︽ᠪᠠᠶᠠᠨᠨᠠᠭᠤᠷ ᠬᠤᠲᠠ ᠶᠢᠨ ᠬᠤᠲᠠ ᠪᠠᠯᠭᠠᠰᠤᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/16
      ᠡᠳᠦᠭᠡ ︽ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ︵ᠳᠣᠷᠣᠭᠰᠢ ︽ᠪᠣᠳᠠᠲᠠᠢ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ᠬᠤᠳᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠳᠤ ᠶᠠᠮᠠᠷ ᠶᠠᠮᠠᠷ ᠬᠦᠷᠢᠶ᠎ᠡ ᠶᠢ ᠪᠠᠭᠲᠠᠭᠠᠬᠤ ᠪᠤᠢ︖      ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠳᠤ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠪᠣᠬᠢᠷ ᠤᠰᠤᠨ ᠤ ᠬᠤᠭᠤᠯᠠᠢ ᠲᠣᠣᠷ᠂ ᠳᠠᠬᠢᠯᠲᠠ ᠤᠰᠤ ᠶᠢ ᠠᠰᠢᠭᠯᠠᠬᠤ᠂ ᠪᠣᠬᠢᠷ ᠰᠢᠪᠠᠷ ᠢ ᠰᠢᠢᠳᠪᠦᠷᠢᠯᠡᠬᠦ ᠵᠢᠴᠢ ᠠᠰᠢᠭᠯᠠᠬᠤ ᠪᠡᠯᠡᠳᠬᠡᠮᠵᠢ ᠪᠠᠭᠲᠠᠨ᠎ᠠ︔ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ︵ᠰᠢᠲᠠᠭᠠᠵᠤ ᠴᠠᠬᠢᠯᠭᠠᠨ ᠭᠠᠷᠭᠠᠬᠤ︶᠂ ᠬᠤᠭ ᠨᠣᠪᠰᠢ ᠶᠢ ᠲᠥᠷᠥᠯ ᠬᠤᠪᠢᠶᠠᠬᠤ᠂ ᠬᠤᠭ ᠨᠣᠪᠰᠢ ᠶᠢᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ︔ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ︔ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠦᠷᠢᠶ᠎ᠡ ᠴᠠᠷᠠᠭ᠎ᠠ᠃      ᠬᠤᠶᠠᠷ᠂ ︽ᠬᠤᠳᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠭᠰᠠᠨ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠤᠢ︖      ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠪᠣᠯ ᠰᠠᠭᠤᠷᠢ ᠲᠥᠬᠦᠭᠡᠷᠦᠮᠵᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢᠨ ᠰᠠᠭᠤᠷᠢ ᠪᠠᠲᠤᠯᠠᠭ᠎ᠠ ᠮᠥᠨ᠂ ᠤᠳᠤ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ  ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠ ᠲᠤᠯᠭᠠᠭᠤᠷᠢᠯᠠᠯ ᠮᠥᠨ᠃ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠳᠤᠨᠢ ᠬᠦᠷᠭᠡᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠭᠤᠷᠪᠠ᠂ ᠪᠥᠬᠦ ᠬᠤᠲᠠ ᠶᠢᠨ ᠬᠤᠲᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠨᠢ ᠶᠠᠭᠤ ᠪᠣᠶ︖      2025 ᠣᠨ ᠪᠣᠯᠬᠤ ᠳᠤ᠂ ᠪᠥᠬᠦ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃      ︵ᠨᠢᠭᠡ︶ ᠪᠣᠬᠢᠷ ᠤᠰᠤ ᠬᠢᠭᠡᠳ ᠡᠬᠢ ᠪᠠᠶᠠᠯᠢᠭᠵᠢᠭᠤᠯᠤᠨ ᠠᠰᠢᠭᠯᠠᠬᠤ᠃ ᠰᠢᠶᠠᠨ ᠤ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ 95%   ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠳᠠᠬᠢᠯᠲᠠ ᠤᠰᠤ ᠶᠢ ᠠᠰᠢᠭᠯᠠᠬᠤ ᠨᠣᠷᠮ᠎ᠠ ᠶᠢ 35%  ᠠᠴᠠ ᠳᠠᠪᠠᠭᠤᠯᠵᠤ᠂ ᠬᠤᠲᠠ ᠶᠢᠨ ᠪᠣᠬᠢᠷ ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 90%  ᠠᠴᠠ ᠳᠡᠭᠡᠭᠰᠢ ᠳᠤ ᠬᠦᠷᠭᠡᠨ᠎ᠡ᠃      ︵ᠬᠤᠶᠠᠷ︶ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠃ ᠪᠥᠬᠦ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠪᠠ ᠴᠢᠳᠠᠪᠤᠷᠢ ᠪᠠᠭᠤᠷᠠᠢ ᠵᠦᠢᠯᠡᠰ ᠢ ᠴᠢᠩᠭᠠᠳᠬᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 700 ᠲᠣᠨ ᠣᠷᠴᠢᠮ ᠳᠤ ᠬᠦᠷᠦᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠣᠷᠴᠢᠮ ᠳᠤ ᠬᠦᠷᠦᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠳᠠᠬᠢ ᠡᠵᠡᠯᠡᠬᠦ ᠬᠤᠪᠢ ᠶᠢᠨ ᠵᠢᠩ ᠢ 60% ᠣᠷᠴᠢᠮ ᠳᠤ ᠬᠦᠷᠦᠭᠦᠯᠦᠨ᠎ᠡ᠃      ︵ᠭᠤᠷᠪᠠ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ᠃ ᠪᠥᠬᠦ ᠬᠤᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠨᠢ ᠣᠷᠣᠨ ᠪᠦᠰᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠰᠢᠨ᠎ᠡ ᠪᠠᠷ ᠨᠡᠮᠡᠭᠳᠡᠭᠦᠯᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠬᠤᠰᠢᠭᠤ ᠰᠢᠶᠠᠨ ᠤ ᠱᠠᠲᠤᠨ  ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠴᠥᠮ ᠬᠤᠣᠷ ᠦᠭᠡᠢ ᠪᠣᠯᠭᠠᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠪᠥᠬᠦ ᠬᠤᠲᠠ ᠶᠢᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠩᠭᠠᠯᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠡᠷᠦᠩᠬᠡᠢ ᠳᠡᠭᠡᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠴᠦ᠂ ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ ᠪᠦᠷᠢᠯᠳᠦᠭᠦᠯᠪᠡ᠃      2030 ᠣᠨ ᠪᠣᠯᠬᠤ ᠳᠤ᠂  ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠢ ᠪᠥᠭᠡᠳ ᠬᠡᠷᠡᠭᠯᠡᠭᠡᠨ ᠲᠠᠢ᠂ ᠣᠶᠤᠨᠴᠢ ᠪᠣᠬᠢᠷᠲᠤᠯ ᠦᠭᠡᠢ᠂ ᠠᠮᠤᠷ ᠲᠦᠪᠰᠢᠨ ᠨᠠᠶᠢᠳᠠᠪᠤᠷᠢᠲᠠᠢ ᠣᠳᠣᠬᠢᠴᠢᠯᠠᠭᠰᠠᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ  ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃      ᠳᠥᠷᠪᠡ᠂ ︽ᠪᠣᠳᠠᠲᠠᠢ ᠠᠷᠭ᠎ᠠ ᠬᠡᠮᠵᠢᠶ᠎ᠡ︾ ᠳᠤ ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ︖      ︽ᠪᠣᠳᠠᠲᠠᠢ ᠠᠷᠭ᠎ᠠ ᠬᠡᠮᠵᠢᠶ᠎ᠡ︾ ᠳᠤ 6 ᠲᠠᠯ᠎ᠠ ᠶᠢᠨ 18 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃      ᠨᠢᠭᠡ ᠳᠤ᠂ ᠴᠢᠳᠠᠪᠤᠷᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠲᠦᠷᠭᠡᠳᠬᠡᠨ᠎ᠡ᠃ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠵᠢᠴᠢ ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠲᠦᠷᠭᠡᠳᠬᠡᠨ ᠳᠡᠭᠡᠭᠰᠢᠯᠡᠭᠦᠯᠬᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠬᠤᠶᠠᠷ ᠲᠤ᠂ ᠨᠢᠭᠡ ᠴᠣᠭᠴᠠᠵᠢᠭᠰᠠᠨ ᠬᠤᠳᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢ ᠬᠦᠴᠦᠯᠡᠨ ᠪᠠᠶᠢᠭᠤᠯᠤᠨ᠎ᠠ᠃ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠨᠢᠭᠡᠳᠦᠯᠲᠡᠢ ᠲᠥᠯᠦᠪᠵᠢᠭᠦᠯᠭᠡ ᠶᠢ ᠲᠦᠯᠬᠢᠨ ᠠᠬᠢᠭᠤᠯᠬᠤ᠂ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠬᠠᠮᠵᠢᠯᠴᠠᠨ ᠰᠢᠢᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠭᠤᠷᠪᠠ ᠳᠤ᠂ ᠣᠶᠤᠨᠴᠢ ᠪᠣᠬᠢᠷᠲᠤᠯ ᠦᠭᠡᠢ ᠲᠡᠰ ᠳᠡᠪᠰᠢᠬᠦ ᠶᠢ ᠠᠬᠢᠭᠤᠯᠤᠨ᠎ᠠ᠃ ᠲᠣᠭᠠᠴᠢᠯᠠᠭᠰᠠᠨ ᠠᠭᠤᠰᠤᠯᠴᠠᠯ ᠢ ᠠᠬᠢᠭᠤᠯᠵᠤ᠂ ᠪᠣᠬᠢᠷᠲᠤᠯ ᠦᠭᠡᠢ ᠰᠠᠭᠤᠷᠢ ᠥᠩᠭᠡ ᠶᠢ ᠳᠡᠭᠡᠭᠰᠢᠯᠡᠭᠦᠯᠵᠦ᠂ ᠲᠡᠷᠢᠭᠦᠨ ᠤ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠤᠨ ᠲᠥᠬᠦᠭᠡᠷᠦᠮᠵᠢ ᠪᠣᠯᠣᠨ ᠤᠷᠠᠯᠠᠯ ᠢ ᠬᠤᠲᠠ ᠪᠠᠯᠭᠠᠰᠤᠨ ᠤ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ᠃      ᠳᠥᠷᠪᠡ ᠳᠤ᠂ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠵᠠᠬ᠎ᠠ ᠳᠡᠯᠭᠡᠭᠦᠷᠴᠢᠯᠡᠭᠰᠡᠨ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠷᠴᠢᠨ ᠠᠬᠤᠢ ᠶᠢᠨ ᠪᠣᠬᠢᠷᠲᠤᠯ ᠢ ᠭᠤᠷᠪᠠᠳᠠᠭᠢ ᠡᠲᠡᠭᠡᠳ ᠠᠴᠠ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠥᠷᠨᠢᠭᠦᠯᠬᠦ ᠠᠵᠢᠯ ᠤᠨ ᠠᠷᠭ᠎ᠠ ᠵᠠᠮ ᠢ ᠬᠠᠶᠢᠨ ᠰᠦᠪᠡᠭᠴᠢᠯᠡᠨ᠎ᠡ ᠭᠡᠵᠦ ᠳᠤᠷᠠᠳᠤᠨ ᠭᠠᠷᠭᠠᠪᠠ᠃      ᠲᠠᠪᠤ ᠳᠤ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠦᠨ᠎ᠡ ᠬᠠᠩᠰᠢ ᠰᠦᠢᠳᠬᠡᠯ ᠬᠤᠷᠢᠶᠠᠬᠤ ᠳᠦᠷᠢᠮ ᠢ ᠪᠦᠷᠢᠨᠰᠢᠭᠦᠯᠬᠦ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠬᠤ ᠵᠡᠷᠭᠡ ᠪᠠᠲᠤᠯᠠᠭ᠎ᠠ ᠶᠢᠨ ᠠᠷᠭ᠎ᠠ ᠶᠢ ᠬᠡᠷᠡᠭᠵᠢᠭᠦᠯᠦᠨ᠎ᠡ᠃      ᠵᠢᠷᠭᠤᠭ᠎ᠠ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ᠂ ᠦᠨᠡᠯᠡᠨ ᠵᠢᠱᠢᠵᠦ ᠬᠢᠨᠠᠨ ᠵᠢᠯᠤᠭᠤᠳᠬᠤ ᠶᠢ ᠴᠢᠩᠭᠠᠳᠬᠠᠬᠤ ᠵᠡᠷᠭᠡ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠪᠠ᠃                         ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2023 ᠣᠨ ᠤ 5 ᠰᠠᠷ᠎ᠠ ᠶᠢᠨ 12 ᠤᠨ ᠡᠳᠦᠷ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ