ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/16
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠳᠤ᠄      ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ ᠲᠣᠭᠠᠲᠤ︶᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      ᠳᠤᠭᠤᠶᠢᠯᠠᠩ ᠤᠨ ᠳᠠᠷᠤᠭ᠎ᠠ᠄ ᠹᠧᠩ ᠠᠢ ᠰᠢᠶᠠ   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠵᠧᠦ ᠱᠦ ᠳ᠋ᠦᠩ   ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ      ᠵᠠᠩ ᠰᠢᠶᠣᠣ ᠯᠦᠩ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ      ᠶᠤᠸᠠᠨ ᠫᠧᠢ ᠼᠠᠢ   ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠯᠢ ᠶᠦᠨ ᠯᠦ   ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠭᠠᠳᠠᠭᠠᠳᠤ ᠤᠬᠠᠭᠤᠯᠭ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠴᠢ      ᠪᠦᠷᠢᠯᠳᠦᠭᠦᠨ᠄  ᠶᠧ ᠶᠢᠨ ᠵᠦ   ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ      ᠵᠤᠤ ᠰᠢᠶᠣᠣ ᠢ   ᠬᠤᠳᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠳᠠᠷᠤᠭ᠎ᠠ      ᠰᠦᠨ ᠳ᠋ᠧ ᠱᠧᠩ   ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶᠠᠨ ᠤ ᠳᠡᠳ᠋ ᠳᠠᠷᠤᠭ᠎ᠠ      ᠸᠠᠩ ᠶᠦᠩ ᠵᠥᠩ   ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ      ᠵᠠᠩ ᠳ᠋ᠧᠩ   ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ      ᠯᠢ ᠰᠢᠨ   ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠰᠢᠯᠭᠠᠬᠤ ᠲᠥᠪ ᠤᠨ ᠡᠷᠬᠢᠯᠡᠭᠴᠢ      ᠯᠢᠦ ᠶᠦᠩ   ᠬᠤᠲᠠ ᠶᠢᠨ ᠭᠠᠶᠢᠯᠢ ᠶᠢᠨ ᠲᠣᠪᠴᠢᠶ᠎ᠠ ᠶᠢᠨ ᠶᠡᠷᠦᠩᠬᠡᠢ ᠠᠵᠤ ᠠᠬᠤᠶᠢᠴᠢ      ᠬᠤᠶᠠᠷ᠂ ᠪᠤᠰᠤᠳ ᠵᠦᠢᠯ      ︵ᠨᠢᠭᠡ︶ ᠤᠳᠤᠷᠢᠳᠬᠤ ᠳᠤᠭᠤᠶᠢᠯᠠᠩ  ᠤᠨ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠬᠤᠳᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ ᠰᠠᠨᠠᠭᠤᠯᠭ᠎ᠠ ᠶᠢᠨ ᠲᠥᠰᠥᠯ ᠢ ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠵᠠᠩ ᠳ᠋ᠧᠩ ᠬᠠᠪᠰᠤᠷᠭᠠᠨ ᠬᠠᠷᠢᠭᠤᠴᠠᠨ᠎ᠠ᠃      ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠤ ᠠᠵᠢᠯ ᠤᠨ ᠬᠤᠪᠢᠷᠠᠯᠲᠠ  ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ ᠨᠢᠭᠡᠴᠡ ᠠᠴᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃                         ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2023 ᠣᠨ ᠤ 4 ᠰᠠᠷ᠎ᠠ ᠶᠢᠨ 27 ᠤ ᠡᠳᠦᠷ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ