᠤᠨ ᠭᠥᠯᠢᠶᠡᠨ ᠠᠪᠬᠤ ᠡᠷᠦᠬᠡ ᠵᠡᠷᠭᠡ ᠨᠢᠭᠡᠴᠡ ᠪᠠ ᠬᠤᠪᠢ ᠬᠥᠮᠥᠨ ᠳᠤ ᠱᠠᠩᠨᠠᠯ ᠣᠯᠭᠤᠵᠤ᠂ ᠫᠠᠶᠢᠰᠠ  ᠣᠯᠭᠤᠪᠠ᠃      ᠵᠤᠨ ᠤ ᠤᠯᠠᠷᠢᠯ ᠤᠨ  ᠱᠠᠮᠪᠠ ᠶᠢᠨ ᠤᠳᠤ ᠦᠶ᠎ᠡ ᠶᠢᠨ ᠲᠠᠷᠢᠶᠠᠯᠠᠩ ᠤᠨ ᠴᠡᠴᠡᠷᠯᠢᠭ ᠤᠨ ᠦᠵᠡᠮᠵᠢ ᠵᠢᠷᠤᠭ ᠮᠡᠲᠦ ᠰᠠᠶᠢᠬᠠᠨ ᠪᠠᠶᠢᠵᠤ᠂ ᠷᠦᠨ ᠱᠧᠩ ᠬᠤ᠋ ᠨᠠᠭᠤᠷ ᠤᠨ ᠬᠥᠪᠡᠭᠡᠨ ᠤ ᠥᠩᠭᠡ ᠦᠵᠡᠮᠵᠢ ᠭᠤᠶᠤ ᠰᠠᠶᠢᠬᠠᠨ᠃ ᠵᠤᠭᠠᠴᠠᠭᠰᠠᠳ ᠨᠠᠭᠤᠷ ᠤᠨ ᠨᠢᠭᠤᠷ ᠳᠡᠭᠡᠷ᠎ᠡ ᠣᠩᠭᠤᠴᠠ ᠰᠡᠯᠢᠵᠦ᠂ ᠡᠰᠡᠬᠦᠯ᠎ᠡ ᠬᠠᠮᠲᠤ ᠰᠡᠯᠡᠭᠦᠴᠡᠵᠦ᠂ ᠠᠮᠢᠳᠤᠷᠠᠯ ᠤᠨ ᠷᠣᠮᠠᠨᠲ᠋ᠢᠭ ᠪᠠ ᠰᠠᠶᠢᠨ ᠰᠠᠶᠢᠬᠠᠨ ᠢ ᠮᠡᠳᠡᠷᠡᠨ᠎ᠡ᠃      ᠲᠤᠰ ᠤᠳᠠᠭ᠎ᠠ ᠶᠢᠨ ᠠᠵᠢᠯᠯᠠᠭ᠎ᠠ ᠨᠢ ︽ᠬᠥᠳᠡᠭᠡ ᠨᠤᠲᠤᠭ ᠲᠤ ᠪᠣᠯᠵᠣᠵᠤ᠂  ᠬᠠᠩᠭᠢᠨ ᠬᠤᠶᠢᠲᠤ ᠬᠤᠰᠢᠭᠤᠨ ᠳᠤ ᠪᠣᠯᠵᠣᠬᠤ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠠᠢ ᠳᠤ ᠪᠠᠰᠠ ︽ᠱᠠᠮᠪᠠ ᠶᠢᠨ ᠦᠨᠦᠷ ᠠᠮᠲᠠ︾ ᠭᠡᠬᠦ ᠣᠨᠴᠠᠯᠢᠭᠲᠤ ᠢᠳᠡᠭᠡᠨ ᠢ ᠠᠮᠲᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ᠂ ᠰᠣᠶᠣᠯ ᠤᠨ ᠡᠭᠦᠳᠦᠯᠲᠡ ᠶᠢᠨ ᠪᠦᠲᠦᠭᠡᠯ ᠤᠨ ᠦᠵᠡᠭᠦᠯᠦᠯᠭᠡ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠵᠦᠢᠯ ᠤᠨ ᠭᠤᠶᠢᠳᠠ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠵᠤᠭᠠᠴᠠᠭᠰᠠᠳ ᠬᠥᠳᠡᠭᠡ ᠲᠣᠰᠬᠤᠨ ᠤ ᠦᠵᠡᠮᠵᠢ ᠶᠢ ᠲᠣᠭᠤᠷᠢᠨ ᠦᠵᠡᠵᠦ᠂  ᠱᠠᠮᠪᠠ ᠶᠢᠨ ᠠᠮᠲᠠᠲᠤ ᠢᠳᠡᠭᠡᠨ ᠢ ᠠᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠣᠶᠢᠯᠠᠭᠠᠵᠠᠢ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠬᠠᠩᠭᠢᠨ ᠬᠤᠶᠢᠲᠤ ᠬᠤᠰᠢᠭᠤᠨ ᠤ ᠬᠢᠨ ᠪᠥᠬᠦ ᠣᠷᠣᠨ ᠪᠦᠰᠡ ᠪᠥᠬᠦ ᠤᠯᠠᠷᠢᠯ ᠤᠨ ᠪᠥᠬᠦ ᠠᠵᠢᠯ ᠲᠥᠷᠥᠯ ᠤᠨ ᠵᠢᠭᠤᠯᠴᠢᠯᠠᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ︽ᠵᠢᠭᠤᠯᠴᠢᠯᠠᠯ + ᠲᠠᠷᠢᠶᠠᠯᠠᠩ︾ ︽ᠵᠢᠭᠤᠯᠴᠢᠯᠠᠯ + ᠰᠣᠶᠣᠯ︾ ︽ᠵᠢᠭᠤᠯᠴᠢᠯᠠᠯ + ᠪᠡᠶ᠎ᠡ ᠶᠢᠨ ᠲᠠᠮᠢᠷ︾ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ᠂ ᠲᠤᠬᠠᠢ ᠶᠢᠨ ᠭᠠᠵᠠᠷ ᠤᠨ ᠣᠨᠴᠠᠯᠢᠭ ᠢᠶᠠᠷ ᠪᠠᠶᠠᠯᠢᠭ ᠵᠢᠭᠤᠯᠴᠢᠯᠠᠯ ᠤᠨ ᠰᠢᠨ᠎ᠡ ᠵᠠᠮ ᠢᠶᠠᠷ ᠵᠠᠮᠨᠠᠵᠤ᠂ ᠣᠷᠴᠢᠨ ᠲᠣᠭᠤᠷᠢᠨ ᠨᠠᠩ ᠭᠤᠶᠢᠳᠠ ᠰᠠᠶᠢᠬᠠᠨ᠂ ᠬᠤᠲᠠ ᠬᠥᠳᠡᠭᠡ ᠨᠠᠩ ᠬᠡᠭᠡᠨᠴᠢᠷ ᠰᠠᠶᠢᠬᠠᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠠᠩ ᠪᠠᠶᠠᠯᠢᠭ᠂ ᠲᠥᠬᠦᠭᠡᠷᠦᠮᠵᠢ ᠨᠠᠩ ᠪᠦᠷᠢᠨ ᠲᠡᠭᠦᠯᠳᠡᠷ᠂ ᠠᠷᠠᠳ ᠲᠦᠮᠡᠨ ᠨᠠᠩ ᠪᠠᠶᠠᠨ ᠴᠢᠨᠡᠭᠡᠯᠢᠭ ᠰᠣᠶᠣᠯ ᠵᠢᠭᠤᠯᠴᠢᠯᠠᠯ ᠤᠨ ᠬᠦᠴᠦᠷᠬᠡᠭ ᠬᠤᠰᠢᠭᠤ ᠶᠢ ᠪᠦᠲᠦᠭᠡᠨ ᠪᠠᠶᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ