ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠤᠲᠠ ᠪᠠᠯᠭᠠᠰᠤ ᠶᠢᠨ ᠣᠷᠴᠢᠨ | ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠲᠦᠭᠡᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 5 ᠰᠠᠷ᠎ᠠ ᠶᠢᠨ 9 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ | ᠠᠷᠭ᠎ᠠ ᠬᠡᠮᠵᠢᠶ᠎ᠡ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ | ᠡᠭᠦᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠬᠤᠲᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠤᠨ | ᠵᠢᠯᠤᠭᠤᠳᠬᠤ ᠰᠠᠨᠠᠯ ᠢ ᠤᠯᠠᠮᠵᠢᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ ᠲᠥᠷᠥ | ᠠᠯᠪᠠᠨ ᠵᠠᠬᠢᠳᠠᠯ ﹇2022﹈ 7 ᠳ᠋ᠤᠭᠠᠷ ᠲᠣᠭᠠᠲᠤ︶᠂ ︽ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 4 ᠰᠠᠯᠠᠭ᠎ᠠ | ᠮᠥᠴᠢᠷ ᠤᠨ ᠬᠡᠷᠡᠭᠵᠢᠭᠦᠯᠬᠦ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ | ᠤᠯᠠᠮᠵᠢᠯᠠᠨ ᠶᠠᠪᠤᠭᠤᠯᠬᠤ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇2022﹈ 78 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠤᠯᠠᠮᠵᠢᠯᠠᠨ ᠲᠠᠷᠬᠠᠭᠠᠵᠤ᠂ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ | ᠪᠡᠯᠡᠳᠬᠡᠮᠵᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠳᠣᠣᠷᠠᠬᠢ ᠮᠡᠲᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠶ᠎ᠠ᠃ | ᠨᠢᠭᠡ᠂ ᠠᠵᠢᠯ ᠤᠨ ᠬᠠᠷᠠᠯᠲᠠ | 2025 ᠣᠨ ᠪᠣᠯᠬᠤ ᠳᠤ᠂ ᠪᠥᠬᠦ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠦᠨ᠎ᠡ᠃ | ᠪᠣᠬᠢᠷ ᠤᠰᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ᠃ 105 ᠺᠢᠯᠣᠮᠧᠲᠷ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠢᠨ᠎ᠡ ᠪᠠᠷ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠢᠶᠠᠨ ᠤ ᠬᠤᠳᠠ ᠶᠢᠨ ᠪᠣᠬᠢᠷ ᠤᠰᠤ ᠶᠢ ᠰᠢᠢᠳᠪᠦᠷᠢᠯᠡᠬᠦ ᠨᠤᠷᠮ᠎ᠠ ᠶᠢ 95% ᠠᠴᠠ ᠳᠡᠭᠡᠭᠰᠢ ᠳᠤ ᠬᠦᠷᠭᠡᠵᠦ᠂ | ᠬᠤᠳᠠ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 35% ᠠᠴᠠ ᠳᠠᠪᠠᠭᠤᠯᠵᠤ᠂ ᠬᠤᠳᠠ ᠶᠢᠨ ᠪᠣᠬᠢᠷ ᠰᠢᠪᠠᠷ ᠢ ᠬᠤᠣᠷ ᠦᠭᠡᠶᠢᠵᠢᠬᠦᠯᠦᠨ | ᠰᠢᠢᠳᠪᠦᠷᠢᠯᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠭᠡᠨ᠎ᠡ᠃ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠠᠯ᠎ᠠ ᠪᠠᠷ᠃ ᠪᠥᠬᠦ ᠬᠤᠲᠠ ᠶᠢᠨ ᠬᠤᠲᠠ | ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠪᠠ ᠴᠢᠳᠠᠪᠤᠷᠢ ᠪᠠᠭᠤᠷᠠᠢ ᠵᠦᠢᠯᠡᠰ ᠢ ᠴᠢᠩᠭᠠᠳᠬᠠᠵᠤ᠂ ᠬᠤᠲᠠ | ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 700 ᠲᠣᠨ ᠣᠷᠴᠢᠮ ᠳᠤ ᠬᠦᠷᠦᠭᠦᠯᠵᠦ᠂ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠣᠷᠴᠢᠮ ᠳᠤ ᠬᠦᠷᠦᠭᠦᠯᠵᠦ᠂ ᠬᠤᠲᠠ ᠶᠢᠨ ᠠᠮᠢᠳᠤᠷᠠᠯ ᠤᠨ ᠬᠤᠭ | ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠳᠠᠬᠢ ᠡᠵᠡᠯᠡᠬᠦ ᠬᠤᠪᠢ ᠶᠢᠨ ᠵᠢᠩ ᠢ 60% | ᠣᠷᠴᠢᠮ ᠳᠤ ᠬᠦᠷᠦᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠲᠠᠯ᠎ᠠ ᠪᠠᠷ᠃ ᠪᠥᠬᠦ ᠬᠤᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠨᠢ ᠣᠷᠣᠨ ᠪᠦᠰᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠰᠢᠨ᠎ᠡ ᠪᠠᠷ | ᠨᠡᠮᠡᠭᠳᠡᠭᠦᠯᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ | ᠬᠦᠷᠦᠭᠦᠯᠬᠦ ᠪᠠᠷ ᠴᠢᠷᠮᠠᠶᠢᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠡᠮᠴᠢᠯᠡᠭᠡᠨ ᠤ ᠬᠠᠶᠠᠭᠳᠠᠮᠠᠯ | ᠪᠣᠳᠠᠰ ᠢ ᠴᠥᠮ ᠬᠤᠣᠷ ᠦᠭᠡᠢ ᠪᠣᠯᠭᠠᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠪᠥᠬᠦ ᠬᠤᠲᠠ ᠶᠢᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ | ᠪᠡᠯᠡᠳᠬᠡᠮᠵᠢ ᠶᠢᠨ ᠬᠠᠩᠭᠠᠯᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠡᠷᠦᠩᠬᠡᠢ ᠳᠡᠭᠡᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠴᠦ᠂ | ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ | ᠰᠢᠢᠳᠪᠦᠷᠢᠯᠡᠬᠦ ᠪᠡᠯᠡᠳᠬᠡᠮᠵᠢ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠲᠣᠭᠤᠷᠢᠨ ᠤ ᠰᠠᠭᠤᠷᠢ | ᠪᠡᠯᠡᠳᠬᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ ᠪᠦᠷᠢᠯᠳᠦᠭᠦᠯᠪᠡ᠃ 2030 ᠣᠨ ᠪᠣᠯᠬᠤ ᠳᠤ᠂ ᠰᠢᠰᠲ᠋ᠧᠮ ᠨᠢ ᠪᠦᠷᠢᠨ ᠲᠡᠭᠦᠯᠳᠡᠷ᠂ | ᠥᠨᠳᠥᠷ ᠪᠦᠲᠦᠮᠵᠢᠲᠡᠢ ᠪᠥᠭᠡᠳ ᠬᠡᠷᠡᠭᠯᠡᠭᠡᠨ ᠲᠠᠢ᠂ ᠣᠶᠤᠨᠴᠢ ᠪᠣᠬᠢᠷᠲᠤᠯ ᠦᠭᠡᠢ᠂ ᠠᠮᠤᠷ ᠲᠦᠪᠰᠢᠨ ᠨᠠᠶᠢᠳᠠᠪᠤᠷᠢᠲᠠᠢ ᠣᠳᠣᠬᠢᠴᠢᠯᠠᠭᠰᠠᠨ ᠣᠷᠴᠢᠨ ᠲᠣᠭᠤᠷᠢᠨ ᠤ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ | ᠬᠤᠶᠠᠷ᠂ ᠴᠢᠳᠠᠪᠤᠷᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠲᠦᠷᠭᠡᠳᠬᠡᠨ᠎ᠡ | ︵ᠨᠢᠭᠡ︶ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠵᠢ ᠪᠦᠷᠢᠳᠦᠭᠦᠯᠬᠦ | ᠢᠨᠵᠧᠨᠧᠷᠢᠩ᠂ ᠤᠷᠠᠳ ᠤᠨ ᠬᠤᠶᠢᠲᠤ ᠬᠤᠰᠢᠭᠤᠨ ᠤ ᠪᠠᠶᠠᠨ ᠪᠠᠯᠭᠠᠰᠤ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠭᠤᠭᠠᠷᠠᠭᠤᠯᠬᠤ ᠬᠤᠭᠤᠯᠠᠢ ᠶᠢᠨ | ᠲᠣᠣᠷ ᠢ ᠥᠭᠡᠷᠡᠴᠢᠯᠡᠬᠦ ᠵᠢᠴᠢ ᠪᠣᠬᠢᠷ ᠤᠰᠤᠨ ᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ᠂ ᠦᠶᠤᠸᠠᠨ ᠰᠢᠶᠠᠨ ᠤ ᠯᠦᠩ ᠰᠢᠩ ᠴᠠᠩ | ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠤᠰᠤ ᠵᠠᠯᠠᠵᠤ ᠤᠰᠤᠲᠤᠯ ᠢ ᠰᠡᠷᠭᠡᠶᠢᠯᠡᠬᠦ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠠᠬᠢᠭᠤᠯᠵᠤ᠂ ᠪᠣᠷᠣᠭᠠᠨ ᠪᠠ ᠪᠣᠬᠢᠷᠲᠤᠯ ᠢ ᠰᠠᠯᠭᠠᠨ ᠥᠭᠡᠷᠡᠴᠢᠯᠡᠬᠦ ᠶᠢ ᠬᠡᠷᠡᠭᠵᠢᠭᠦᠯᠦᠨ᠎ᠡ᠃ | ᠬᠤᠲᠠ ᠰᠢᠶᠠᠨ ︵ᠬᠤᠰᠢᠭᠤ᠂ ᠲᠣᠭᠤᠷᠢᠭ︶ ᠰᠢᠶᠠᠩ ︵ᠪᠠᠯᠭᠠᠰᠤ︶ ᠤᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ᠂ | ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠠᠶᠢᠷᠢᠰᠢᠭᠤᠯᠤᠯ ᠪᠠ ᠬᠡᠪᠴᠢᠶ᠎ᠡ ᠶᠢ ᠰᠢᠯᠢᠳᠡᠭᠵᠢᠭᠦᠯᠵᠦ᠂ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ | ᠪᠠᠶᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ ᠦᠶᠤᠸᠠᠨ ᠰᠢᠶᠠᠨ ᠤ ᠲᠢᠶᠠᠨ | ᠵᠢᠢ ᠲᠠᠢ ᠪᠠᠯᠭᠠᠰᠤ᠂ ᠲᠣᠭᠤᠷᠢᠬᠤ ᠪᠠᠯᠭᠠᠰᠤ᠂ ᠹᠦ᠋ ᠰᠢᠩ ᠪᠠᠯᠭᠠᠰᠤ ᠪᠣᠯᠣᠨ ᠱᠧᠩ ᠹᠧᠩ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠬᠢᠭᠡᠳ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠥᠷᠨᠢᠭᠦᠯᠦᠨ᠎ᠡ᠃ ᠠᠮᠢᠳᠤᠷᠠᠯ ᠤᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ︽ᠦᠢᠯᠡᠳᠪᠦᠷᠢ ᠪᠠ ᠲᠣᠣᠷ ᠰᠦᠯᠵᠢᠶ᠎ᠡ ᠶᠢ ᠨᠢᠭᠡ ᠴᠣᠭᠴᠠᠵᠢᠭᠤᠯᠬᠤ︾ ᠡᠵᠡᠩᠨᠡᠯᠲᠡ ᠶᠢᠨ ᠵᠠᠭᠪᠤᠷ ᠢ | ᠰᠦᠪᠡᠭᠴᠢᠯᠡᠨ ᠠᠬᠢᠭᠤᠯᠤᠨ᠎ᠠ᠃ ︵ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢᠬᠢ ᠶᠢ ᠴᠥᠮ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ | ᠨᠠᠶᠢᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭᠠᠬᠤ ᠦᠭᠡᠢ︶ | ︵ᠬᠤᠶᠠᠷ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ | ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠬᠤᠲᠠ ᠶᠢᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠤᠣᠯ ᠳᠠᠭᠠᠤ ᠣᠷᠣᠨ ᠤ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠬᠦᠨ ᠢ | ᠬᠠᠮᠤᠷᠬᠤ ᠶᠢ ᠪᠡᠶᠡᠯᠡᠭᠦᠯᠦᠨ᠂ ᠬᠤᠭ ᠨᠣᠪᠰᠢ ᠶᠢᠨ ᠡᠮᠦᠨ᠎ᠡ ᠦᠵᠦᠭᠦᠷ ᠲᠤ ᠲᠠᠯᠪᠢᠬᠤ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ | ᠬᠦᠷᠦᠭᠦᠯᠦᠨ᠎ᠡ᠃ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ | ᠢᠵᠢ ᠪᠦᠷᠢᠳᠦᠭᠦᠯᠬᠦ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠬᠤᠭ ᠨᠣᠪᠰᠢ ᠶᠢ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠶᠢ | ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ | ᠴᠠᠬᠢᠯᠭᠠᠨ ᠭᠠᠷᠭᠠᠬᠤ ᠲᠥᠷᠥᠯ ᠵᠦᠢᠯ ᠤᠨ ᠬᠡᠪ ᠤᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠤᠷᠠᠳ ᠤᠨ ᠡᠮᠦᠨᠡᠲᠦ ᠬᠤᠰᠢᠭᠤ᠂ ᠦᠶᠤᠸᠠᠨ | ᠰᠢᠶᠠᠨ᠂ ᠤᠷᠠᠳ ᠤᠨ ᠳᠤᠮᠳᠠᠳᠤ ᠬᠤᠰᠢᠭᠤᠨ ᠳᠤ ᠵᠢᠵᠢᠭ ᠬᠡᠯᠪᠡᠷᠢ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠦᠲᠦᠭᠡᠨ ᠪᠠᠶᠢᠭᠤᠯᠤᠯᠲᠠ ᠪᠤᠶᠤ ᠣᠷᠣᠨ | ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠰᠦᠪᠡᠭᠴᠢᠯᠡᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠬᠡᠮᠵᠢᠶ᠎ᠡ ᠶᠢ | ᠪᠠᠭᠠᠰᠬᠠᠨ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠯᠢᠨ ᠾᠧ ᠲᠣᠭᠤᠷᠢᠭ ᠤᠨ ᠬᠤᠭᠤᠯᠠᠨ ᠭᠡᠷ | ᠲᠣᠭᠤᠭᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠪᠠ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠶᠢᠨ ︽ᠬᠤᠶᠠᠷ ᠰᠦᠯᠵᠢᠶ᠎ᠡ ᠶᠢ | ᠠᠭᠤᠰᠤᠯᠴᠠᠭᠤᠯᠬᠤ︾ ᠶᠢ ᠠᠬᠢᠭᠤᠯᠤᠨ᠎ᠠ᠃ 2025 ᠣᠨ ᠪᠣᠯᠬᠤ ᠳᠤ᠂ ᠯᠢᠨ ᠾᠧ ᠲᠣᠭᠤᠷᠢᠭ ᠤᠨ ᠪᠠᠶᠢᠭᠤᠯᠤᠭᠰᠠᠨ ᠲᠣᠭᠤᠷᠢᠭ ︵ᠬᠤᠲᠠ ᠶᠢᠨ | ᠪᠠᠶᠢᠭᠤᠯᠤᠭᠰᠠᠨ ᠲᠣᠭᠤᠷᠢᠭ︶ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ︔ | ᠦᠶᠤᠸᠠᠨ ᠰᠢᠶᠠᠨ ᠤ ᠪᠠᠶᠢᠭᠤᠯᠤᠭᠰᠠᠨ ᠲᠣᠭᠤᠷᠢᠭ ︵ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ᠋ ᠤᠨ | ᠭᠠᠵᠠᠷ ᠣᠷᠣᠨ︶ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ︔ ᠪᠤᠰᠤᠳ ᠬᠤᠰᠢᠭᠤ | ᠰᠢᠶᠠᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠬᠤ ᠶᠢ | ᠠᠬᠢᠭᠤᠯᠤᠨ᠎ᠠ᠃ ︵ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠪᠠᠶᠠᠨᠨᠠᠭᠤᠷ ᠤᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ ᠨᠡᠭᠡᠭᠡᠯᠲᠡ ᠶᠢᠨ ᠲᠣᠭᠤᠷᠢᠭ᠂ ᠤᠷᠠᠳ ᠤᠨ ᠬᠤᠶᠢᠲᠤ | ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠶᠠᠨᠨᠠᠭᠤᠷ ᠤᠨ ᠪᠣᠷᠣᠳᠣᠬᠤᠢ ᠶᠢᠨ ᠲᠠᠷᠢᠶᠠᠯᠠᠩ ᠮᠠᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠠᠷᠢᠯᠭ᠎ᠠ ᠶᠢᠨ ᠬᠤᠭ | ᠨᠣᠪᠰᠢ ᠶᠢ ᠨᠠᠷᠢᠯᠢᠭᠵᠢᠭᠤᠯᠤᠨ ᠲᠥᠷᠥᠯ ᠬᠤᠪᠢᠶᠠᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠥᠦ᠂ ᠬᠠᠶᠠᠭᠳᠠᠮᠠᠯ ᠬᠠᠭᠤᠴᠢᠨ ᠳᠤᠭᠤᠶᠢᠯᠠᠪᠤᠷᠢ᠂ ᠲᠡᠮᠦᠷᠯᠢᠭ ᠪᠤᠰᠤ᠂ ᠬᠠᠶᠠᠭᠳᠠᠮᠠᠯ ᠰᠢᠯ᠂ | ᠬᠠᠶᠠᠭᠳᠠᠮᠠᠯ ᠬᠠᠭᠤᠴᠢᠨ ᠬᠥᠳᠡᠯᠭᠡᠭᠴᠢ ᠬᠦᠴᠦᠨ ᠤ ᠬᠡᠯᠬᠢᠶ᠎ᠡ ᠳ᠋ᠢᠶᠠᠨ ᡂᠢ᠂ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠵᠡᠷᠭᠡ ᠬᠠᠶᠠᠭᠳᠠᠮᠠᠯ ᠪᠣᠳᠠᠰ ᠢ | ᠲᠦᠷᠦᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯᠲᠠᠢ | ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ | ᠰᠢᠢᠳᠪᠦᠷᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠸᠧᠢ ᠺᠠᠩ ᠣᠷᠴᠢᠨ ᠠᠬᠤᠢ ᠶᠢ ᠬᠠᠮᠠᠭᠠᠯᠠᠬᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠲᠠᠭᠠᠬᠤ | ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠷᠠᠳ ᠤᠨ ᠳᠤᠮᠳᠠᠳᠤ ᠬᠤᠰᠢᠭᠤ ᠢᠯᠠᠩᠭᠤᠶ᠎ᠠ ᠪᠣᠭᠤᠮᠲᠠ ᠳᠤ ᠡᠮᠴᠢᠯᠡᠭᠡᠨ ᠤ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠤᠨ ᠬᠤᠰᠢᠭᠤ ᠰᠢᠶᠠᠨ ᠲᠣᠭᠤᠷᠢᠭ ᠤᠨ ᠲᠠᠷᠠᠬᠠᠢ | ᠪᠤᠲᠠᠷᠬᠠᠢ ᠮᠠᠶ᠋ᠢᠭ ᠤᠨ᠂ ᠰᠢᠯᠵᠢᠮᠡᠯ ᠮᠠᠶ᠋ᠢᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢ ᠬᠥᠭᠵᠢᠭᠦᠯᠬᠦ ᠶᠢ | ᠵᠣᠷᠢᠭᠵᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠨᠢᠭᠡ ᠴᠣᠭᠴᠠᠵᠢᠭᠤᠯᠤᠭᠰᠠᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠬᠦᠴᠦᠯᠡᠨ ᠪᠠᠶᠢᠭᠤᠯᠬᠤ ᠬᠡᠷᠡᠭᠲᠡᠢ | ︵ᠲᠠᠪᠤ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ | ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠭᠠᠵᠠᠷ ᠰᠣᠩᠭᠤᠬᠤ ᠶᠢ ᠰᠢᠯᠢᠳᠡᠭᠵᠢᠭᠦᠯᠵᠦ᠂ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ | ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ︔ ᠬᠤᠰᠢᠭᠤ ᠰᠢᠶᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠠ | ᠪᠣᠬᠢᠷ ᠤᠰᠤ ᠶᠢ ᠨᠢᠭᠡᠳᠦᠯᠲᠡᠢ ᠲᠥᠯᠥᠪᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠪᠠᠯᠭᠠᠰᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ | ᠰᠦᠯᠵᠢᠶᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠮᠡᠷᠭᠡᠵᠢᠯ ᠤᠨ ᠵᠦᠭᠯᠡᠭᠦᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠰᠢᠭᠤ ᠰᠢᠶᠠᠨ | ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠯᠦᠪᠵᠢᠭᠦᠯᠭᠡ᠂ ᠲᠥᠰᠥᠯ ᠢ ᠦᠷᠭᠦᠯᠵᠢᠯᠡᠨ ᠲᠣᠬᠢᠷᠠᠭᠤᠯᠤᠨ | ᠰᠢᠯᠢᠳᠡᠭᠵᠢᠭᠦᠯᠵᠦ᠂ ᠬᠤᠲᠠ ᠪᠠᠯᠭᠠᠰᠤ ᠶᠢᠨ ᠣᠶᠢᠷ᠎ᠠ ᠲᠡᠭᠦᠷᠭᠡ ᠶᠢᠨ ᠭᠠᠵᠠᠷ ᠣᠷᠣᠨ ᠤ ᠣᠶᠢᠷ᠎ᠠ ᠬᠠᠪᠢ ᠶᠢᠨ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ | ᠲᠣᠣᠷ ᠲᠤ ᠣᠷᠣᠭᠤᠯᠤᠨ ᠲᠥᠪᠯᠡᠷᠡᠭᠦᠯᠦᠨ ᠰᠢᠢᠳᠪᠦᠷᠢᠯᠡᠬᠦ ᠶᠢ ᠵᠣᠷᠢᠭᠵᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠰᠢᠢᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ ᠣᠷᠴᠢᠨ | ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠰᠢᠢᠳᠪᠦᠷᠢᠯᠡᠬᠦ ᠴᠢᠳᠠᠮᠵᠢ ᠶᠢ ᠪᠠᠳᠠᠷᠠᠭᠤᠯᠵᠤ᠂ ᠬᠤᠲᠠ ᠶᠢᠨ ᠶᠠᠪᠤᠳᠠᠯ ᠤᠨ ᠪᠣᠬᠢᠷ ᠰᠢᠪᠠᠷ ᠢ ᠰᠢᠢᠳᠪᠦᠷᠢᠯᠡᠬᠦ | ᠬᠢᠭᠡᠳ ᠬᠤᠭ ᠨᠣᠪᠰᠢ ᠶᠢ ᠰᠢᠲᠠᠭᠠᠬᠤ᠂ ᠨᠡᠪᠴᠢᠭᠦᠯᠦᠨ ᠱᠦᠭᠦᠬᠦ ᠰᠢᠩᠭᠡᠨ ᠬᠢᠭᠡᠳ ᠪᠣᠬᠢᠷ ᠤᠰᠤ ᠶᠢ ᠰᠢᠢᠳᠪᠦᠷᠢᠯᠡᠬᠦ᠂ ᠰᠢᠲᠠᠭᠠᠬᠤ ᠵᠤᠤᠬ᠎ᠠ ᠶᠢᠨ ᠰᠢᠭᠠᠷᠤ ᠬᠢᠭᠡᠳ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠰᠢᠲᠠᠭᠠᠬᠤ ᠦᠨᠡᠰᠦ ᠬᠢᠭᠡᠳ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ | ᠬᠠᠶᠠᠭᠳᠠᠮᠠᠯ ᠪᠣᠳᠠᠰ ᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠯᠦᠭᠡ ᠪᠦᠲᠦᠮᠵᠢᠲᠡᠶ ᠵᠣᠯᠭᠠᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ | ᠬᠠᠮᠵᠢᠯᠴᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠦᠢᠯᠡᠳᠪᠦᠷᠢ ᠶᠢᠨ ᠬᠤᠭ ᠨᠣᠪᠰᠢ ᠶᠢ | ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠬᠤᠲᠠ ᠶᠢᠨ | ᠶᠠᠪᠤᠳᠠᠯ ᠤᠨ ᠪᠣᠬᠢᠷ ᠰᠢᠪᠠᠷ᠂ ᠨᠠᠮᠤᠭ ᠤᠨ ᠰᠢᠭᠠᠷᠤ᠂ ᠠᠭᠰᠢᠭᠠᠮᠠᠯ ᠰᠢᠩᠭᠡᠨ ᠵᠡᠷᠭᠡ ᠬᠠᠶᠠᠭᠳᠠᠮᠠᠯ ᠪᠣᠳᠠᠰ ᠢ ᠬᠤᠯᠢᠵᠤ ᠰᠢᠲᠠᠭᠠᠵᠤ᠂ ᠰᠢᠲᠠᠭᠠᠵᠤ ᠰᠢᠢᠳᠪᠦᠷᠢᠯᠡᠬᠦ | ᠴᠢᠳᠠᠪᠤᠷᠢ ᠶᠢ ᠬᠠᠮᠲᠤᠪᠠᠷ ᠬᠡᠷᠡᠭᠯᠡᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ︵ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ︵ᠡᠨᠧᠷᠭᠢ ᠶᠢᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠣᠶᠤᠨᠴᠢ ᠪᠣᠬᠢᠷᠲᠤᠯ ᠦᠭᠡᠢ ᠪᠠᠷ ᠲᠠᠰ ᠳᠡᠪᠰᠢᠬᠦ ᠶᠢ ᠠᠬᠢᠭᠤᠯᠤᠨ᠎ᠠ | ︵ᠳᠣᠯᠤᠭ᠎ᠠ︶ ᠲᠣᠭᠠᠴᠢᠯᠠᠭᠰᠠᠨ ᠠᠭᠤᠰᠤᠯᠴᠠᠯ ᠢ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ | ᠣᠶᠤᠨᠴᠢᠯᠠᠭᠰᠠᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤᠮᠳᠠᠬᠢ ᠬᠡᠷᠡᠭᠯᠡᠯᠲᠡ ᠶᠢ ᠳᠡᠯᠭᠡᠷᠡᠭᠦᠯᠬᠦ ᠶᠢ | ᠳᠡᠮᠵᠢᠵᠦ᠂ 5G ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠶᠢᠲᠡᠯᠢᠭ ᠬᠡᠷᠡᠭᠯᠡᠭᠡᠨ ᠤ ᠲᠠᠯᠠᠪᠤᠷ ᠤᠨ ᠲᠥᠷᠥᠯ | ᠵᠦᠢᠯ ᠳᠤ ᠱᠠᠩᠨᠠᠯ ᠨᠥᠬᠦᠪᠦᠷᠢ ᠣᠯᠭᠤᠨ᠎ᠠ᠃ ᠣᠲᠣ ᠶᠢᠨ ᠪᠠᠶᠢᠭ᠎ᠠ ᠪᠡᠯᠡᠳᠬᠡᠮᠵᠢ ᠶᠢ ᠭᠦᠢᠴᠡᠳ ᠠᠰᠢᠭᠯᠠᠨ ᠲᠥᠪᠯᠡᠷᠡᠭᠦᠯᠦᠨ ᠨᠢᠭᠡᠳᠦᠯᠲᠡᠢ ᠬᠢᠨᠠᠨ ᠬᠡᠮᠵᠢᠬᠦ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠰᠢᠢᠳᠪᠦᠷᠢᠯᠡᠬᠦ ᠶᠢ ᠨᠢᠭᠡᠳᠦᠯᠲᠡᠢ ᠬᠢᠨᠠᠨ ᠬᠠᠮᠢᠶᠠᠷᠬᠤ ᠳᠤ ᠣᠷᠣᠭᠤᠯᠤᠨ᠎ᠠ᠃ ᠤᠯᠤᠰ ᠤᠨ ᠨᠢᠭᠡᠳᠦᠯᠲᠡᠢ | ᠲᠣᠬᠢᠷᠠᠭᠤᠯᠤᠯᠲᠠ ᠶᠣᠰᠣᠭᠠᠷ᠂ ᠪᠥᠬᠦ ᠤᠯᠤᠰ ᠤᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ | ᠬᠠᠮᠵᠢᠯᠴᠠᠨ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠨᠣᠭᠤᠭᠠᠨ ᠳᠡᠪᠢᠰᠬᠡᠷ ᠥᠩᠭᠡ ᠶᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ | ᠠᠬᠤᠢ ᠶᠢ ᠬᠠᠮᠠᠭᠠᠯᠠᠬᠤ ᠲᠡᠷᠢᠭᠦᠨ ᠤ ᠮᠡᠷᠭᠡᠵᠢᠯ ᠤᠨ ᠲᠥᠬᠦᠭᠡᠷᠦᠮᠵᠢ ᠪᠠ ᠤᠷᠠᠯᠠᠯ ᠢ ᠬᠤᠳᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠳᠤ | ᠬᠡᠷᠡᠭᠯᠡᠬᠦ ᠶᠢ ᠲᠦᠯᠬᠢᠨ ᠠᠬᠢᠭᠤᠯᠵᠤ᠂ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ ᠪᠢᠰᠢ᠂ ᠠᠵᠢᠯᠯᠠᠭᠠᠨ ᠨᠢ ᠲᠣᠭᠲᠠᠭᠤᠨ ᠪᠤᠰᠤ ᠪᠠᠶᠢᠬᠤ ᠶᠢ ᠨᠢ ᠪᠠᠷᠢᠮᠵᠢᠶ᠎ᠠ ᠳᠤ | ᠬᠦᠷᠭᠡᠬᠦ ᠥᠭᠡᠷᠡᠴᠢᠯᠡᠯᠲᠡ ᠬᠢᠵᠦ᠂ ᠮᠡᠷᠭᠡᠵᠢᠯ ᠢᠶᠠᠷ ᠬᠤᠴᠤᠷᠤᠩᠭᠤᠢ᠂ ᠲᠠᠯᠳᠠ ᠭᠡᠮ ᠣᠷᠣᠰᠢᠵᠤ ᠪᠠᠶᠢᠭ᠎ᠠ ᠲᠥᠬᠦᠭᠡᠷᠦᠮᠵᠢ ᠶᠢ ᠵᠠᠭᠠᠵᠠᠯᠠᠬᠤ ᠶᠢᠨ ᠬᠠᠮᠲᠤ ᠬᠤᠶᠠᠳᠠᠭᠢ | ᠤᠳᠠᠭᠠᠨ ᠤ ᠪᠣᠬᠢᠷᠲᠤᠯ ᠢ ᠰᠡᠷᠭᠡᠶᠢᠯᠡᠨ᠎ᠡ᠃ ᠪᠣᠬᠢᠷ ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠤᠷᠠᠨ ᠳᠠᠷᠬ᠎ᠠ ᠶᠢᠨ ᠮᠡᠷᠭᠡᠵᠢᠯ ᠢ ᠳᠡᠯᠭᠡᠷᠡᠭᠦᠯᠵᠦ᠂ ᠪᠣᠬᠢᠷ | ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠥᠭᠦᠷᠥᠮ ᠤᠨ ᠪᠠᠭᠲᠠᠭᠠᠮᠵᠢ | ᠳᠦᠭᠦᠷᠦᠭᠰᠡᠨ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠥᠬᠦᠭᠡᠷᠦᠮᠵᠢ ᠶᠢ ᠪᠢᠲᠡᠭᠦᠮᠵᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠠᠵᠢᠯ ᠢ ᠵᠢᠷᠤᠮᠵᠢᠭᠤᠯᠤᠨ | ᠡᠮᠬᠢ ᠵᠢᠷᠤᠮ ᠲᠠᠢ ᠥᠷᠨᠢᠭᠦᠯᠵᠦ᠂ ᠬᠠᠩᠭᠢᠨ ᠬᠤᠶᠢᠲᠤ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠤᠷ ᠢ | ᠪᠢᠲᠡᠭᠦᠮᠵᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠡᠬᠢᠯᠡᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠵᠠᠬ᠎ᠠ ᠳᠡᠯᠭᠡᠭᠦᠷᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ︵ᠶᠢᠰᠦ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠤᠨ᠎ᠠ᠃ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤ ᠪᠠᠷ ᠡᠳ᠋ᠯᠡᠬᠦ᠂ ᠢᠯᠡ ᠪᠣᠯᠭᠠᠬᠤ ᠪᠠ | ᠬᠡᠷᠡᠭᠯᠡᠬᠦ ᠶᠢ ᠴᠢᠩᠭᠠᠳᠬᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠭᠢ ᠡᠲᠡᠭᠡᠳ ᠠᠴᠠ ᠵᠠᠰᠠᠬᠤ ᠶᠢ ᠭᠦᠨᠵᠡᠭᠡᠢ ᠬᠡᠷᠡᠭᠵᠢᠭᠦᠯᠦᠨ᠎ᠡ᠃ ᠪᠠᠶᠠᠨᠨᠠᠭᠤᠷ ᠤᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠴᠠᠮᠣᠳᠣ ᠪᠣᠭᠤᠮᠲᠠ ᠶᠢᠨ ᠡᠳ᠋ᠰᠢᠭᠦᠯᠬᠦ ᠬᠦᠷᠢᠶᠡᠯᠡᠩ ᠲᠣᠭᠤᠷᠢᠭ᠂ ᠤᠷᠠᠳ ᠤᠨ ᠬᠤᠶᠢᠲᠤ ᠬᠤᠰᠢᠭᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ | ᠣᠷᠣᠨ ᠲᠠᠢ ᠬᠠᠮᠵᠢᠯᠴᠠᠨ ᠣᠷᠴᠢᠨ ᠲᠣᠭᠤᠷᠢᠨ ᠤ ᠪᠣᠬᠢᠷᠲᠤᠯ ᠤᠨ ᠭᠤᠷᠪᠠᠳᠠᠭᠢ ᠡᠲᠡᠭᠡᠳ ᠤᠨ ᠵᠠᠰᠠᠯᠲᠠ ᠶᠢᠨ ᠰᠣᠩᠭᠤᠭᠤᠯᠢ ᠳᠤ ᠪᠡᠯᠡᠳᠬᠡᠬᠦ ᠬᠦᠷᠢᠶᠡᠯᠡᠩ | ᠲᠣᠭᠤᠷᠢᠭ ᠢ ᠰᠣᠩᠭᠤᠨ ᠲᠠᠨᠢᠯᠴᠠᠭᠤᠯᠤᠨ᠎ᠠ᠃ ᠭᠡᠷᠡᠲᠦ ᠡᠨᠧᠷᠭᠢ ᠶᠢᠨ ᠬᠠᠮᠢᠶᠠᠷᠤᠯᠲᠠ᠂ ᠭᠡᠷᠡᠲᠦ ᠤᠰᠤ ᠠᠷᠪᠢᠯᠠᠬᠤ ᠬᠠᠮᠢᠶᠠᠷᠤᠯᠲᠠ ᠵᠡᠷᠭᠡ ᠭᠤᠷᠪᠠᠳᠠᠭᠢ ᠡᠲᠡᠭᠡᠳ ᠤᠨ | ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠪᠠ ᠵᠠᠭᠪᠤᠷ ᠤᠨ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ︵EOD︶ ᠶᠢᠨ ᠵᠠᠭᠪᠤᠷ ᠤᠨ ᠤᠯᠠᠭᠠᠨᠰᠤᠬᠠᠢ ᠶᠢᠨ ᠪᠥᠬᠦ ᠰᠠᠪᠠ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠪᠦᠲᠦᠮᠵᠢᠲᠡᠶ ᠳᠡᠯᠭᠡᠷᠡᠭᠦᠯᠵᠦ᠂ ᠤᠯᠤᠰ ᠲᠤ ᠠᠮᠢ ᠠᠬᠤᠢ ᠶᠢᠨ | ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠤᠨ ᠲᠥᠷᠥᠯ ᠵᠦᠢᠯ ᠤᠨ ᠲᠤᠷᠰᠢᠯᠲᠠ ᠶᠢᠨ ᠴᠢᠭ᠋ ᠢ ᠲᠠᠨᠢᠯᠴᠠᠭᠤᠯᠬᠤ ᠶᠢᠨ | ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠤᠯᠠᠭᠠᠨᠰᠤᠬᠠᠢ ᠶᠢᠨ ᠬᠠᠮᠠᠭᠠᠯᠠᠯᠲᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠵᠤ ᠠᠬᠤᠶᠢᠯᠠᠯ ᠤᠨ ᠲᠦᠷᠦᠭᠦᠯᠡᠨ ᠰᠤᠳᠤᠯᠤᠨ ᠨᠡᠭᠡᠭᠡᠬᠦ | ᠪᠠᠶᠢᠭᠤᠯᠤᠮᠵᠢ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ | ᠲᠥᠷᠥᠯ ᠵᠦᠢᠯ ᠢ ᠬᠠᠮᠲᠤᠷᠠᠨ ᠡᠭᠦᠷᠭᠡᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠭ᠎ᠠ ᠮᠡᠷᠭᠡᠵᠢᠯ ᠤᠨ | ᠳᠤᠲᠠᠭᠤᠳᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠳᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠠᠩᠬᠠᠨ ᠤ ᠢᠵᠢ᠂ | ᠵᠠᠩᠭᠢᠯᠠᠭ᠎ᠠ ᠶᠢᠨ ᠰᠡᠯᠪᠢᠭ ᠲᠣᠨᠤᠭ ᠤᠨ ᠠᠩᠬᠠᠨ ᠤ ᠪᠦᠯᠦᠭ ᠤᠨ ᠳᠡᠳ᠋ ᠦᠢᠯᠡᠳᠬᠦᠨ ᠢ ᠢᠳᠡᠪᠬᠢᠲᠡᠢ ᠪᠠᠷ ᠲᠠᠨᠢᠯᠴᠠᠭᠤᠯᠬᠤ ᠬᠡᠷᠡᠭᠲᠡᠢ᠃ ︵ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠳᠦᠷᠢᠮ ᠢ ᠪᠦᠷᠢᠨᠰᠢᠭᠦᠯᠦᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ | ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠨ᠎ᠡ ᠬᠠᠩᠰᠢ ᠶᠢᠨ ᠪᠦᠷᠢᠯᠳᠦᠬᠦ ᠪᠠ ᠰᠦᠢᠳᠬᠡᠯ ᠬᠤᠷᠢᠶᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠲᠤ ᠲᠣᠭᠲᠠᠭᠠᠭᠰᠠᠨ | ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠥᠪᠡᠷ ᠤᠨ ᠥᠷᠲᠡᠭ ᠢ ᠬᠠᠮᠤᠷᠬᠤ᠂ ᠵᠦᠢ ᠵᠣᠬᠢᠰᠲᠠᠢ ᠠᠰᠢᠭ | ᠣᠯᠵᠠᠪᠤᠷᠢ ᠲᠠᠢ ᠪᠠᠶᠢᠯᠭᠠᠬᠤ ᠵᠠᠷᠴᠢᠮ ᠶᠣᠰᠣᠭᠠᠷ᠂ ᠦᠨ᠎ᠡ ᠬᠠᠩᠰᠢ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠪᠣᠬᠢᠷ ᠪᠣᠳᠠᠰ | ᠭᠠᠳᠠᠭᠰᠢᠯᠠᠭᠤᠯᠬᠤ ᠵᠥᠷᠢᠶᠡᠲᠦ ᠰᠦᠢᠳᠬᠡᠯ ᠬᠤᠷᠢᠶᠠᠬᠤ ᠶᠢ ᠢᠳᠡᠪᠬᠢᠲᠡᠢ ᠪᠠᠷ ᠬᠡᠷᠡᠭᠵᠢᠭᠦᠯᠵᠦ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠰᠦᠢᠳᠬᠡᠯ ᠬᠤᠷᠢᠶᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠦᠢᠳᠬᠡᠯ ᠬᠤᠷᠢᠶᠠᠬᠤ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ᠂ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠨ ᠠᠵᠢᠯᠯᠠᠬᠤ ᠶᠢ ᠦᠨᠡᠨ ᠬᠦ ᠪᠠᠲᠤᠯᠠᠨ᠎ᠠ᠃ ᠳᠠᠬᠢᠯᠲᠠ ᠤᠰᠤᠨ ᠤ | ᠦᠨ᠎ᠡ ᠬᠠᠩᠰᠢ ᠶᠢ ᠵᠠᠰᠠᠭ ᠤᠨ ᠣᠷᠳᠣᠨ ᠠᠴᠠ ᠲᠣᠭᠲᠠᠭᠠᠬᠤ ᠶᠢ ᠴᠢᠯᠦᠭᠡᠲᠡᠢ ᠪᠣᠯᠭᠠᠵᠤ᠂ ᠳᠠᠬᠢᠯᠲᠠ ᠤᠰᠤ ᠶᠢ ᠬᠠᠩᠭᠠᠬᠤ ᠠᠵᠤ ᠠᠬᠤᠶᠢᠯᠠᠯ ᠪᠣᠯᠣᠨ | ᠬᠡᠷᠡᠭᠯᠡᠭᠴᠢᠳ ᠠᠴᠠ ᠴᠢᠨᠠᠷ ᠰᠠᠶᠢᠲᠠᠢ ᠳᠤᠨᠢ ᠰᠠᠶᠢᠨ ᠦᠨ᠎ᠡ ᠬᠠᠩᠰᠢ ᠲᠣᠭᠲᠠᠭᠠᠬᠤ ᠵᠠᠷᠴᠢᠮ ᠶᠣᠰᠣᠭᠠᠷ ᠪᠡᠶ᠎ᠡ ᠪᠠᠨ ᠳᠠᠭᠠᠭᠠᠨ ᠵᠥᠪᠳᠡᠯᠴᠡᠵᠦ ᠪᠠᠶᠢᠭᠠᠳ ᠦᠨ᠎ᠡ | ᠲᠣᠭᠲᠠᠭᠠᠨ᠎ᠠ᠃ ᠠᠮᠢᠳᠤᠷᠠᠯ ᠤᠨ ᠬᠤᠭ ᠨᠣᠪᠰᠢ ᠶᠢᠨ ᠰᠦᠢᠳᠬᠡᠯ ᠬᠤᠷᠢᠶᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ | ᠣᠷᠣᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠶᠢᠨ ᠬᠤᠭ ᠨᠣᠪᠰᠢ ᠶᠢᠨ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠵᠣᠷᠢᠭᠵᠢᠭᠤᠯᠤᠨ᠂ ᠰᠠᠭᠤᠭᠠᠯᠢ | ᠠᠷᠠᠳ ᠤᠨ ᠬᠡᠷᠡᠭᠯᠡᠭᠴᠢ ᠶᠢᠨ ᠲᠤᠭ᠎ᠠ ᠶᠣᠰᠣᠭᠠᠷ ᠰᠦᠢᠳᠬᠡᠯ ᠬᠤᠷᠢᠶᠠᠬᠤ ᠶᠢ ᠰᠦᠪᠡᠭᠴᠢᠯᠡᠵᠦ᠂ ᠡᠯ᠎ᠡ ᠭᠠᠵᠠᠷ ᠤᠨ ᠬᠢᠨ ᠤ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠰᠦᠢᠳᠬᠡᠯ ᠬᠤᠷᠢᠶᠠᠬᠤ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠤᠷᠢᠶᠠᠨ ᠲᠤᠰᠢᠶᠠᠬᠤ ᠨᠣᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠶ ᠪᠣᠯᠤᠭᠰᠠᠨ ᠪᠠᠶᠢᠳᠠᠯ ᠵᠢᠴᠢ ᠰᠢᠢᠳᠪᠦᠷᠢᠯᠡᠬᠦ ᠥᠪᠡᠷ ᠤᠨ ᠥᠷᠲᠡᠭ ᠵᠡᠷᠭᠡ ᠬᠦᠴᠦᠨ | ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ | ᠬᠢᠨᠠᠨ ᠲᠣᠭᠲᠠᠭᠠᠵᠤ᠂ ᠬᠦᠨᠳᠦ ᠶᠢᠨ ᠬᠡᠮᠵᠢᠶ᠎ᠡ ᠪᠠᠷ ᠰᠦᠢᠳᠬᠡᠯ ᠪᠤᠳᠤᠬᠤ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠲᠣᠭᠲᠠᠭᠠᠯ ᠶᠣᠰᠣᠭᠠᠷ ᠥᠭᠭᠦᠭᠰᠡᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠠᠷᠤᠳᠠᠯ ᠢ ᠡᠮᠴᠢᠯᠡᠭᠡᠨ ᠤ ᠥᠪᠡᠷ ᠤᠨ ᠥᠷᠲᠡᠭ ᠪᠣᠯᠭᠠᠵᠤ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠦᠶ᠎ᠡ ᠳᠤ ᠵᠦᠢ ᠵᠣᠬᠢᠰᠲᠠᠢ ᠨᠥᠬᠦᠪᠦᠷᠢ ᠥᠭᠭᠦᠨ᠎ᠡ᠃ ︵ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ︶ | ︵ᠠᠷᠪᠠᠨ ᠳᠥᠷᠪᠡ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷᠳᠡᠭ ᠨᠡᠮᠡᠭᠳᠡᠯ ᠤᠨ ᠭᠠᠶᠢᠯᠢ ᠶᠢ ᠲᠡᠷᠡ ᠳᠠᠷᠤᠢ ᠳᠤᠨᠢ ᠲᠠᠲᠠᠪᠤᠷᠢᠯᠠᠵᠤ ᠲᠡᠷᠡ ᠳᠠᠷᠤᠢ ᠳᠤᠨᠢ ᠪᠤᠴᠠᠭᠠᠬᠤ ᠪᠠ ᠡᠨᠧᠷᠭᠢ | ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠦᠢᠯᠡᠰ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠭᠠᠶᠢᠯᠢ ᠶᠢᠨ ᠬᠠᠷᠠᠭᠠᠯᠵᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | | |