ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ | ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ | ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠨᠠᠷᠢᠨ ᠳᠦᠷᠢᠮ︾ ᠢ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ ᠤ 1 ᠰᠠᠷ᠎ᠠ ᠶᠢᠨ 20 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ᠠᠵᠢᠯ ᠦᠢᠯᠡᠰ ᠤᠨ ᠨᠢᠭᠡᠴᠡ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠱᠠᠭᠠᠷᠳᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠨᠠᠷᠢᠨ ᠳᠥ᠋ᠷᠢᠮ | ᠨᠢᠭᠡᠳᠦᠭᠡᠷ ᠵᠦᠢᠯ ᠮᠠᠨ ᠤ ᠬᠤᠳᠠ ᠶᠢᠨ ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠡᠰ ᠳᠠᠪᠬᠤᠷᠭ᠎ᠠ ᠶᠢᠨ ᠪᠠᠴᠢᠮ ᠬᠡᠷᠡᠭᠰᠡᠬᠦ ᠪᠠ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠵᠤ ᠢᠷᠡᠬᠦ ᠲᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠪᠠᠶᠠᠨᠨᠠᠭᠤᠷ ᠬᠤᠳᠠ ᠶᠢᠨ ᠴᠢᠳᠠᠪᠤᠷᠢᠲᠠᠨ | ᠣᠷᠣᠭᠤᠯᠵᠤ ᠢᠷᠡᠬᠦ ᠪᠠ ᠬᠥᠮᠥᠵᠢᠭᠦᠯᠬᠦ ᠬᠡᠷᠡᠭᠵᠢᠭᠦᠯᠬᠦ ᠠᠷᠭ᠎ᠠ︾ ︵ᠪᠠᠶᠠᠨᠨᠠᠭᠤᠷ ᠬᠤᠳᠠ ᠶᠢᠨ ᠴᠢᠳᠠᠪᠤᠷᠢᠲᠠᠨ ᠣᠷᠣᠭᠤᠯᠵᠤ ᠢᠷᠡᠬᠦ〔2023〕 3 ᠳ᠋ᠤᠭᠠᠷ | ᠲᠣᠭᠠᠲᠤ︶ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠡᠭᠡᠳᠦ ᠳᠡᠰ ᠤᠨ ᠪᠠᠴᠢᠮ ᠬᠡᠷᠡᠭᠰᠡᠬᠦ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠠᠭᠠᠨ ᠬᠤᠲᠠ ᠶᠢᠨ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠥᠷᠪᠡᠨ ᠲᠣᠭᠤᠷᠢᠭ︾ ᠤᠨ ᠬᠥᠭᠵᠢᠯᠲᠡ ᠶᠢᠨ | ᠪᠠᠶᠢᠷᠢ ᠲᠣᠭᠲᠠᠭᠠᠯᠲᠠ ᠶᠢ ᠲᠣᠭᠲᠠᠭᠠᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠴᠤᠭᠯᠠᠷᠠᠯ︾ ᠤᠨ ᠭᠤᠣᠯ ᠰᠢᠪᠲᠤᠯᠤᠯᠲᠠ ᠶᠢᠨ ᠴᠢᠭᠯᠡᠯ ᠢ ᠲᠣᠭᠲᠠᠭᠠᠨ᠂ | ᠪᠣᠳᠠᠲᠤ ᠬᠡᠷᠡᠭᠯᠡᠭᠡᠨ ᠤ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠵᠢᠷᠤᠮᠵᠢᠯ ᠲᠠᠢ ᠡᠮᠬᠢ ᠵᠢᠷᠤᠮ ᠲᠠᠢ᠂ ᠢᠯᠡ ᠲᠣᠳᠣ | ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠣᠯᠠᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠨᠠᠩ ᠣᠯᠠᠨ ᠳᠡᠭᠡᠳᠦ ᠲᠠᠰ ᠳᠠᠪᠬᠤᠷᠭ᠎ᠠ ᠶᠢᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠴᠢᠷᠮᠠᠶᠢᠨ ᠴᠤᠭᠯᠠᠷᠠᠭᠤᠯᠵᠤ᠂ ᠮᠠᠨ ᠤ ᠬᠤᠲᠠ ᠶᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠷᠬᠡᠭ ᠶᠡᠭᠡ ᠴᠢᠳᠠᠪᠤᠷᠢᠲᠠᠨ ᠤ | ᠲᠤᠯᠭᠠᠭᠤᠷᠢᠯᠠᠯ ᠬᠠᠩᠭᠠᠨ᠎ᠠ᠃ | ᠭᠤᠷᠪᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠨᠢ ᠭᠤᠣᠯᠳᠠᠭᠤ ︽ᠪᠠᠶᠠᠨᠨᠠᠭᠤᠷ ᠬᠤᠳᠠ ᠶᠢᠨ ᠴᠢᠳᠠᠪᠤᠷᠢᠲᠠᠨ ᠣᠷᠣᠭᠤᠯᠵᠤ ᠢᠷᠡᠬᠦ ᠪᠠ | ᠬᠥᠮᠥᠵᠢᠭᠦᠯᠬᠦ ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ ᠳᠥᠷᠪᠡᠳᠦᠭᠡᠷ᠂ ᠲᠠᠪᠤᠳᠤᠭᠠᠷ ᠲᠥᠷᠥᠯ ᠤᠨ ᠴᠢᠳᠠᠪᠤᠷᠢᠲᠠᠨ ᠣᠷᠣᠭᠤᠯᠵᠤ ᠢᠷᠡᠬᠦ ᠲᠡᠰ ᠳᠠᠷᠠᠭᠠᠯᠠᠯ ᠤᠨ | ᠱᠠᠭᠠᠷᠳᠠᠯᠭ᠎ᠠ ᠶᠢ ᠨᠠᠷᠢᠯᠢᠭᠵᠢᠭᠤᠯᠬᠤ ᠶᠠᠪᠤᠳᠠᠯ ᠪᠣᠯᠣᠨ᠎ᠠ᠃ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠬᠡᠷᠡᠭᠵᠢᠭᠦᠯᠬᠦ ᠨᠠᠷᠢᠨ ᠳᠦᠷᠢᠮ ᠢᠶᠠᠷ ᠯᠠᠪᠯᠠᠯᠲᠠ ᠪᠣᠯᠭᠠᠨ | ᠬᠡᠷᠡᠭᠵᠢᠭᠦᠯᠬᠦ ᠪᠤᠶᠤ ᠲᠣᠰ ᠬᠡᠷᠡᠭᠵᠢᠭᠦᠯᠬᠦ ᠨᠠᠷᠢᠨ ᠳᠦᠷᠢᠮ ᠲᠠᠢ ᠬᠠᠷᠢᠴᠠᠭᠤᠯᠤᠨ ᠲᠣᠰ ᠭᠠᠵᠠᠷ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠪᠣᠳᠠᠲᠠᠢ ᠨᠠᠷᠢᠨ ᠳᠦᠷᠢᠮ ᠢ ᠲᠣᠭᠲᠠᠭᠠᠵᠤ ᠪᠣᠯᠣᠨ᠎ᠠ᠃ | ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠣᠷᠣᠭᠤᠯᠵᠤ ᠢᠷᠡᠬᠦ ᠦᠭᠡᠢ᠄ | ︵ᠨᠢᠭᠡ︶ ᠵᠢᠩᠬᠢᠨᠢ ᠠᠯᠪᠠᠨ ᠤ ᠴᠡᠷᠢᠭ︔ ᠰᠤᠷᠤᠯᠴᠠᠵᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠣᠶᠤᠲᠠᠨ ᠪᠠ ᠠᠰᠫᠢᠷᠠᠨᠲ︔ | ︵ᠬᠤᠶᠠᠷ︶ ᠲᠤᠷᠰᠢᠨ ᠬᠡᠷᠡᠭᠯᠡᠬᠦ ᠬᠤᠭᠤᠴᠠᠭᠠᠨ ᠳᠠᠬᠢ ᠪᠠ ᠦᠢᠯᠡᠴᠢᠯᠡᠭᠡᠨ ᠤ ᠬᠠᠮᠤᠭ ᠤᠨ ᠳᠣᠣᠷ᠎ᠠ ᠵᠢᠯ ᠬᠤᠭᠤᠴᠠᠭ᠎ᠠ ᠨᠢ ᠳᠦᠭᠦᠷᠦᠭᠡᠳᠦᠢ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ︵ᠣᠷᠣᠨ ᠲᠤᠭ᠎ᠠ ᠶᠢ ᠵᠢᠭᠰᠠᠭᠠᠵᠤ ᠤᠷᠢᠨ ᠬᠡᠷᠡᠭᠯᠡᠬᠦ︶ ᠪᠤᠶᠤ ᠠᠯᠪᠠᠲᠠᠨ︔ | ︵ᠭᠤᠷᠪᠠ︶ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ | ᠬᠥᠮᠥᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔ | ︵ᠳᠥᠷᠪᠡ︶ ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠳᠤᠮᠳᠠ ᠬᠡᠮ ᠬᠢᠭᠰᠡᠨ ᠵᠡᠷᠭᠡ ᠡᠯᠰᠡᠨ | ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ | ᠬᠤᠭᠤᠴᠠᠭᠠᠨ ᠳᠤ ᠪᠠᠶᠢᠭ᠎ᠠ ᠠᠵᠢᠯᠲᠠᠨ︔ | ( ᠲᠠᠪᠤ ) ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠶ᠎ᠠ ᠠᠴᠠ ᠬᠥᠭᠡᠭᠡᠭᠳᠡᠭᠰᠡᠨ ᠬᠥᠮᠥᠰ︔ | ︵ᠵᠢᠷᠭᠤᠭ᠎ᠠ︶ ᠪᠠᠶᠠᠨᠨᠠᠭᠤᠷ ᠬᠤᠲᠠ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠯᠪᠠᠲᠠᠨ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ | ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ︵48 ᠳ᠋ᠤᠭᠠᠷ ᠲᠣᠭᠠᠲᠤ ᠦᠢᠯᠡᠴᠢᠯᠡᠭᠡᠨ ᠤ ᠣᠷᠣᠨ ᠲᠤᠭ᠎ᠠ ᠶᠢᠨ | ᠠᠵᠢᠯᠲᠠᠨ ᠪᠠᠭᠲᠠᠬᠤ ᠦᠭᠡᠢ︶ ᠵᠢᠴᠢ ᠣᠶᠢᠷ᠎ᠠ ᠶᠢᠨ 5 ᠵᠢᠯ ᠤᠨ ᠳᠣᠲᠣᠷ᠎ᠠ ᠲᠣᠰ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠲᠤᠰᠢᠶᠠᠯ | ᠠᠴᠠ ᠪᠠᠨ ᠪᠠᠭᠤᠭᠰᠠᠨ ᠪᠤᠶᠤ ᠠᠵᠢᠯ ᠠᠴᠠ ᠪᠠᠨ ᠵᠣᠭᠰᠣᠭᠠᠭᠳᠠᠭᠰᠠᠨ ᠬᠥᠮᠥᠰ ᠢ ᠬᠠᠮᠢᠶᠠᠷᠤᠨ᠎ᠠ︔ | ︵ᠲᠤᠯᠤᠭ᠎ᠠ︶ ᠣᠷᠣᠭᠤᠯᠵᠤ ᠢᠷᠡᠭᠰᠡᠨ ᠠᠵᠢᠯ ᠤᠨ ᠪᠠᠶᠢᠷᠢ ᠯᠤᠭ᠎ᠠ ᠵᠠᠶᠢᠯᠠᠭᠤᠯᠬᠤ ᠬᠠᠷᠢᠴᠠᠭ᠎ᠠ ᠲᠠᠢ ᠬᠥᠮᠥᠰ᠃ ᠬᠥᠮᠥᠨ ᠬᠡᠷᠡᠭᠯᠡᠬᠦ ᠨᠢᠭᠡᠴᠢ ᠶᠢᠨ ᠭᠤᠣᠯ | ᠬᠠᠷᠢᠭᠤᠴᠠᠯᠭᠠᠲᠠᠨ ᠲᠠᠢ ᠡᠷ᠎ᠡ ᠡᠮ᠎ᠡ ᠶᠢᠨ ᠬᠠᠷᠢᠴᠠᠭ᠎ᠠ ᠲᠠᠢ᠂ ᠰᠢᠭᠤᠳ ᠴᠢᠰᠤᠨ ᠲᠦᠷᠦᠯ ᠤᠨ ᠬᠠᠷᠢᠴᠠᠭ᠎ᠠ ᠲᠠᠢ᠂ ᠭᠤᠷᠪᠠᠨ ᠦᠶ᠎ᠡ ᠶᠢᠨ ᠳᠣᠲᠣᠷᠠᠬᠢ ᠦᠶᠡᠯᠢᠳ | ᠬᠠᠶᠠᠯᠢᠳ ᠴᠢᠰᠤᠨ ᠲᠦᠷᠦᠯ ᠪᠤᠶᠤ ᠣᠶᠢᠷ᠎ᠠ ᠤᠷᠤᠭ ᠰᠠᠳᠤᠨ ᠤ ᠬᠠᠷᠢᠴᠠᠭ᠎ᠠ ᠲᠠᠢ ᠤᠷᠢᠭᠳᠠᠭᠰᠠᠳ ᠪᠦᠬᠦᠨ ᠲᠤᠰ ᠨᠢᠭᠡᠴᠢ ᠶᠢᠨ ᠵᠣᠬᠢᠶᠠᠨ ᠪᠠᠶᠢᠭᠤᠯᠤᠯᠲᠠ | ᠠᠵᠢᠯᠲᠠᠨ ᠤ ᠶᠠᠪᠤᠳᠠᠯ᠂ ᠬᠢᠨᠠᠨ ᠪᠣᠳᠣᠯᠲᠠ᠂ ᠡᠳ᠋ ᠤᠨ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠠᠶᠢᠷᠢ ᠵᠢᠴᠢ ᠰᠢᠭᠤᠳ ᠳᠡᠭᠡᠳᠦ | ᠳᠣᠣᠷᠠᠳᠤ ᠱᠠᠲᠤᠨ ᠤ ᠤᠳᠤᠷᠢᠳᠤᠯᠭ᠎ᠠ ᠶᠢᠨ ᠬᠠᠷᠢᠴᠠᠭ᠎ᠠ ᠲᠠᠢ ᠠᠵᠢᠯ ᠤᠨ ᠪᠠᠶᠢᠷᠢ ᠳᠤ ᠤᠷᠢᠭᠳᠠᠵᠤ ᠪᠣᠯᠬᠤ ᠦᠭᠡᠢ︔ | ︵ᠨᠠᠢᠮᠠ︶ ᠴᠢᠳᠠᠪᠤᠷᠢᠲᠠᠨ ᠡᠯᠰᠡᠬᠦ ᠠᠵᠢᠯᠯᠠᠭ᠎ᠠ ᠶᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠤᠷᠢᠨ ᠬᠡᠷᠡᠭᠯᠡᠬᠦ ᠭᠠᠷᠳᠠᠮ ᠭᠦᠢᠴᠡᠳᠬᠡᠬᠦ ᠠᠴᠠ | ᠡᠮᠦᠨ᠎ᠡ᠂ ᠪᠤᠰᠤᠳ ᠠᠯᠪᠠᠲᠠᠨ ︵ᠠᠯᠪᠠᠨ ᠳᠤ ᠣᠷᠣᠯᠴᠠᠭᠴᠢ︶ ᠤ ᠰᠢᠯᠭᠠᠨ ᠡᠯᠰᠡᠯᠲᠡ ᠳᠤ ᠣᠷᠣᠯᠴᠠᠭᠰᠠᠨ ᠪᠤᠶᠤ ᠠᠵᠢᠯ ᠦᠢᠯᠡᠰ ᠤᠨ ᠨᠢᠭᠡᠴᠡ ᠶᠢᠨ ᠣᠷᠣᠨ | ᠲᠣᠭᠠᠨ ᠤ ᠳᠣᠲᠣᠷ᠎ᠠ ᠢᠯᠡ ᠪᠠᠷ ᠤᠷᠢᠨ ᠬᠡᠷᠡᠭᠯᠡᠭᠰᠡᠨ ᠠᠴᠠ ᠪᠣᠯᠵᠤ᠂ ᠪᠤᠰᠤᠳ ᠪᠠᠶᠢᠭᠤᠯᠤᠯᠭ᠎ᠠ ︵ᠠᠯᠪᠠᠨ ᠳᠤ ᠣᠷᠣᠯᠴᠠᠭᠴᠢ ᠨᠢᠭᠡᠴᠡ︶ ᠳᠤ ᠡᠯᠰᠡᠭᠳᠡᠭᠰᠡᠨ ᠪᠤᠶᠤ | ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠣᠷᠣᠵᠤ ᠤᠷᠢᠨ ᠬᠡᠷᠡᠭᠯᠡᠭᠰᠡᠨ ᠠᠴᠠ ᠪᠣᠯᠤᠭᠰᠠᠨ︔ ᠲᠣᠰ ᠤᠳᠠᠭᠠᠨ ᠤ ᠴᠢᠳᠠᠪᠤᠷᠢᠲᠠᠨ ᠡᠯᠰᠡᠬᠦ | ᠠᠵᠢᠯᠯᠠᠭ᠎ᠠ ᠶᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠠᠴᠠ ᠡᠮᠦᠨ᠎ᠡ᠂ ᠪᠦᠬᠦᠯᠢ ᠡᠳᠦᠷ ᠤᠨ ᠳᠦᠷᠢᠮᠲᠦ | ᠰᠣᠷᠣᠭᠴᠢ ᠪᠣᠯᠤᠭᠰᠠᠨ︔ | ︵ᠶᠢᠰᠦ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ | ᠦᠭᠡᠢ ᠪᠤᠰᠤᠳ ᠪᠠᠶᠢᠳᠠᠯ ᠲᠠᠢ ᠠᠵᠢᠯᠲᠠᠨ᠃ | ᠲᠠᠪᠤᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠡ ᠨᠦᠭᠦᠳ ᠳᠡᠭᠡᠳᠦ ᠲᠠᠰ | ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠳᠣᠣᠷᠠᠬᠢ ᠲᠠᠰ ᠳᠠᠷᠠᠭᠠᠯᠠᠯ ᠢᠶᠠᠷ | ᠭᠦᠢᠴᠡᠳᠬᠡᠨ᠎ᠡ᠄ | ︵ᠨᠢᠭᠡ︶ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡᠲᠡᠢ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠭᠠᠷᠴᠠᠭ ᠢ ᠨᠠᠶᠢᠷᠠᠭᠤᠯᠤᠨ ᠵᠣᠬᠢᠶᠠᠨ᠎ᠠ᠃ ᠡᠯ᠎ᠡ ᠬᠥᠮᠥᠨ ᠬᠡᠷᠡᠭᠯᠡᠬᠦ ᠨᠢᠭᠡᠴᠡ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠨ ᠤ ᠣᠷᠣᠭᠤᠯᠤᠨ ᠠᠪᠴᠢᠷᠠᠬᠤ | ᠴᠢᠳᠠᠪᠤᠷᠢᠲᠠᠨ ᠤ ᠣᠷᠣᠨ ᠲᠤᠭ᠎ᠠ ᠶᠢ ᠬᠡᠷᠡᠭᠯᠡᠬᠦ ᠲᠥᠯᠥᠪᠯᠡᠭᠡ ᠶᠢᠨ ᠳᠣᠲᠣᠷ᠎ᠠ᠂ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠲᠤ ᠮᠡᠳᠡᠭᠦᠯᠵᠦ ᠬᠢᠨᠠᠨ | ᠬᠠᠷᠭᠤᠭᠤᠯᠤᠭᠤᠯᠬᠤ ᠶᠢᠨ ᠬᠠᠮᠲᠤ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠲᠤ ᠮᠡᠳᠡᠭᠦᠯᠵᠦ ᠣᠷᠣᠨ ᠲᠤᠭ᠎ᠠ ᠶᠢᠨ ᠲᠥᠯᠥᠪᠯᠡᠭᠡ ᠶᠢ | ᠬᠢᠨᠠᠨ ᠵᠥᠪᠰᠢᠶᠡᠷᠡᠭᠦᠯᠦᠨ᠎ᠡ᠃ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠠᠴᠠ ᠡᠯ᠎ᠡ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠳᠡᠭᠡᠭᠰᠢ ᠮᠡᠳᠡᠭᠦᠯᠦᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠰᠤᠳᠤᠯᠤᠨ ᠬᠢᠨᠠᠨ ᠲᠣᠭᠲᠠᠭᠠᠭᠰᠠᠨ ᠤ ᠳᠠᠷᠠᠭ᠎ᠠ᠂ ᠡᠮᠬᠢᠳᠬᠡᠨ | ᠬᠤᠷᠢᠶᠠᠩᠭᠤᠶᠢᠯᠠᠭᠠᠳ ︽ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠠᠰ ᠤᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ ᠶᠢᠨ ᠭᠠᠷᠴᠠᠭ︾ ᠢ ᠪᠣᠶ ᠪᠣᠯᠭᠠᠨ᠎ᠠ᠃ | ︵ᠬᠤᠶᠠᠷ︶ ᠢᠯᠡ ᠪᠠᠷ ᠣᠷᠣᠭᠤᠯᠵᠤ ᠢᠷᠡᠨ᠎ᠡ᠃ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠨᠢ ︽ᠠᠵᠢᠯ | ᠦᠢᠯᠡᠰ ᠤᠨ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠭᠠᠷᠴᠠᠭ︾ ᠤᠨ ᠶᠣᠰᠣᠭᠠᠷ᠂ ᠪᠣᠳᠠᠲᠠᠢ ᠠᠵᠢᠯ ᠤᠨ ᠲᠥᠰᠥᠯ ᠲᠣᠭᠲᠠᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠦᠨ᠎ᠡ᠃ ᠡᠩ ᠤᠨ | ᠪᠠᠶᠢᠳᠠᠯ ᠳᠤ ᠰᠣᠨᠢᠨ᠂ ᠷᠠᠳᠢᠣ᠋ ᠲᠧᠯᠸᠢᠰ᠂ ᠴᠢᠳᠠᠪᠤᠷᠢᠲᠠᠨ ᠡᠯᠰᠡᠬᠦ ᠰᠦᠯᠵᠢᠶ᠎ᠡ ᠵᠡᠷᠭᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠠᠯᠪᠠᠨ ᠵᠠᠷ᠂ ᠠᠵᠢᠯ ᠤᠨ | ᠪᠠᠶᠢᠷᠢ ᠶᠢᠨ ᠮᠡᠳᠡᠭᠡ ᠵᠠᠩᠭᠢ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠬᠤᠲᠠ ᠠᠴᠠ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠥᠮᠥᠨ ᠬᠡᠷᠡᠭᠯᠡᠬᠦ ᠨᠢᠭᠡᠴᠡ ᠶᠢ ᠨᠢᠭᠡᠳᠦᠯᠲᠡᠢ ᠵᠣᠬᠢᠶᠠᠨ ᠪᠠᠶᠢᠭᠤᠯᠵᠤ ᠳᠡᠭᠡᠳᠦ | ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠭᠠᠵᠠᠷ ᠲᠤ ᠲᠤᠰᠬᠠᠢ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ | ᠥᠷᠨᠢᠭᠦᠯᠦᠭᠰᠡᠨ ᠴᠦ ᠪᠣᠯᠣᠨ᠎ᠠ᠃ | ᠨᠥᠬᠦᠴᠡᠯ ᠳᠤ ᠨᠡᠶᠢᠴᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ᠂ ᠬᠥᠮᠥᠨ ᠬᠡᠷᠡᠭᠯᠡᠬᠦ ᠨᠢᠭᠡᠴᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠰᠢᠯᠭᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠭᠦᠨ ᠳᠤ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠳᠤ ᠲᠤᠰᠬᠠᠢ ᠮᠡᠷᠭᠡᠵᠢᠯᠲᠡᠨ ᠤ ᠲᠤᠰᠬᠠᠢ ᠵᠦᠢᠯ ᠢᠶᠠᠷ ᠰᠢᠯᠭᠠᠨ ᠦᠨᠡᠯᠡᠬᠦ ᠠᠷᠭ᠎ᠠ ᠮᠠᠶ᠋ᠢᠭ ᠢᠶᠠᠷ ᠰᠢᠯᠭᠠᠨ ᠲᠣᠭᠲᠠᠭᠠᠵᠤ ᠪᠣᠯᠣᠨ᠎ᠠ᠂ | ᠲᠤᠰᠬᠠᠢ ᠵᠦᠢᠯ ᠢᠶᠠᠷ ᠰᠢᠯᠭᠠᠨ ᠦᠨᠡᠯᠡᠬᠦ ᠬᠡᠯᠪᠡᠷᠢ ᠶᠢᠨ ᠠᠭᠤᠯᠭ᠎ᠠ ᠶᠢ ᠲᠤᠰᠬᠠᠢ ᠮᠡᠷᠭᠡᠵᠢᠯᠲᠡᠨ ᠠᠴᠠ ᠠᠵᠢᠯ ᠤᠨ ᠪᠠᠶᠢᠷᠢ᠂ ᠲᠤᠰᠬᠠᠢ ᠮᠡᠷᠭᠡᠵᠢᠯ ᠵᠡᠷᠭᠡ ᠶᠢᠨ | ᠱᠠᠭᠠᠷᠳᠠᠯᠭ᠎ᠠ ᠶᠢ ᠦᠨᠳᠦᠰᠦᠯᠡᠨ ᠶᠡᠷᠦᠩᠬᠡᠶᠢᠯᠡᠨ ᠲᠣᠭᠲᠠᠭᠠᠵᠤ᠂ ᠰᠢᠯᠭᠠᠨ ᠲᠣᠭᠲᠠᠭᠠᠭᠰᠠᠨ ᠤ ᠳᠠᠷᠠᠭ᠎ᠠ ᠪᠢᠴᠢᠭ ᠤᠨ ᠬᠡᠯᠪᠡᠷᠢ ᠶᠢᠨ ᠰᠠᠨᠠᠯ ᠭᠠᠷᠭᠠᠬᠤ ᠬᠡᠷᠡᠭᠲᠡᠢ᠃ | ᠲᠠᠪᠤᠳᠤᠭᠠᠷ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠷᠪᠡᠯ᠂ ᠬᠥᠮᠥᠨ ᠬᠡᠷᠡᠭᠯᠡᠬᠦ ᠨᠢᠭᠡᠴᠢ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠴᠢᠬᠤᠯᠠ ᠪᠦᠬᠦᠢ ᠰᠢᠯᠭᠠᠨ ᠲᠣᠭᠲᠠᠭᠠᠬᠤ ᠠᠷᠭ᠎ᠠ ᠶᠢ ᠠᠪᠴᠤ ᠰᠢᠯᠭᠠᠨ ᠲᠣᠭᠲᠠᠭᠠᠬᠤ ᠬᠡᠷᠡᠭᠲᠡᠢ᠃ ᠰᠢᠯᠭᠠᠨ ᠲᠣᠭᠲᠠᠭᠠᠬᠤ ᠠᠷᠭ᠎ᠠ ᠶᠢ ᠠᠵᠢᠯ ᠤᠨ | ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠲᠤᠰᠬᠠᠢ ᠮᠡᠷᠭᠡᠵᠢᠯ ᠤᠨ ᠣᠨᠴᠠᠯᠢᠭ ᠵᠢᠴᠢ ᠨᠡᠷ᠎ᠡ ᠮᠡᠳᠡᠭᠦᠯᠦᠭᠰᠡᠨ ᠴᠢᠳᠠᠪᠤᠷᠢᠲᠠᠨ ᠤ ᠪᠠᠶᠢᠳᠠᠯ ᠢ ᠦᠨᠳᠦᠰᠦᠯᠡᠨ | ᠲᠣᠭᠲᠠᠭᠠᠵᠤ ᠪᠣᠯᠣᠨ᠎ᠠ᠂ ᠵᠢᠱᠢᠶᠡᠯᠡᠪᠡᠯ ᠨᠢᠭᠤᠷᠲᠠᠨ ᠰᠢᠯᠭᠠᠬᠤ᠂ ᠪᠢᠷ ᠤᠨ ᠰᠢᠯᠭᠠᠯᠲᠠ ᠪᠤᠶᠤ ᠪᠣᠳᠠᠲᠠᠢ ᠪᠣᠯᠪᠠᠰᠤᠷᠠᠯ ᠵᠡᠷᠭᠡ᠃ ᠰᠢᠯᠭᠠᠨ ᠦᠨᠡᠯᠡᠬᠦ ᠳᠤ 5 - 7 | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢᠶᠠᠷ ᠰᠢᠯᠭᠠᠨ ᠲᠣᠭᠲᠠᠭᠠᠬᠤ ᠳᠤᠭᠤᠶᠢᠯᠠᠩ ᠪᠦᠷᠢᠯᠳᠦᠭᠦᠯᠵᠦ᠂ ᠲᠣᠰ ᠨᠢᠭᠡᠴᠡ ᠪᠤᠶᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠨ ᠬᠠᠮᠤᠭ ᠢᠯᠡᠭᠦᠦ ᠳᠡᠭᠡᠨ 1 ᠨᠡᠷᠡᠰ ᠪᠠᠶᠢᠬᠤ ᠬᠡᠷᠡᠭᠲᠡᠢ᠃ ᠰᠢᠯᠭᠠᠨ ᠲᠣᠭᠲᠠᠭᠠᠬᠤ ᠳᠤᠭᠤᠶᠢᠯᠠᠩ ᠨᠢ ᠪᠢᠴᠢᠭᠯᠡᠭᠰᠡᠨ | ᠰᠠᠨᠠᠯ ᠭᠠᠷᠭᠠᠬᠤ ᠬᠡᠷᠡᠭᠲᠡᠢ᠃ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠪᠠ ᠲᠣᠮᠢᠯᠠᠨ ᠰᠠᠭᠤᠯᠭᠠᠭᠰᠠᠨ ︵ᠲᠣᠮᠢᠯᠠᠭᠰᠠᠨ︶ | ᠡᠯ᠎ᠡ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠵᠢᠯᠲᠠᠨ ᠲᠣᠮᠢᠯᠠᠨ ᠰᠢᠯᠭᠠᠨ ᠦᠨᠡᠯᠡᠬᠦ ᠳᠤ ᠪᠥᠬᠦ ᠶᠠᠪᠤᠴᠠ ᠳᠤ | ᠬᠢᠨᠠᠯᠲᠠ ᠲᠠᠯᠪᠢᠨ᠎ᠠ᠃ | ︵ᠭᠤᠷᠪᠠ︶ ᠰᠢᠨᠵᠢᠯᠡᠨ ᠪᠠᠶᠢᠴᠠᠭᠠᠬᠤ ᠶᠢ ᠢᠯᠡ ᠨᠡᠶᠢᠲᠡᠯᠡᠨ᠎ᠡ᠃ᠬᠥᠮᠥᠨ ᠬᠡᠷᠡᠭᠯᠡᠬᠦ ᠨᠢᠭᠡᠴᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠰᠢᠯᠭᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠣᠷᠣᠭᠤᠯᠬᠤ ᠭᠡᠵᠦ ᠪᠠᠶᠢᠭ᠎ᠠ ᠰᠠᠨᠠᠮᠵᠢ ᠶᠢᠨ ᠴᠢᠨᠠᠷᠲᠠᠢ | ᠵᠢᠱᠢᠭᠳᠡᠭᠴᠢ ᠶᠢ ᠰᠤᠳᠤᠯᠤᠨ ᠲᠣᠭᠲᠠᠭᠠᠬᠤ ᠶᠢᠨ ᠬᠠᠮᠲᠤ ᠲᠡᠭᠦᠨ ᠳᠤ ᠪᠡᠶ᠎ᠡ ᠶᠢᠨ ᠪᠠᠶᠢᠴᠠᠭᠠᠯᠲᠠ ᠶᠢᠨ ᠰᠢᠯᠭᠠᠨ ᠪᠠᠶᠢᠴᠠᠭᠠᠬᠤ ᠲᠠᠰ ᠳᠠᠷᠠᠭᠠᠯᠠᠯ ᠢ ᠭᠦᠢᠴᠡᠳᠬᠡᠨ᠎ᠡ᠃ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠬᠤᠷᠠᠯ ᠢᠶᠠᠷ ᠰᠤᠳᠤᠯᠤᠨ ᠲᠣᠭᠲᠠᠭᠠᠭᠰᠠᠨ ᠤ | ᠳᠠᠷᠠᠭ᠎ᠠ᠂ ᠤᠷᠢᠵᠤ ᠣᠷᠣᠭᠤᠯᠬᠤ ᠪᠠᠷ ᠪᠠᠶᠢᠭ᠎ᠠ ᠴᠢᠳᠠᠪᠤᠷᠢᠲᠠᠨ ᠢ 5 ᠠᠵᠢᠯ ᠤᠨ ᠡᠳᠦᠷ ᠠᠴᠠ ᠳᠤᠲᠠᠭᠤ ᠦᠭᠡᠢ ᠵᠠᠷᠯᠠᠨ ᠨᠡᠶᠢᠲᠡᠯᠡᠨ᠎ᠡ᠃ ᠵᠠᠷᠯᠠᠨ ᠨᠡᠶᠢᠲᠡᠯᠡᠵᠦ | ᠳᠠᠭᠤᠰᠤᠭᠰᠠᠨ ᠤ ᠳᠠᠷᠠᠭ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠤᠰᠬᠠᠭᠰᠠᠨ ᠭᠠᠳᠠᠭᠠᠳᠤ ᠠᠴᠠ ᠣᠷᠣᠭᠤᠯᠬᠤ ᠶᠢ ᠨᠥᠯᠥᠭᠡᠯᠡᠬᠦ ᠠᠰᠠᠭᠤᠳᠠᠯ ᠢ | ᠪᠠᠶᠢᠴᠠᠭᠠᠬᠤ ᠶᠢᠨ ᠬᠠᠮᠲᠤ ᠪᠣᠳᠠᠲᠤ ᠪᠠᠷᠢᠮᠲᠠ ᠲᠠᠢ ᠪᠣᠯ ᠭᠠᠳᠠᠭᠠᠳᠤ ᠠᠴᠠ ᠣᠷᠣᠭᠤᠯᠬᠤ ᠦᠭᠡᠢ︔ ᠲᠤᠰᠬᠠᠭᠰᠠᠨ ᠠᠰᠠᠭᠤᠳᠠᠯ ᠢ ᠲᠦᠷ ᠴᠠᠭ ᠪᠠᠶᠢᠴᠠᠭᠠᠨ | ᠲᠣᠳᠣᠯᠠᠬᠤ ᠳᠤ ᠪᠡᠷᠬᠡᠲᠡᠢ ᠪᠠᠶᠢᠪᠠᠯ᠂ ᠭᠠᠳᠠᠭᠠᠳᠤ ᠠᠴᠠ ᠣᠷᠣᠭᠤᠯᠬᠤ ᠶᠢ ᠲᠦᠷ ᠬᠤᠶᠢᠰᠢᠯᠠᠭᠤᠯᠵᠤ᠂ ᠠᠰᠠᠭᠤᠳᠠᠯ ᠢ ᠪᠠᠶᠢᠴᠠᠭᠠᠨ ᠲᠣᠳᠣᠯᠠᠭᠰᠠᠨ ᠤ ᠲᠠᠷᠠᠭ᠎ᠠ | ᠭᠠᠳᠠᠭᠠᠳᠤ ᠠᠴᠠ ᠣᠷᠣᠭᠤᠯᠬᠤ ᠡᠰᠡᠬᠦ ᠪᠠᠨ ᠲᠣᠭᠲᠠᠭᠠᠨ᠎ᠠ᠃ | ( ᠳᠥᠷᠪᠡ ) ᠭᠠᠷ ᠭᠦᠢᠴᠡᠳᠬᠡᠯ ᠬᠢᠬᠦ᠃ ᠬᠥᠮᠥᠨ ᠬᠡᠷᠡᠭᠯᠡᠬᠦ ᠨᠢᠭᠡᠴᠡ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠲᠠ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠲᠤ ᠣᠷᠣᠭᠤᠯᠤᠨ ᠠᠪᠴᠢᠷᠠᠬᠤ ᠭᠤᠶᠤᠴᠢᠯᠠᠯ ᠭᠠᠷᠭᠠᠪᠠ᠃ ᠨᠥᠬᠦᠴᠡᠯ ᠳᠤ ᠨᠡᠶᠢᠴᠡᠬᠦ ᠮᠥᠷᠲᠡᠭᠡᠨ ᠮᠠᠲ᠋ᠧᠷᠢᠶᠠᠯ | ᠨᠢ ᠪᠦᠷᠢᠨ ᠭᠦᠢᠴᠡᠳ ᠪᠠᠶᠢᠪᠠᠯ᠂ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠠᠴᠠ ᠳᠡᠭᠡᠭᠰᠢ ᠬᠤᠲᠠ ᠶᠢᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 10 | ᠠᠵᠢᠯᠯᠠᠬᠤ ᠡᠳᠦᠷ ᠤᠨ ᠳᠣᠲᠣᠷ᠎ᠠ ᠣᠷᠣᠭᠤᠯᠤᠨ ᠠᠪᠴᠢᠷᠠᠬᠤ ᠭᠠᠷᠳᠠᠮ ᠢ ᠭᠦᠢᠴᠡᠳᠬᠡᠵᠦ ᠳᠠᠭᠤᠰᠬᠠᠨ᠎ᠠ᠂ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠭᠠᠷᠳᠠᠮ ᠢ ᠬᠢᠵᠦ ᠥᠭᠭᠦᠭᠰᠡᠨ ᠤ | ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠣᠷᠣᠨ ᠲᠤᠭ᠎ᠠ ᠳᠤ ᠵᠢᠭᠰᠠᠭᠠᠬᠤ ᠭᠠᠷᠳᠠᠮ ᠢ ᠭᠦᠢᠴᠡᠳᠬᠡᠵᠦ ᠳᠠᠭᠤᠰᠬᠠᠬᠤ ᠬᠡᠷᠡᠭᠲᠡᠢ᠃ | ᠬᠥᠮᠥᠨ ᠬᠡᠷᠡᠭᠯᠡᠬᠦ ᠨᠢᠭᠡᠴᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠭᠠᠳᠠᠭᠠᠳᠤ ᠠᠴᠠ ᠣᠷᠣᠭᠤᠯᠬᠤ ᠭᠤᠶᠤᠴᠢᠯᠠᠯ ᠭᠠᠷᠭᠠᠬᠤ ᠳᠠᠭᠠᠨ ᠡᠷᠬᠡᠪᠰᠢ | ᠬᠤᠲᠠ ᠶᠢᠨ ᠴᠢᠳᠠᠪᠤᠷᠢᠲᠠᠨ ᠢ ᠭᠠᠳᠠᠭᠠᠳᠤ ᠠᠴᠠ ᠣᠷᠣᠭᠤᠯᠬᠤ ᠠᠵᠢᠯ ᠤᠨ ᠠᠯᠪᠠᠨ ᠭᠡᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | 1. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠮᠡᠳᠡᠭᠦᠯᠦᠯᠲᠡ ︵ᠵᠢᠩᠬᠢᠨᠢ ᠪᠢᠴᠢᠭ ᠮᠠᠲ᠋ᠧᠷᠢᠶᠠᠯ︶᠂ ᠡᠭᠦᠨ ᠳᠤ ᠣᠷᠣᠭᠤᠯᠤᠨ ᠠᠪᠴᠢᠷᠠᠬᠤ ᠪᠠᠷ ᠪᠠᠶᠢᠭ᠎ᠠ | ᠴᠢᠳᠠᠪᠤᠷᠢᠲᠠᠨ ᠤ ᠦᠨᠳᠦᠰᠦᠨ ᠪᠠᠶᠢᠳᠠᠯ᠂ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ᠂ ᠰᠢᠯᠭᠠᠨ ᠦᠨᠡᠯᠡᠭᠰᠡᠨ ᠪᠠᠶᠢᠳᠠᠯ᠂ ᠰᠢᠨᠵᠢᠯᠡᠨ ᠪᠠᠶᠢᠴᠠᠭᠠᠭᠰᠠᠨ ᠪᠠ | ᠤᠯᠤᠰ ᠲᠥᠷᠥ ᠶᠢᠨ ᠬᠢᠨᠠᠨ ᠪᠠᠶᠢᠴᠠᠭᠠᠭᠰᠠᠨ ᠪᠠᠶᠢᠳᠠᠯ ︵ᠲᠠᠩᠰᠠ ᠡᠪᠬᠡᠮᠡᠯ ᠤᠨ ᠪᠠᠶᠢᠳᠠᠯ ᠪᠠᠭᠲᠠᠨ᠎ᠠ︶᠂ ᠪᠡᠶ᠎ᠡ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠵᠠᠷᠯᠠᠨ | ᠨᠡᠶᠢᠲᠡᠯᠡᠭᠰᠡᠨ ᠪᠠᠶᠢᠳᠠᠯ ᠪᠠᠭᠲᠠᠨ᠎ᠠ᠃ | 2. ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠠᠩᠰᠠᠯᠠᠬᠤ ᠬᠦᠰᠦᠨᠦᠭ ︵ᠨᠢᠭᠡ ᠬᠡᠯᠪᠡᠷᠢ ᠶᠢᠨ ᠭᠤᠷᠪᠠᠨ ᠬᠤᠪᠢ︶᠃ | 3. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠤᠷᠭᠠᠭᠤᠯᠢ ᠶᠢᠨ ᠬᠠᠷᠢᠶ᠎ᠠ ᠶᠢᠨ ᠮᠠᠲ᠋ᠧᠷᠢᠶᠠᠯ᠂ ᠮᠡᠷᠭᠡᠵᠢᠯ ᠤᠨ ᠴᠣᠯᠠ᠂ ᠮᠡᠷᠭᠡᠵᠢᠯ ᠴᠢᠳᠠᠪᠤᠷᠢ ᠬᠢᠷᠢ ᠬᠡᠮ | ᠵᠡᠷᠭᠡ ᠮᠠᠲ᠋ᠧᠷᠢᠶᠠᠯ᠃ | 4. ᠣᠷᠣᠭᠤᠯᠵᠤ ᠢᠷᠡᠭᠰᠡᠨ ᠴᠢᠳᠠᠪᠤᠷᠢᠲᠠᠨ ᠢ ᠦᠨᠡᠯᠡᠨ ᠵᠢᠱᠢᠭᠰᠡᠨ ᠰᠠᠨᠠᠯ᠂ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ᠂ ᠨᠡᠶᠢᠲᠡ ᠳᠤ ᠵᠠᠷᠯᠠᠬᠤ ᠪᠠ | ᠬᠠᠮᠲᠤ ᠶᠢᠨ ᠰᠤᠳᠤᠯᠭᠠᠨ ᠤ ᠮᠠᠲ᠋ᠧᠷᠢᠶᠠᠯ᠃ | 5. ᠳᠡᠪᠰᠢᠭᠦᠯᠦᠨ ᠲᠤᠰᠢᠶᠠᠬᠤ ᠴᠢᠬᠤᠯᠠᠲᠠᠢ ᠪᠤᠰᠤᠳ ᠮᠠᠲ᠋ᠧᠷᠢᠶᠠᠯ᠃ | ᠵᠢᠷᠭᠤᠳᠤᠭᠠᠷ ᠵᠦᠢᠯ ᠰᠢᠨ᠎ᠡ ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠲᠤᠷᠰᠢᠨ ᠬᠡᠷᠡᠭᠯᠡᠬᠦ ᠬᠤᠭᠤᠴᠠᠭ᠎ᠠ ᠶᠢᠨ ᠳᠦᠷᠢᠮ ᠢ ᠲᠣᠭᠲᠠᠭᠠᠯ | ᠶᠣᠰᠣᠭᠠᠷ ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ ᠤᠷᠢᠵᠤ | ᠬᠡᠷᠡᠭᠯᠡᠨ᠎ᠡ ︵ᠵᠢᠩᠬᠢᠨᠢᠴᠢᠯᠡᠨ ᠲᠡᠰ ᠲᠣᠭᠲᠠᠭᠠᠨ᠎ᠠ︶᠃ | ᠳᠣᠯᠣᠳᠤᠭᠠᠷ ᠵᠦᠢᠯ ᠣᠷᠣᠭᠤᠯᠤᠨ ᠠᠪᠴᠢᠷᠠᠬᠤ ᠴᠢᠳᠠᠪᠤᠷᠢᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠠᠴᠠ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠠᠮᠢᠶ᠎ᠠ ᠪᠦᠬᠦᠢ | ᠬᠥᠮᠥᠰ ᠢ ᠣᠷᠣᠭᠤᠯᠤᠨ ᠠᠪᠴᠢᠷᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠢᠯᠭᠠᠷᠠᠭᠤᠯᠤᠨ ᠪᠤᠴᠠᠭᠠᠨ᠎ᠠ᠃ | ︵ᠨᠢᠭᠡ︶ ᠬᠥᠮᠥᠨ ᠬᠡᠷᠡᠭᠯᠡᠬᠦ ᠨᠢᠭᠡᠴᠢ ᠲᠣᠭᠲᠠᠭᠠᠭᠰᠠᠨ ᠵᠢᠷᠤᠮ ᠢ ᠵᠥᠷᠢᠴᠡᠭᠰᠡᠨ᠃ | ︵ᠬᠤᠶᠠᠷ︶ ᠬᠥᠮᠥᠨ ᠬᠡᠷᠡᠭᠯᠡᠬᠦ ᠨᠢᠭᠡᠴᠢ ᠪᠤᠶᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ | ᠪᠠᠶᠢᠳᠠᠯ ᠲᠠᠢ ᠪᠠᠶᠢᠬᠤ᠃ | ︵ᠭᠤᠷᠪᠠ︶ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ᠂ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ ᠲᠠᠢ ᠪᠠᠶᠢᠬᠤ᠃ | ᠨᠠᠢᠮᠠᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠲᠤᠷᠰᠢᠨ ᠬᠡᠷᠡᠭᠯᠡᠬᠦ ᠬᠤᠭᠤᠴᠠᠭ᠎ᠠ ᠨᠢ | ᠳᠦᠭᠦᠷᠪᠡᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ᠂ ᠳ᠋ᠣᠺᠲ᠋ᠣᠷᠠᠨᠲ ᠢᠶᠠᠷ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ | ᠡᠭᠦᠷᠭᠡᠯᠡᠭᠦᠯᠵᠦ᠂ ᠠᠰᠫᠢᠷᠠᠨᠲ ᠢᠶᠠᠷ ᠨᠠᠢᠮᠠᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ ᠪᠣᠯᠣᠨ᠎ᠠ︔ | ᠬᠤᠲᠠ ᠶᠢᠨ ᠳᠣᠲᠣᠷᠠᠬᠢ ᠣᠲᠣ ᠶᠢᠨ ᠪᠠᠶᠢᠭ᠎ᠠ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠳ᠋ᠣᠺᠲ᠋ᠣᠷᠠᠨᠲ ᠲᠤᠰᠢᠶᠠᠯ ᠡᠭᠦᠷᠭᠡᠯᠡᠬᠦ ᠨᠥᠬᠦᠴᠡᠯ ᠳᠤ | ᠨᠡᠶᠢᠴᠡᠭᠰᠡᠨ ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠳᠣᠯᠣᠳᠤᠭᠠᠷ ᠳᠡᠰ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠤᠳᠤᠷᠢᠳᠬᠤ ᠲᠤᠰᠢᠶᠠᠯ ᠢ | ᠡᠭᠦᠷᠭᠡᠯᠡᠵᠦ ᠪᠣᠯᠣᠨ᠎ᠠ᠃ ᠣᠨᠴᠠᠭᠠᠶ ᠰᠢᠯᠢᠳᠡᠭ ᠢ ᠨᠢ ᠱᠠᠲᠤ ᠠᠯᠭᠠᠰᠠᠨ ᠳᠡᠪᠰᠢᠭᠦᠯᠬᠦ ᠠᠷᠭ᠎ᠠ ᠮᠠᠶ᠋ᠢᠭ ᠢᠶᠠᠷ ᠨᠡᠩ ᠥᠨᠳᠥᠷ ᠲᠤᠰᠢᠶᠠᠯ ᠤᠨ ᠲᠡᠰ ᠳᠠᠪᠬᠤᠷᠭ᠎ᠠ ᠶᠢᠨ | ᠤᠳᠤᠷᠢᠳᠬᠤ ᠪᠠᠶᠢᠷᠢᠨ ᠳᠤ ᠳᠡᠪᠰᠢᠭᠦᠯᠵᠦ ᠪᠣᠯᠣᠨ᠎ᠠ᠃ | ᠶᠢᠰᠦᠳᠦᠭᠡᠷ ᠵᠦᠢᠯ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢ ᠬᠠᠮᠢᠶ᠎ᠠ ᠪᠦᠬᠦᠢ ᠨᠥᠬᠦᠴᠡᠯ ᠳᠤ ᠨᠡᠶᠢᠴᠡᠪᠡᠯ᠂ ᠪᠣᠳᠠᠲᠤ ᠪᠠᠶᠢᠳᠠᠯ ᠢᠶᠠᠨ ᠦᠨᠳᠦᠰᠦᠯᠡᠨ | ᠮᠠᠨ ᠤ ᠬᠤᠲᠠ ᠶᠢᠨ ᠬᠤᠳᠠᠯᠳᠤᠨ ᠠᠪᠤᠭᠰᠠᠨ︵ᠲᠦᠷᠢᠶᠡᠰᠦᠯᠡᠭᠰᠡᠨ︶ ᠭᠡᠷ ᠪᠠᠶᠢᠰᠢᠩ ᠤᠨ ᠨᠥᠬᠦᠪᠦᠷᠢ᠂ ᠬᠤᠯᠪᠣᠰᠤ ᠨᠢ ᠠᠵᠢᠯ ᠣᠯᠣᠭᠰᠠᠨ᠂ ᠦᠷ᠎ᠡ ᠬᠡᠦᠬᠡᠳ ᠤᠨ | ᠬᠢᠨᠢ ᠰᠤᠷᠭᠠᠭᠤᠯᠢ ᠳᠤ ᠣᠷᠣᠬᠤ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠵᠡᠷᠭᠡ ᠬᠠᠷᠠᠭᠠᠯᠵᠠᠯ ᠢ ᠬᠦᠷᠲᠡᠵᠦ ᠪᠣᠯᠣᠨ᠎ᠠ᠃ | ᠠᠷᠪᠠᠳᠤᠭᠠᠷ ᠵᠦᠢᠯ ᠴᠢᠳᠠᠪᠤᠷᠢᠲᠠᠨ ᠢ ᠵᠠᠪᠠᠯ ᠣᠷᠣᠭᠤᠯᠤᠨ ᠠᠪᠴᠢᠷᠠᠬᠤ ᠳᠤ ᠬᠥᠮᠥᠨ ᠬᠡᠷᠡᠭᠯᠡᠬᠦ ᠨᠢᠭᠡᠴᠡ ᠯᠦᠭᠡ 5 ᠵᠢᠯ ᠠᠴᠠ ᠳᠡᠭᠡᠭᠰᠢ ᠦᠢᠯᠡᠴᠢᠯᠡᠭᠡᠨ ᠤ | ᠬᠡᠯᠡᠯᠴᠡᠭᠡᠷ ᠲᠣᠭᠲᠠᠵᠤ᠂ ᠦᠢᠯᠡᠴᠢᠯᠡᠭᠡᠨ ᠤ ᠬᠤᠭᠤᠴᠠᠭᠠᠨ ᠳᠠᠬᠢ ᠡᠷᠬᠡ ᠡᠭᠦᠷᠭᠡ᠂ ᠬᠠᠷᠢᠭᠤᠴᠠᠯᠭ᠎ᠠ ᠶᠢᠨ ᠬᠠᠷᠠᠯᠲᠠ᠂ ᠬᠢᠨᠠᠨ ᠰᠢᠯᠭᠠᠵᠤ ᠱᠠᠩᠨᠠᠵᠤ ᠲᠣᠷᠭᠠᠬᠤ᠂ | ᠴᠠᠯᠢᠩ ᠣᠯᠭᠤᠮᠵᠢ ᠵᠡᠷᠭᠡ ᠨᠥᠬᠦᠴᠡᠯ ᠢ ᠲᠣᠳᠣᠷᠬᠠᠶᠢᠯᠠᠬᠤ ᠬᠡᠷᠡᠭᠲᠡᠢ᠃ ᠦᠢᠯᠡᠴᠢᠯᠡᠭᠡᠨ ᠤ ᠬᠤᠭᠤᠴᠠᠭ᠎ᠠ ᠳᠠᠭᠤᠰᠤᠭᠠᠳᠤᠢ ᠪᠠᠷ ᠬᠡᠯᠡᠯᠴᠡᠭᠡᠷ ᠢ ᠳᠠᠭᠤᠰᠬᠠᠭᠰᠠᠨ | ᠪᠠᠶᠢᠪᠠᠯ᠂ ᠬᠤᠯᠪᠣᠭᠳᠠᠯ ᠪᠦᠬᠦᠢ ᠬᠠᠷᠠᠭᠠᠯᠵᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠣᠬᠢᠴᠠᠩᠭᠤᠢ ᠪᠣᠯᠵᠤᠭ᠎ᠠ ᠵᠥᠷᠢᠴᠡᠭᠰᠡᠨ ᠮᠥᠩᠭᠦ ᠶᠢ ᠨᠡᠬᠡᠮᠵᠢᠯᠡᠨ | ᠲᠤᠰᠢᠶᠠᠯᠭᠠᠨ᠎ᠠ᠃ | ᠠᠷᠪᠠᠨ ᠨᠢᠭᠡᠳᠦᠭᠡᠷ ᠵᠦᠢᠯ ᠴᠢᠳᠠᠪᠤᠷᠢᠲᠠᠨ ᠣᠷᠣᠭᠤᠯᠵᠤ ᠢᠷᠡᠬᠦ ᠨᠢ ᠬᠥᠮᠥᠨ ᠬᠡᠷᠡᠭᠯᠡᠬᠦ ᠨᠢᠭᠡᠴᠡ ᠯᠦᠭᠡ 3 ᠵᠢᠯ ᠠᠴᠠ ᠳᠡᠭᠡᠭᠰᠢ ᠠᠵᠢᠯ ᠤᠨ ᠵᠥᠪᠯᠡᠯᠴᠡᠭᠡᠷ | ᠲᠣᠭᠲᠠᠭᠰᠠᠨ ᠪᠥᠭᠡᠳ ᠵᠢᠯ ᠪᠦᠷᠢ ᠬᠥᠮᠥᠨ ᠬᠡᠷᠡᠭᠯᠡᠬᠦ ᠨᠢᠭᠡᠴᠡ ᠳᠤ ᠨᠡᠶᠢᠳᠡ 3 ᠰᠠᠷ᠎ᠠ ᠠᠴᠠ ᠳᠡᠭᠡᠭᠰᠢ ᠠᠵᠢᠯᠯᠠᠭᠰᠠᠨ ᠤ ᠬᠠᠮᠲᠤ ᠵᠣᠬᠢᠬᠤ ᠠᠵᠢᠯ ᠤᠨ ᠠᠮᠵᠢᠯᠲᠠ | ᠣᠯᠣᠭᠰᠠᠨ ᠳᠤᠨᠢ ᠪᠠᠶᠠᠨᠨᠠᠭᠤᠷ ᠬᠤᠳᠠ ᠳᠤ ᠠᠵᠢᠯᠯᠠᠭᠰᠠᠨ ᠢᠶᠠᠷ ᠦᠵᠡᠵᠦ᠂ ︽ᠲᠠᠯ᠎ᠠ ᠨᠤᠲᠤᠭ ᠤᠨ ᠴᠢᠳᠠᠪᠤᠷᠢᠲᠠᠨ︾᠂ ︽ᠪᠣᠷᠣᠳᠣᠬᠤᠢ ᠶᠢᠨ ᠴᠢᠳᠠᠪᠤᠷᠢᠲᠠᠨ︾ | ᠵᠡᠷᠭᠡ ᠴᠢᠳᠠᠪᠤᠷᠢᠲᠠᠨ ᠤ ᠢᠨᠵᠧᠨᠧᠷᠢᠩ ᠵᠢᠴᠢ ᠪᠤᠰᠤᠳ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠮᠡᠳᠡᠭᠦᠯᠵᠦ ᠪᠣᠯᠣᠨ᠎ᠠ᠃ | ᠠᠷᠪᠠᠨ ᠬᠤᠶᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |