ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠥᠲᠥᠯᠪᠦᠷᠢ ︵2021 ᠠᠴᠠ 2035 ᠣᠨ︶﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ 7 ᠰᠠᠷ᠎ᠠ ᠶᠢᠨ 3 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠥᠲᠥᠯᠪᠦᠷᠢ ︵2021 ᠠᠴᠠ 2035 ᠣᠨ︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ᠠᠴᠠ 2035 ᠣᠨ︶︾ ᠪᠠ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ᠠᠴᠠ 2035 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠲᠥᠰᠥᠯ︾ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠴᠦᠷᠬᠡᠭ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ ᠪᠣᠯᠬᠤ ᠳᠤ᠂ ᠬᠠᠮᠲᠤ ᠶᠢᠨ | ᠲᠠᠸᠠᠷ ᠤᠨ ᠲᠡᠮᠳᠡᠭ ᠢ 120 ᠬᠤᠪᠢ ᠳᠤ ᠬᠦᠷᠦᠭᠦᠯᠵᠦ᠂ ᠭᠠᠵᠠᠷ ᠵᠦᠢ ᠶᠢᠨ ᠲᠡᠮᠳᠡᠭ ᠤᠨ ᠲᠤᠭ᠎ᠠ ᠬᠡᠮᠵᠢᠶ᠎ᠡ ᠶᠢ 28 ᠬᠤᠪᠢ ᠳᠤ ᠬᠦᠷᠦᠭᠦᠯᠵᠦ᠂ 4 ᠣᠷᠣᠨ | ᠨᠤᠲᠤᠭ ᠤᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠣᠶ | ᠪᠣᠯᠭᠠᠵᠤ᠂ ᠲᠦᠮᠡᠨ ᠬᠥᠮᠥᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ 0.78 ᠬᠤᠪᠢ ᠳᠤ ᠬᠦᠷᠦᠭᠦᠯᠵᠦ᠂ | ᠬᠡᠪᠯᠡᠯ ᠤᠨ ᠡᠷᠬᠡ ᠶᠢᠨ ᠪᠦᠲᠦᠭᠡᠯ ᠤᠨ ᠳᠠᠩᠰᠠᠯᠠᠯᠲᠠ ᠶᠢ ᠨᠡᠶᠢᠲᠡ 1000 ᠬᠤᠪᠢ ᠳᠤ ᠬᠦᠷᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠨᠵᠢᠯᠠᠵᠤ ᠪᠡᠯᠡ ᠲᠣᠬᠢᠷᠠᠭᠤᠯᠬᠤ ᠵᠣᠭᠤᠰ ᠤᠨ ᠲᠤᠭ᠎ᠠ ᠶᠢ ᠨᠡᠶᠢᠲᠡ 7 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ 2035 ᠣᠨ ᠪᠣᠯᠬᠤ ᠳᠤ᠂ ᠪᠥᠬᠦ | ᠬᠤᠲᠠ ᠳᠤ ᠡᠭᠦᠳᠦᠨ ᠪᠦᠲᠦᠭᠡᠵᠦ ᠴᠣᠯᠭᠤᠷᠠᠨ ᠭᠠᠷᠤᠭᠰᠠᠨ᠂ ᠬᠠᠮᠠᠭᠠᠯᠠᠯᠲᠠ ᠴᠢᠩᠭ᠎ᠠ᠂ ᠬᠡᠷᠡᠭᠯᠡᠯᠲᠡ ᠥᠨᠳᠥᠷ ᠪᠦᠲᠦᠮᠵᠢᠲᠡᠶ᠂ ᠦᠢᠯᠡᠴᠢᠯᠡᠭᠡ ᠰᠢᠯᠢᠳᠡᠭ ᠰᠠᠶᠢᠨ᠂ | ᠨᠡᠭᠡᠭᠡᠯᠲᠡ ᠭᠦᠨᠵᠡᠭᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠮᠠᠨ ᠤ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠨᠢᠭᠡ᠂ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠦᠷᠢᠮ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ | ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠵᠢᠨᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ | ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠭᠠᠵᠠᠷ ᠵᠦᠢ ᠶᠢᠨ ᠲᠡᠮᠳᠡᠭ᠂ ᠤᠷᠭᠤᠮᠠᠯ ᠤᠨ ᠰᠢᠨ᠎ᠡ ᠲᠥᠷᠥᠯ ᠵᠦᠢᠯ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠰᠢᠨ᠎ᠡ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠦᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠶᠡᠬᠡᠪᠡᠷ ᠬᠠᠮᠠᠭᠠᠯᠠᠬᠤ ᠠᠵᠢᠯ ᠤᠨ ᠪᠠᠶᠢᠷᠢᠰᠢᠯ ᠢ | ᠲᠦᠷᠭᠡᠳᠬᠡᠨ ᠪᠠᠶᠢᠭᠤᠯᠤᠨ᠎ᠠ᠃ ︽ᠪᠠᠶᠠᠨᠨᠠᠭᠤᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠣᠭᠤᠰ ᠢᠶᠠᠷ ᠲᠤᠰᠠᠯᠠᠵᠤ ᠱᠠᠩᠨᠠᠬᠤ ᠠᠷᠭ᠎ᠠ︾ | ᠶᠢ ᠤᠬᠠᠭᠤᠯᠤᠨ ᠲᠤᠤᠱᠯᠠᠭᠤᠯᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠲᠡᠳᠬᠦᠬᠦ᠂ ᠬᠥᠲᠥᠯᠥᠨ ᠵᠢᠯᠤᠭᠤᠳᠬᠤ ᠪᠠ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠤᠨ ᠪᠣᠶ ᠪᠣᠯᠭᠠᠵᠤ᠂ ᠲᠤᠰᠬᠠᠢ ᠠᠰᠢᠭ ᠢ ᠤᠯᠠᠷᠢᠭᠤᠯᠤᠨ | ᠬᠡᠷᠡᠭᠯᠡᠬᠦ ᠶᠢ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ | ᠬᠤᠲᠠ ᠶᠢᠨ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠶᠠᠷ︶ ᠦᠢᠯᠡᠴᠢᠯᠡᠭᠡᠨ ᠤ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠤᠰᠬᠠᠢ ᠠᠰᠢᠭ᠂ ᠲᠠᠸᠠᠷ ᠤᠨ | ᠲᠡᠮᠳᠡᠭ᠂ ᠭᠠᠵᠠᠷ ᠵᠦᠢ ᠶᠢᠨ ᠲᠡᠮᠳᠡᠭ᠂ ᠬᠡᠪᠯᠡᠯ ᠤᠨ ᠡᠷᠬᠡ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠣᠨᠴᠠᠯᠢᠭᠲᠤ ᠴᠢᠳᠠᠮᠵᠢ ᠶᠢᠨ ᠳᠠᠪᠠᠭᠤᠯᠢᠭ ᠢ ᠶᠡᠷᠦᠩᠬᠡᠶᠢᠯᠡᠨ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠲᠠ ᠶᠢ | ᠬᠦᠴᠦᠷᠬᠡᠭᠵᠢᠭᠦᠯᠬᠦ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠲᠥᠷᠥᠯ ᠤᠨ | ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠠᠵᠢᠯ ᠲᠥᠷᠥᠯ ᠥᠪᠡᠷ ᠢ ᠪᠠᠨ | ᠱᠠᠭᠠᠷᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ | ᠪᠦᠷᠢᠯᠳᠦᠭᠦᠨ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠬᠤᠶᠠᠷ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠤᠯᠭᠠᠭᠤᠷᠢᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ | ︵ᠭᠤᠷᠪᠠ︶ ᠲᠥᠪ ᠭᠤᠣᠯᠴᠢ ᠡᠷᠬᠡ ᠰᠦᠷᠲᠦ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠰᠢᠭᠦᠨ ᠲᠠᠰᠤᠯᠬᠤ ᠲᠣᠭᠲᠠᠴᠠ ᠶᠢ ᠰᠢᠯᠢᠳᠡᠭᠵᠢᠭᠦᠯᠵᠦ᠂ ᠶᠠᠷᠰᠢᠭ ᠲᠦᠪᠡᠭ ᠢ ᠰᠠᠯᠭᠠᠬᠤ ᠲᠤᠷᠰᠢᠯᠲᠠ ᠶᠢᠨ | ᠠᠵᠢᠯ ᠢ ᠲᠦᠯᠬᠢᠨ ᠠᠬᠢᠭᠤᠯᠵᠤ᠂ ᠰᠢᠭᠦᠨ ᠲᠠᠰᠤᠯᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠬᠡᠷᠡᠭᠯᠡᠵᠦ᠂ | ᠳᠥᠭᠦᠮ ᠬᠡᠷᠡᠭ ᠢ ᠲᠦᠷᠭᠡᠨ ᠰᠢᠭᠦᠬᠦ᠂ ᠶᠠᠷᠰᠢᠭ ᠲᠦᠪᠡᠭ ᠲᠠᠢ ᠬᠡᠷᠡᠭ ᠢ ᠨᠠᠷᠢᠯᠢᠭ ᠰᠢᠭᠦᠬᠦ ᠶᠢ ᠪᠡᠶᠡᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠭᠰᠠᠨ ᠡᠷᠡᠭᠦᠦ ᠶᠢᠨ ᠬᠡᠷᠡᠭ ᠤᠨ ᠡᠷᠬᠡᠲᠦ ᠬᠥᠮᠥᠨ ᠤ ᠵᠠᠷᠭᠤᠯᠳᠤᠬᠤ ᠡᠷᠬᠡ ᠡᠭᠦᠷᠭᠡ ᠶᠢ ᠮᠡᠳᠡᠭᠳᠡᠬᠦ ᠠᠵᠢᠯ ᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠷᠬᠡ ᠳᠤ ᠬᠠᠯᠳᠠᠭᠰᠠᠳ ᠢ ᠵᠠᠯᠬᠠᠭᠠᠨ ᠰᠢᠢᠳᠬᠡᠬᠦ ᠴᠢᠨᠠᠷᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠡᠷᠡᠭᠦᠦ | ᠰᠢᠢᠳᠬᠡᠯ ᠢ ᠵᠣᠯᠭᠠᠭᠤᠯᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠺᠦᠨᠯᠦ᠋ᠨ︾ ᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠢᠨᠵᠢᠨ ᠬᠡᠯᠪᠡᠷᠢ ᠶᠢᠨ᠂ ᠣᠷᠣᠨ ᠪᠦᠰᠡ ᠶᠢᠨ ᠴᠢᠨᠠᠷᠲᠠᠢ᠂ ᠠᠵᠤ ᠦᠢᠯᠡᠰᠵᠢᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠪᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠲᠤᠷᠰᠢᠨ ᠪᠠᠶᠢᠴᠠᠭᠠᠬᠤ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ︵ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠳᠥᠭᠦᠮ ᠳᠥᠲᠡ ᠥᠨᠳᠥᠷ ᠪᠦᠲᠦᠮᠵᠢᠲᠡᠶ᠂ ᠲᠥᠪ ᠴᠢᠩᠭ᠎ᠠ᠂ ᠢᠯᠡ ᠲᠣᠳᠣ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠰᠢᠰᠲ᠋ᠧᠮᠵᠢ ᠶᠢ | ᠪᠦᠷᠢᠨᠰᠢᠭᠦᠯᠦᠨ᠎ᠡ᠃ ︽ᠲᠡᠮᠦᠷ ᠨᠢᠳᠤᠷᠭ᠎ᠠ︾᠂ ︽ᠰᠡᠯᠡᠮ᠎ᠡ ᠶᠢᠨ ᠲᠣᠣᠷ︾᠂ ︽ᠯᠦᠩ ᠲᠧᠩ︾ ᠪᠠ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠵᠡᠷᠭᠡ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠠᠭᠠᠯᠠᠯᠲᠠ ᠶᠢᠨ ᠡᠷᠴᠢᠮ ᠢ | ᠴᠢᠩᠭᠠᠷᠠᠭᠤᠯᠤᠨ᠎ᠠ᠃ ᠠᠷᠠᠳ ᠤᠨ ᠤᠳᠬ᠎ᠠ ᠤᠷᠠᠯᠢᠭ ᠤᠨ ᠪᠦᠲᠦᠭᠡᠯ ᠤᠨ ᠬᠡᠪᠯᠡᠯ ᠤᠨ ᠡᠷᠬᠡ ᠶᠢ ᠬᠠᠮᠠᠭᠠᠯᠠᠬᠤ ᠲᠤᠷᠰᠢᠯᠲᠠ ᠪᠠ ᠵᠥᠭᠡᠯᠡᠨ ᠬᠡᠷᠡᠭᠰᠡᠯ ᠢ ᠵᠢᠩᠬᠢᠨᠢ | ᠬᠡᠪᠯᠡᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠵᠠᠰᠠᠭ ᠵᠠᠬᠢᠷᠭᠠᠨ ᠤ | ᠡᠶᠡᠳᠡᠭᠦᠯᠭᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠨᠤᠲᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠮᠠᠭᠠᠯᠠᠯᠲᠠ ᠶᠢᠨ | ᠮᠡᠷᠭᠡᠵᠢᠯ ᠤᠨ ᠪᠠᠶᠢᠴᠠᠭᠠᠯᠲᠠ ᠶᠢᠨ ᠲᠤᠰᠢᠶᠠᠯᠲᠠᠨ ᠤ ᠳᠦᠷᠢᠮ ᠢ ᠪᠠᠶᠢᠭᠤᠯᠵᠤ᠂ ᠬᠠᠤᠯᠢ ᠴᠠᠭᠠᠵᠠ ᠶᠢᠨ ᠰᠢᠭᠦᠨ ᠲᠠᠰᠤᠯᠤᠯᠳᠠ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ᠂ ᠬᠥᠨᠳᠡᠯᠡᠨ ᠠᠴᠠ ᠲᠠᠰᠤᠯᠤᠯᠲᠠ᠂ ᠡᠶᠡᠳᠡᠭᠦᠯᠭᠡ ᠵᠡᠷᠭᠡ ᠳᠤ ᠪᠥᠬᠦ ᠬᠤᠲᠠ ᠶᠢᠨ ᠬᠡᠪᠴᠢᠶᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠷᠬᠡ ᠪᠠᠨ ᠬᠠᠮᠠᠭᠠᠯᠠᠬᠤ ᠶᠢ ᠲᠤᠰᠠᠯᠠᠬᠤ ᠠᠵᠢᠯ ᠤᠨ ᠥᠷᠲᠡᠭᠡ ᠶᠢ ᠪᠠᠶᠢᠷᠢᠯᠠᠭᠤᠯᠤᠨ ᠪᠠᠶᠢᠭᠤᠯᠵᠤ᠂ ᠡᠷᠬᠡ ᠪᠠᠨ ᠲᠦᠷᠭᠡᠨ ᠬᠠᠮᠠᠭᠠᠯᠠᠬᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠦᠢ ᠪᠤᠰᠤ | ᠥᠷᠢᠰᠦᠯᠳᠦᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠭᠤᠮᠲᠠ ᠶᠢᠨ | ᠬᠠᠮᠠᠭᠠᠯᠠᠯᠲᠠ ᠶᠢ ᠴᠢᠩᠭᠠᠳᠬᠠᠵᠤ᠂ ᠭᠤᠥᠯᠴᠢ ᠪᠠᠷ ᠥᠷᠢᠰᠦᠯᠳᠦᠬᠦ ᠭᠠᠳᠠᠭᠠᠳᠤ ᠠᠷᠠᠯᠵᠢᠶ᠎ᠠ ᠶᠢᠨ ᠡᠮᠬᠢ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ | ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠷᠠᠳ ᠪᠣᠭᠤᠮᠲᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠲᠠᠪᠤ︶ ᠨᠢᠭᠡᠳᠦᠯᠲᠡᠢ ᠤᠳᠤᠷᠢᠳᠤᠭᠰᠠᠨ᠂ ᠵᠣᠯᠭᠠᠭᠤᠯᠬᠤ ᠶᠢ ᠢᠯᠭᠤᠮ ᠰᠢᠯᠤᠭᠤᠨ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠵᠢᠯᠴᠠᠨ | ᠬᠠᠮᠠᠭᠠᠯᠠᠬᠤ ᠪᠠᠶᠢᠷᠢᠰᠢᠯ ᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠲᠦᠷᠭᠡᠨ ᠬᠤᠯᠪᠤᠭᠠᠯᠠᠨ ᠬᠥᠳᠡᠯᠦᠯᠴᠡᠵᠦ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠠᠯᠪᠠᠨ ᠭᠡᠷᠡᠴᠢᠯᠡᠭᠡ ᠬᠢᠬᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ | ᠬᠢᠬᠦ ᠪᠠ ᠡᠷᠬᠡ ᠪᠠᠨ ᠬᠠᠮᠠᠭᠠᠯᠠᠬᠤ ᠲᠤᠰᠠᠯᠠᠮᠵᠢ ᠦᠵᠡᠭᠦᠯᠬᠦ ᠰᠢᠰᠲ᠋ᠧᠮ ᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ᠂ | ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠠᠨᠨᠠᠭᠤᠷ᠂ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ | ᠤᠨ ︽ᠲᠠᠪᠤᠨ ᠬᠤᠲᠠ︾ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠵᠤ ᠬᠠᠮᠵᠢᠯᠴᠠᠬᠤ ᠵᠥᠪᠯᠡᠯᠴᠡᠭᠡᠷ ᠪᠣᠯᠣᠨ | ᠪᠠᠶᠠᠨᠨᠠᠭᠤᠷ᠂ ᠦᠬᠠᠢ᠂ ᠠᠯᠠᠱᠠ ᠶᠢᠨ ︽ᠭᠤᠷᠪᠠᠨ ᠠᠶᠢᠮᠠᠭ ᠬᠤᠲᠠ︾ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ | ᠬᠠᠮᠵᠢᠯᠴᠠᠭᠠᠨ ᠤ ᠵᠥᠪᠯᠡᠯᠴᠡᠭᠡᠷ ᠵᠢᠴᠢ ᠬᠥᠬᠡᠬᠤᠲᠠ᠂ ᠪᠠᠶᠠᠨᠨᠠᠭᠤᠷ ᠤᠨ ︽ ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢ ᠬᠠᠮᠠᠭᠠᠯᠠᠵᠤ ᠬᠠᠮᠵᠢᠯᠴᠠᠬᠤ ᠵᠥᠪᠯᠡᠯᠴᠡᠭᠡᠷ ᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ ᠶᠢᠨ ᠬᠤᠭᠤᠷᠣᠨᠳᠣᠬᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠪᠠᠶᠢᠴᠠᠭᠠᠨ ᠭᠦᠢᠴᠡᠳᠬᠡᠬᠦ ᠳᠤ ᠬᠠᠮᠵᠢᠯᠴᠠᠬᠤ᠂ | ᠬᠠᠮᠲᠤᠷᠠᠨ ᠬᠠᠤᠯᠢ ᠬᠡᠷᠡᠭᠵᠢᠭᠦᠯᠦᠨ ᠬᠠᠮᠠᠭᠠᠯᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤᠪᠠᠷ ᠭᠥᠷᠳᠡᠬᠦ ᠶᠢ ᠠᠬᠢᠭᠤᠯᠵᠤ᠂ ᠣᠷᠣᠨ ᠪᠦᠰᠡ ᠠᠯᠤᠰᠯᠠᠨ | ᠰᠠᠯᠠᠭ᠎ᠠ ᠮᠥᠴᠢᠷ ᠠᠯᠤᠰᠯᠠᠨ ᠲᠦᠷᠭᠡᠨ ᠬᠠᠮᠵᠢᠯᠴᠠᠨ ᠬᠠᠮᠠᠭᠠᠯᠠᠬᠤ ᠪᠠᠶᠢᠷᠢᠰᠢᠯ ᠢ ᠪᠣᠶ ᠪᠣᠯᠭᠠᠨ᠎ᠠ᠃ ᠦᠵᠡᠭᠦᠯᠦᠯᠭᠡ ᠶᠢᠨ ᠴᠤᠭᠯᠠᠭᠠᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠮᠣ ᠬᠡᠯᠪᠡᠷᠢ ᠶᠢᠨ ᠦᠵᠡᠭᠦᠯᠦᠯᠭᠡ ᠶᠢᠨ ᠴᠤᠭᠯᠠᠭᠠᠨ ᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠩᠭᠠᠳᠬᠠᠨ᠎ᠠ᠃ ︵ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠠᠷᠠᠳ ᠤᠨ | ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠰ | ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢ ᠪᠠᠶᠢᠭᠤᠯᠤᠨ᠂ ᠲᠠᠰ ᠲᠥᠷᠥᠯ ᠬᠤᠪᠢᠶᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ︽ᠬᠥᠬᠡ ᠣᠭᠲᠠᠷᠭᠤᠢ︾ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠪᠠ ᠮᠠᠭᠤ ᠰᠠᠨᠠᠭ᠎ᠠ ᠲᠠᠢ ᠪᠠᠷ ᠲᠠᠸᠠᠷ ᠤᠨ ᠲᠡᠮᠳᠡᠭ ᠳᠠᠩᠰᠠᠯᠠᠭᠤᠯᠬᠤ | ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠰᠢᠨ᠎ᠡ ᠶᠢ ᠡᠭᠦᠳᠬᠦ ᠬᠥᠭᠵᠢᠯᠲᠡ ᠶᠢ ᠤᠷᠮᠠᠰᠢᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ | ᠪᠠᠶᠢᠭᠤᠯᠤᠮᠵᠢ ᠶᠢ ᠬᠦᠴᠦᠯᠡᠨ ᠪᠠᠶᠢᠭᠤᠯᠤᠨ᠎ᠠ | ︵ᠳᠣᠯᠤᠭ᠎ᠠ︶ ᠴᠢᠨᠠᠷ ᠰᠠᠶᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠲᠣᠭᠲᠠᠴᠠ ᠶᠢ ᠪᠠᠶᠢᠭᠤᠯᠤᠨᠵᠠᠬᠠ | ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠲᠡᠮᠳᠡᠭ᠂ ᠲᠤᠰᠬᠠᠢ ᠠᠰᠢᠭ᠂ ᠬᠡᠪᠯᠡᠯ ᠤᠨ ᠡᠷᠬᠡ᠂ ᠭᠠᠵᠠᠷ ᠵᠦᠢ ᠶᠢᠨ | ᠲᠡᠮᠳᠡᠭ ᠵᠡᠷᠭᠡ ᠣᠯᠠᠨ ᠲᠥᠷᠥᠯ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠯᠡᠮᠡᠯ ᠦᠢᠯᠡᠳᠦᠯ ᠢ ᠪᠠᠳᠠᠷᠠᠭᠤᠯᠵᠤ᠂ ᠭᠤᠣᠯ ᠪᠣᠯᠬᠤ | ᠮᠡᠷᠭᠡᠵᠢᠯ ᠤᠨ ᠬᠦᠷᠢᠶ᠎ᠡ ᠴᠠᠷᠠᠭ᠎ᠠ ᠳᠤ ᠨᠢᠭᠡ ᠪᠦᠯᠦᠭ ᠰᠢᠨ᠎ᠡ ᠶᠢ ᠡᠭᠦᠳᠬᠦ ᠬᠢᠷᠢ ᠬᠡᠮᠵᠢᠶ᠎ᠡ ᠪᠠᠷ ᠥᠨᠳᠥᠷ᠂ ᠡᠷᠬᠡ ᠶᠢᠨ ᠪᠠᠶᠢᠳᠠᠯ ᠨᠢ ᠲᠣᠭᠲᠠᠭᠤᠨ᠂ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠥᠨᠳᠥᠷ ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠣᠶᠢᠵᠢᠭᠤᠯᠤᠨ᠎ᠠ᠃ | ᠳᠤᠮᠳᠠ ᠵᠢᠵᠢᠭ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠭᠦᠨᠵᠡᠭᠡᠢ | ᠲᠦᠯᠬᠢᠨ ᠠᠬᠢᠭᠤᠯᠤᠨ᠎ᠠ᠃ ᠤᠷᠭᠤᠮᠠᠯ ᠤᠨ ᠰᠢᠨ᠎ᠡ ᠡᠭᠦᠯᠳᠡᠷ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠣᠨᠴᠠᠯᠢᠭᠲᠤ | ᠠᠵᠤ ᠦᠢᠯᠡᠰ ᠤᠨ ᠲᠣᠭᠤᠷᠢᠨ ᠳᠤ ᠰᠢᠯᠢᠳᠡᠭ ᠰᠠᠶᠢᠨ ᠤᠷᠭᠤᠮᠠᠯ ᠤᠨ ᠰᠢᠨ᠎ᠡ ᠡᠭᠦᠯᠳᠡᠷ ᠢ ᠪᠣᠶᠢᠵᠢᠭᠤᠯᠬᠤ ᠪᠠ ᠠᠭᠤᠳᠠᠯᠵᠤ᠂ ᠡᠷᠬᠡ ᠣᠯᠭᠤᠭᠰᠠᠨ ᠡᠭᠦᠯᠳᠡᠷ ᠤᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ᠂ ᠠᠵᠢᠯᠯᠠᠭᠠᠨ ᠨᠢ ᠢᠯᠭᠤᠮ ᠤᠷᠤᠭᠰᠢᠲᠠᠢ ᠪᠠᠶᠢᠬᠤ ᠬᠡᠷᠡᠭᠯᠡᠭᠡᠨ ᠤ ᠲᠣᠭᠲᠠᠴᠠ ᠶᠢ | ᠪᠦᠷᠢᠨᠰᠢᠭᠦᠯᠦᠨ᠎ᠡ᠃ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠥᠪᠯᠡᠷᠡᠯ ᠤᠨ ᠣᠷᠣᠨ ᠳᠤ ᠲᠤᠰᠬᠠᠢ ᠠᠰᠢᠭ ᠨᠢᠭᠲᠠᠷᠠᠭᠰᠠᠨ | ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠠᠵᠢᠯ ᠢ ᠠᠬᠢᠭᠤᠯᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠵᠦ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠠᠵᠢᠯ ᠢ ᠥᠷᠨᠢᠭᠦᠯᠦᠨ᠂ | ᠲᠤᠰᠬᠠᠢ ᠠᠰᠢᠭ ᠤᠨ ᠬᠤᠪᠢᠷᠠᠭᠤᠯᠤᠯᠲᠠ ᠶᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠨ᠎ᠡ᠃ | ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠪᠠᠶᠠᠨᠨᠠᠭᠤᠷ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠪᠡᠯᠡᠳᠬᠡᠯ ᠺᠣᠮᠢᠰ ᠤᠨ ᠠᠯᠪᠠᠨ ᠭᠡᠷ᠂ ᠡᠯ᠎ᠡ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠵᠡᠩᠨᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠤᠯᠠᠷᠢᠭᠤᠯᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠬᠤᠳᠠᠯᠳᠤᠭᠠᠨ ᠤ ᠪᠠᠩᠬᠢ ᠶᠢᠨ | ᠬᠠᠤᠯᠢ ᠲᠣᠭᠲᠠᠭᠠᠯ ᠶᠣᠰᠣᠭᠠᠷ ᠪᠠ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭᠰᠠᠨ | ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠴᠠᠭᠠᠯᠠᠵᠤ ᠪᠡᠯᠡ ᠣᠷᠣᠭᠤᠯᠬᠤ | ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠸᠠᠷ ᠤᠨ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠤᠯᠠᠮᠵᠢᠯᠠᠯᠲᠤ ᠨᠠᠷᠠᠲᠤ ᠲᠥᠷᠥᠯ | ᠲᠡᠮᠳᠡᠭᠲᠦ ᠶᠢᠨ ᠬᠠᠭᠤᠴᠢᠨ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠤᠯᠠᠮᠵᠢᠯᠠᠨ ᠬᠥᠭᠵᠢᠭᠦᠯᠵᠦ᠂ ᠣᠨᠴᠠᠯᠢᠭ ᠢᠶᠠᠷ ᠢᠯᠡ ᠲᠣᠳᠣ᠂ ᠥᠷᠢᠰᠦᠯᠳᠦᠬᠦ | ᠬᠦᠴᠦᠨ ᠢᠶᠠᠷ ᠴᠢᠩᠭ᠎ᠠ᠂ ᠵᠠᠬ᠎ᠠ ᠳᠡᠯᠭᠡᠭᠦᠷ ᠤᠨ ᠢᠲᠡᠭᠡᠯ ᠬᠦᠨᠳᠦ ᠪᠠᠷ ᠰᠠᠶᠢᠨ ᠠᠵᠤ ᠦᠢᠯᠡᠰ ᠤᠨ ᠪᠥᠭᠡᠮᠨᠡᠷᠡᠯ ᠤᠨ ᠨᠠᠷᠠᠲᠤ ᠲᠥᠷᠥᠯ ᠲᠡᠮᠳᠡᠭᠲᠦ ᠪᠠ ᠣᠷᠣᠨ | ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠨᠠᠷᠠᠲᠤ ᠲᠥᠷᠥᠯ | ᠲᠡᠮᠳᠡᠭᠲᠦ ᠶᠢ ᠶᠡᠬᠡᠪᠡᠷ ᠪᠣᠶᠢᠵᠢᠭᠤᠯᠵᠤ᠂ ︽ ᠲᠡᠭᠷᠢ ᠶᠢᠨ ᠬᠡᠰᠢᠭᠲᠦ ᠪᠣᠷᠣᠳᠣᠬᠤᠢ︾ ︽ ᠱᠠᠮᠪᠠ ᠶᠢᠨ ᠦᠨᠦᠷ ᠠᠮᠲᠠ︾ ᠵᠡᠷᠭᠡ ᠣᠷᠣᠨ ᠪᠦᠰᠡ ᠶᠢᠨ ᠨᠠᠷᠠᠲᠤ | ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠪᠠ ︽ ᠮᠧᠩ︾ ᠥᠰᠥᠭ ᠤᠨ ᠲᠡᠮᠳᠡᠭ ᠢᠶᠠᠷ ᠭᠡᠷᠡᠴᠢᠯᠡᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠩ | ᠣᠯᠠᠨ ᠠᠵᠤ ᠠᠬᠤᠶᠢᠯᠠᠯ ᠪᠤᠶᠤ ᠦᠢᠯᠡᠳᠬᠦᠨ ᠢ ︽ ᠮᠧᠩ︾ ᠥᠰᠥᠭ ᠤᠨ ᠲᠡᠮᠳᠡᠭ ᠢᠶᠠᠷ ᠭᠡᠷᠡᠴᠢᠯᠡᠬᠦ ᠶᠢ ᠪᠠᠲᠤᠯᠠᠭᠤᠯᠬᠤ ᠪᠠᠷ ᠴᠢᠷᠮᠠᠶᠢᠨ᠎ᠠ᠃ ᠭᠠᠵᠠᠷ ᠵᠦᠢ ᠶᠢᠨ | ᠪᠡᠯᠭᠡ ᠲᠡᠮᠳᠡᠭ ᠤᠨ ᠬᠠᠮᠠᠭᠠᠯᠠᠯᠲᠠ ᠶᠢ ᠴᠢᠩᠭᠠᠳᠬᠠᠵᠤ᠂ ︽ ᠦᠶᠤᠸᠠᠨ ᠤ ᠨᠡᠷᠡᠨ ᠬᠤᠸᠠᠷ︾ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ | ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠮᠠᠨ ᠤ ᠬᠤᠳᠠ ᠶᠢᠨ ᠭᠠᠵᠠᠷ | ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠤᠲᠠ ᠶᠢᠨ ᠨᠣᠭᠤᠭᠠᠨ ᠥᠩᠭᠡ ᠶᠢ ᠨᠢᠭᠡᠳᠦᠯᠲᠡᠢ ᠬᠠᠮᠢᠶᠠᠷᠬᠤ ᠠᠯᠪᠠᠨ ᠭᠡᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ | ︵ᠠᠷᠪᠠᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ ᠶᠢ ᠴᠢᠩᠭᠠᠷᠠᠭᠤᠯᠬᠤ | ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠨᠡᠭᠡᠭᠡᠯᠲᠡ ᠶᠢᠨ ᠲᠣᠭᠤᠷᠢᠭ᠂ ᠵᠢᠱᠢᠶ᠎ᠡ ᠦᠵᠡᠭᠦᠯᠬᠦ ᠲᠣᠭᠤᠷᠢᠭ ᠵᠡᠷᠭᠡ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠷᠢᠶᠡᠯᠡᠩ ᠲᠣᠭᠤᠷᠢᠭ ᠲᠤ ᠣᠷᠣᠬᠤ ᠶᠢ ᠵᠣᠷᠢᠭᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ ᠢ ᠲᠤᠤᠱᠯᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ 2 - 3 ᠲᠣᠣᠷ ᠴᠢᠭ᠋ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠨᠡᠶᠢᠭᠡᠮ ᠤᠨ ᠦᠢᠯᠡᠴᠢᠯᠡᠭᠡᠨ ᠤ 1 - 2 ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠯᠬᠢᠶᠡᠵᠢᠯ ᠢ ᠪᠦᠲᠦᠮᠵᠢᠲᠡᠢ ᠪᠠᠷ ᠤᠷᠲᠤᠳᠬᠠᠨ᠎ᠠ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠠᠭᠤᠯᠢᠭ ᠠᠵᠤ ᠠᠬᠤᠢ ᠶᠢᠨ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠰᠦ᠋ ᠶᠢᠨ ᠦᠢᠯᠡᠰ᠂ ᠠᠯᠠᠰᠢᠨ ᠬᠤᠨᠢ᠂ | ᠠᠯᠠᠰᠢᠨ ᠦᠬᠡᠷ᠂ ᠢᠮᠠᠭᠠᠨ ᠨᠣᠯᠤᠥᠷ᠂ ᠨᠡᠷᠡᠨ ᠬᠤᠸᠠᠷ᠂ ᠪᠤᠭᠤᠳᠠᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠵᠡᠰ ᠴᠠᠶᠢᠷ ᠨᠠᠷᠢᠯᠢᠭ | ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ᠂ | ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ︾ ᠵᠡᠷᠭᠡ 12 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠨᠠᠷᠢᠯᠢᠭ | ᠣᠨᠣᠴᠠᠲᠠᠢ ᠦᠢᠯᠡᠴᠢᠯᠡᠭᠡ ᠬᠠᠩᠭᠠᠵᠤ᠂ ᠲᠤᠰᠬᠠᠢ ᠠᠰᠢᠭ ᠤᠨ ᠪᠠᠶᠢᠷᠢᠰᠢᠭᠤᠯᠤᠯᠲᠠ᠂ ᠲᠤᠰᠬᠠᠢ ᠠᠰᠢᠭ ᠤᠨ ᠠᠭᠤᠳᠠᠯᠤᠯᠲᠠ ᠪᠠ ᠥᠨᠳᠥᠷ ᠥᠷᠲᠡᠭᠲᠦ ᠲᠤᠰᠬᠠᠢ | ᠠᠰᠢᠭ ᠤᠨ ᠪᠣᠶᠢᠵᠢᠭᠤᠯᠤᠯᠲᠠ ᠵᠡᠷᠭᠡ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠶᠢᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠶᠢ ᠡᠭᠦᠳᠬᠦ | ᠭᠤᠣᠯ ᠴᠣᠭᠴᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠯᠬᠢᠶ᠎ᠡ ᠶᠢ ᠠᠵᠤ ᠦᠢᠯᠡᠰ ᠤᠨ ᠬᠥᠭᠵᠢᠯᠲᠡ ᠪᠠ ᠮᠡᠷᠭᠡᠵᠢᠯ ᠤᠨ | ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ | ᠦᠢᠯᠡᠰ ᠬᠢᠭᠡᠳ ᠭᠤᠣᠯᠳᠠᠯᠭ᠎ᠠ ᠲᠠᠢ ᠠᠵᠤ ᠦᠢᠯᠡᠰ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠶᠢ | ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ | ᠲᠠᠪᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠮᠥᠨ ᠨᠡᠶᠢᠭᠡᠮ ᠤᠨ ᠣᠷᠴᠢᠨ | ᠲᠣᠭᠤᠷᠢᠨ ᠢ ᠬᠦᠴᠦᠯᠡᠨ ᠪᠠᠶᠢᠭᠤᠯᠤᠨ᠎ᠠ | ︵ᠠᠷᠪᠠᠨ ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠨᠣᠯᠵᠢᠬᠤᠨ ᠢ ᠭᠦᠨ ᠮᠡᠳᠡᠯᠭᠡ ᠶᠢ ᠬᠦᠨᠳᠦᠳᠬᠡᠬᠦ᠂ | ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠭᠤᠥᠯᠴᠢ ᠪᠠᠷ ᠥᠷᠢᠰᠦᠯᠳᠦᠬᠦ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠰᠣᠶᠣᠯ ᠤᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠬᠢᠭᠡᠳ | ᠤᠯᠠᠮᠵᠢᠯᠠᠯᠲᠤ ᠰᠣᠶᠣᠯ᠂ ᠰᠢᠨ᠎ᠡ ᠶᠢ ᠡᠭᠦᠳᠬᠦ ᠰᠣᠶᠣᠯ᠂ ᠬᠠᠤᠯᠢ ᠪᠠᠷ ᠵᠠᠰᠠᠬᠤ ᠰᠣᠶᠣᠯ᠂ ᠦᠨᠡᠨᠴᠢ ᠢᠲᠡᠭᠡᠮᠵᠢ ᠶᠢᠨ ᠰᠣᠶᠣᠯ ᠤᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ | ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ | ᠵᠡᠷᠭᠡ ᠲᠠᠯᠠᠪᠤᠷ ᠭᠠᠵᠠᠷ ᠲᠤ ᠭᠦᠨᠵᠡᠭᠡᠶᠢᠷᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ | ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠵᠢᠨᠲ᠋ᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠭᠡᠳᠬᠡᠨ᠂ ︽ᠵᠠᠰᠠᠭ ᠤᠨ ᠣᠷᠳᠣᠨ + | ᠳᠤᠮᠳᠠᠳᠤ ᠪᠠᠭ᠎ᠠ ᠰᠤᠷᠭᠠᠭᠤᠯᠢ + ᠳᠡᠭᠡᠳᠦ ᠰᠤᠷᠭᠠᠭᠤᠯᠢ + ᠠᠵᠤ ᠠᠬᠤᠶᠢᠯᠠᠯ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ | ᠬᠥᠮᠦᠵᠢᠯ ᠢ ᠬᠠᠮᠲᠤᠪᠠᠷ ᠠᠬᠢᠭᠤᠯᠬᠤ ᠪᠠᠶᠠᠨᠨᠠᠭᠤᠷ ᠤᠨ ᠵᠠᠭᠪᠤᠷ ᠢᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠠᠶᠢᠭᠤᠯᠭ᠎ᠠ ᠳᠤ ᠣᠷᠣᠭᠤᠯᠬᠤ᠂ ᠠᠵᠤ | ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠰᠦᠯᠵᠢᠶ᠎ᠡ ᠳᠤ ᠣᠷᠣᠭᠤᠯᠬᠤ ᠶᠢ ᠠᠬᠢᠭᠤᠯᠵᠤ᠂ ᠪᠥᠬᠦ | ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠨᠢᠬᠤᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ | ᠬᠥᠮᠥᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠢᠨᠡᠯ᠎ᠡ ᠬᠤᠰᠢᠭᠤ ᠰᠢᠶᠠᠨ | ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠪᠠᠶᠢᠭᠤᠯᠬᠤ ᠶᠢ ᠵᠣᠷᠢᠭᠵᠢᠭᠤᠯᠤᠨ | ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠨᠣᠯ ᠪᠠ ᠪᠣᠳᠠᠲᠤ ᠶᠠᠪᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠦᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ︵ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠳᠡᠮᠵᠢᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠤᠨ᠎ᠠ | ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠬᠠᠮᠵᠢᠯᠴᠡᠨᠨᠢᠭᠡ ᠴᠣᠭᠴᠠᠵᠢᠭᠤᠯᠬᠤ ᠪᠠ ᠴᠢᠨᠠᠷ | ᠰᠠᠶᠢᠲᠠᠢ ᠬᠥᠭᠵᠢᠭᠦᠯᠬᠦ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠬᠠᠮᠵᠢᠯᠴᠠᠭ᠎ᠠ᠂ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠩᠭᠠᠯᠭ᠎ᠠ ᠬᠡᠷᠡᠭᠴᠡᠭᠡ ᠶᠢᠨ ᠪᠦᠲᠦᠮᠵᠢᠲᠡᠶ ᠵᠣᠯᠭᠠᠯᠴᠠᠭ᠎ᠠ᠂ ᠰᠠᠶᠢᠨ ᠣᠷᠴᠢᠯ ᠢ ᠠᠬᠢᠭᠤᠯᠤᠨᠠᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠥᠷᠨᠢᠭᠦᠯᠵᠦ᠂ ᠲᠤᠰᠬᠠᠢ ᠠᠰᠢᠭ ᠤᠨ | ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠢ ᠪᠠᠶᠠᠵᠢᠭᠤᠯᠬᠤ᠂ ᠭᠠᠵᠠᠷ ᠵᠦᠢ ᠶᠢᠨ | ᠪᠡᠯᠭᠡ ᠲᠡᠮᠳᠡᠭ ᠢᠶᠠᠷ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠵᠤ᠂ ᠮᠡᠳᠡᠯᠭᠡ ᠵᠢᠨᠪᠦ᠋ᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠤᠯᠤᠰ ᠤᠨᠠᠵᠤ ᠠᠬᠤᠶᠢᠯᠠᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠤᠯᠤᠰ ᠤᠨ ᠭᠡᠷ᠎ᠡ ᠶᠢ ᠬᠡᠷᠡᠭᠯᠡᠨ ᠭᠠᠳᠠᠭᠠᠳᠤ ᠠᠴᠠ ᠡᠷᠬᠡ ᠣᠯᠭᠤᠬᠤ ᠶᠢ ᠳᠡᠮᠵᠢᠵᠦ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠮᠡᠷᠭᠡᠵᠢᠯ᠂ ᠦᠢᠯᠡᠳᠬᠦᠨ ᠪᠠ ᠨᠠᠷᠠᠲᠤ ᠲᠥᠷᠥᠯ ᠲᠡᠮᠳᠡᠭᠲᠦ ᠶᠢᠨ ︽ᠭᠠᠳᠠᠭᠰᠢ ᠭᠠᠷᠬᠤ︾ ᠶᠢ ᠬᠥᠲᠥᠯᠥᠨ | ᠵᠢᠯᠤᠭᠤᠳᠴᠤ᠂ ᠭᠠᠳᠠᠭᠠᠳᠤ ᠳᠤ ᠪᠠᠶᠠᠨᠨᠠᠭᠤᠷ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠪᠠ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ | ᠢᠳᠡᠪᠬᠢᠲᠡᠢ ᠪᠠᠷ ᠲᠠᠨᠢᠯᠴᠠᠭᠤᠯᠵᠤ᠂ ᠪᠠᠶᠠᠨᠨᠠᠭᠤᠷ ᠤᠨ ᠣᠨᠴᠠᠯᠢᠭᠲᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ | ᠪᠠᠶᠠᠨᠨᠠᠭᠤᠷ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠠᠨᠨᠠᠭᠤᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠢ | ᠤᠳᠤᠷᠢᠳᠬᠤ᠂ ᠰᠠᠯᠠᠭ᠎ᠠ ᠮᠥᠴᠢᠷ ᠤᠳ ᠵᠣᠬᠢᠴᠠᠭᠤᠯᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ | ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ | ︵ᠬᠤᠶᠠᠷ︶ ᠳᠡᠮᠵᠢᠵᠦ ᠪᠠᠲᠤᠯᠠᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢᠨ ᠬᠠᠮᠲᠤ | ᠡᠳ᠋ ᠤᠨ ᠬᠦᠴᠦᠨ ᠢ ᠦᠨᠳᠦᠰᠦᠯᠡᠨ ᠪᠡᠯᠡᠡᠳ᠋ ᠤᠨ ᠵᠠᠰᠠᠭ ᠭᠠᠶᠢᠯᠢ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠤᠯᠠᠨ ᠡᠰᠢᠵᠢᠭᠰᠡᠨ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠣᠷᠣᠭᠤᠯᠬᠤ | ᠰᠢᠰᠲ᠋ᠧᠮ ᠢ ᠪᠤᠢ ᠪᠣᠯᠭᠠᠵᠤ᠂ ᠭᠤᠣᠯᠳᠠᠯᠭ᠎ᠠ ᠶᠢ ᠲᠣᠪᠤᠶᠢᠯᠭᠠᠨ᠂ ᠪᠦᠲᠦᠴᠡ ᠶᠢ ᠰᠢᠯᠢᠳᠡᠭᠵᠢᠭᠦᠯᠵᠦ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠪᠠᠲᠤᠯᠠᠬᠤ ᠬᠡᠷᠡᠭᠲᠡᠢ᠃ | ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠨᠤᠭᠤᠳ | ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠦᠨᠡᠯᠡᠬᠦ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠳ ᠲᠣᠰ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤᠮᠳᠠᠬᠢ ᠴᠢᠬᠤᠯᠠ ᠪᠠᠶᠢᠳᠠᠯ ᠢᠶᠠᠨ ᠴᠠᠭ ᠲᠤᠬᠠᠢ ᠳᠤᠨᠢ ᠲᠠᠰ ᠳᠠᠷᠠᠭᠠᠯᠠᠯ ᠶᠣᠰᠣᠭᠠᠷ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | | | | | |