6 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠲᠠ ᠳᠤ ᠠᠵᠢᠯ ᠪᠠᠶᠢᠴᠠᠭᠠᠵᠤ᠂ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠰᠠᠭᠤᠳᠠᠯ ᠤᠨ ᠬᠤᠷᠡᠯ ᠡᠷᠭᠢᠯᠡᠭᠦ ᠶᠢᠨ ᠲᠠᠭᠤ ᠴᠢᠬᠤᠯᠠ ᠶᠠᠷᠢᠶ᠎ᠠ ᠲᠠᠯᠪᠢᠪᠠ᠃ ᠰᠢ ᠶᠢᠨ | ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠤᠮᠠᠷᠠᠲᠤ ᠶᠢᠨ ᠭᠤᠷᠪᠠᠨ | ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ | ᠠᠬᠤᠢ ᠶᠢᠨ ᠠᠮᠤᠷ ᠲᠦᠪᠰᠢᠨ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ | ᠬᠥᠭᠵᠢᠯᠲᠡ ᠳᠤ ᠬᠤᠯᠪᠣᠭᠳᠠᠵᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠮᠥᠨ ᠭᠡᠪᠡ᠃ | ᠮᠠᠨ ᠤ ᠬᠤᠲᠠ ᠤᠯᠤᠰ ᠤᠨ ︽ᠭᠤᠷᠪᠠᠨ ᠣᠷᠣᠨ ᠳᠥᠷᠪᠡᠨ ᠪᠦᠰᠡ︾ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠤᠨ ᠤᠮᠠᠷᠠᠲᠤ ᠶᠢᠨ | ᠡᠯᠡᠰᠦ ᠶᠢ ᠰᠡᠷᠭᠡᠶᠢᠯᠡᠬᠦ ᠪᠦᠰᠡ ᠳᠤ ᠣᠷᠣᠰᠢᠵᠤ᠂ ᠪᠥᠬᠦ ᠤᠯᠤᠰ ᠤᠨ ᠭᠠᠵᠠᠷ ᠰᠢᠷᠣᠢ ᠶᠢᠨ ᠡᠯᠡᠰᠦᠷᠬᠡᠭᠵᠢᠯ ᠪᠠ ᠴᠦᠯᠯᠡᠷᠭᠡᠭᠵᠢᠯ ᠤᠨ ᠬᠤᠣᠷ ᠬᠥᠨᠥᠭᠡᠯ ᠬᠦᠨᠳᠦ | ᠨᠣᠴᠢᠲᠠᠢ ᠭᠠᠵᠠᠷ ᠣᠷᠣᠨ ᠤ ᠨᠢᠭᠡ ᠪᠠᠶᠢᠵᠤ᠂ ᠮᠥᠨ ᠴᠦ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠰᠠᠯᠬᠢ ᠰᠢᠭᠤᠷᠭᠠᠨ ᠤ ᠵᠡᠭᠦᠨ ᠡᠮᠤᠨᠡᠰᠢ | ᠲᠦᠷᠢᠮᠡᠭᠡᠶᠢᠯᠡᠭᠦ ᠶᠢ ᠬᠤᠷᠢᠭᠯᠠᠬᠤ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠣᠨ᠎ᠠ᠃ | ᠮᠠᠨ ᠤ ᠬᠤᠲᠠ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠥᠷᠨᠢᠭᠦᠯᠵᠦ᠂ ᠢᠨᠵᠧᠨᠧᠷᠢᠩ ᠢᠶᠠᠷ ᠡᠯᠡᠰᠦ ᠶᠢ ᠵᠠᠰᠠᠬᠤ᠂ ᠠᠵᠤ ᠦᠢᠯᠡᠰ ᠢᠶᠠᠷ ᠡᠯᠡᠰᠦ ᠶᠢ ᠵᠠᠰᠠᠬᠤ᠂ | ᠪᠢᠲᠡᠭᠦᠮᠵᠢᠯᠡᠨ ᠰᠠᠯᠪᠢᠨ ᠵᠠᠰᠠᠬᠤ ᠵᠡᠷᠭᠡ ᠶᠡᠷᠤᠩᠭᠡᠶᠢᠯᠡᠭᠰᠡᠨ ᠠᠷᠠᠭ᠎ᠠ ᠪᠠᠷᠢᠯ ᠢᠶᠠᠷ ᠳᠠᠮᠵᠢᠨ᠂ ᠴᠦᠯᠯᠡᠷᠬᠡᠭᠵᠢᠯ ᠢ ᠵᠠᠰᠠᠬᠤ ᠶᠢ ᠦᠷᠭᠦᠯᠵᠢᠯᠡᠨ ᠠᠭᠢᠭᠤᠯᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠥᠬᠦ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠠᠯᠠᠪᠠᠶ1490.87 ᠲᠦᠮᠡᠨ ᠮᠦ | ᠪᠡᠶᠡᠯᠡᠭᠦᠯᠪᠡ᠃ | ᠡᠨᠡ ᠬᠤᠶᠠᠷ ᠡᠳᠦᠷ᠂ ᠤᠯᠠᠭᠠᠨᠪᠤᠬ᠎ᠠ ᠶᠢᠨ ᠡᠯᠡᠰᠦᠨ ᠴᠦᠯ ᠤᠨ ᠥᠷᠥᠴᠡᠨ ᠳᠠᠬᠢ ᠳ᠋ᠧᠩᠺᠸᠤ ᠰᠢᠶᠠᠨ ᠤ ᠪᠤᠷᠭᠠᠢ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ | ᠺᠣᠮᠫᠠᠨᠢ ᠶᠢᠨ 4.3 ᠲᠦᠮᠡᠨ ᠮᠦ ᠰᠢᠯᠢᠳᠡᠭ ᠪᠣᠷᠣ ᠴᠠᠷᠭᠠᠰᠤ ᠶᠢᠨ ᠲᠠᠷᠢᠮᠠᠯ ᠤᠨ ᠰᠠᠭᠤᠷᠢᠨ ᠭᠠᠵᠠᠷ ᠲᠤ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠪᠤᠷᠤ | ᠴᠠᠷᠭᠠᠰᠤ ᠭᠦᠭᠡᠷᠡᠨ ᠨᠤᠭᠤᠭᠠᠷᠠᠵᠤ᠂ ᠬᠠᠳᠤᠵᠤ ᠬᠤᠷᠢᠶᠠᠬᠤ ᠬᠤᠭᠤᠴᠠᠭ᠎ᠠ ᠳᠠᠭᠠᠨ ᠤᠷᠤᠭᠠᠳ ᠪᠠᠶᠢᠯ᠎ᠠ᠃ ᠪᠣᠷᠣ ᠴᠠᠷᠭᠠᠰᠤ ᠪᠣᠯ ᠣᠯᠠᠨ ᠨᠠᠰᠤᠲᠤ ᠴᠢᠨᠠᠷ ᠰᠠᠶᠢᠲᠠᠢ | ᠲᠡᠵᠢᠭᠡᠯ ᠡᠪᠡᠰᠦ ᠪᠠᠶᠢᠵᠤ᠂ ᠦᠨᠳᠦᠰᠦ ᠬᠠᠳᠬᠤᠬᠤ ᠪᠠᠷ ᠰᠠᠶᠢᠨ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠰᠠᠯᠬᠢᠨ ᠢ ᠬᠠᠯᠬᠠᠯᠠᠨ ᠡᠯᠡᠰᠦ ᠶᠢ | ᠲᠣᠭᠲᠠᠪᠤᠷᠢᠵᠢᠭᠤᠯᠬᠤ ᠲᠠᠯ᠎ᠠ ᠪᠠᠷ ᠢᠯᠡᠳᠲᠡ ᠦᠢᠯᠡᠳᠦᠯ ᠲᠠᠢ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠬᠥᠷᠥᠰᠥ ᠰᠢᠷᠣᠢ ᠶᠢᠨ ᠢᠳᠡᠭᠳᠡᠯ ᠢ ᠪᠠᠭᠠᠰᠬᠠᠬᠤ ᠳᠤ | ᠠᠰᠢᠭᠲᠠᠢ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠦᠵᠡᠭᠦᠯᠵᠤ ᠪᠠᠶᠢᠳᠠᠭ᠃ ᠣᠶᠢᠷ᠎ᠠ ᠶᠢᠨ ᠵᠢᠯ ᠳᠤ᠂ ᠮᠠᠨ ᠤ ᠬᠤᠲᠠ ︽ᠤᠮᠠᠷᠠᠲᠤ ᠶᠢᠨ | ᠭᠤᠷᠪᠠᠨ ᠤᠷᠤᠨ︾ ᠤ ᠬᠠᠯᠬᠠᠪᠴᠢ ᠣᠶ ᠶᠢ ᠪᠠᠶᠢᠭᠤᠯᠬᠤ᠂ ᠪᠡᠭᠡᠵᠢᠩ ᠲᠢᠶᠠᠨᠵᠢᠨ ᠤ ᠡᠯᠡᠰᠤ ᠰᠢᠭᠤᠷᠭᠠᠨ ᠤ ᠡᠬᠢ ᠶᠢ ᠵᠠᠰᠠᠬᠤ᠂ ᠴᠦᠯᠯᠡᠷᠬᠡᠭᠵᠢᠯ ᠢ ᠶᠡᠷᠦᠩᠬᠡᠶᠢᠯᠡᠨ | ᠵᠠᠰᠠᠬᠤ ᠵᠡᠷᠭᠡ ᠲᠦᠷᠦᠯ ᠵᠦᠢᠯ ᠳᠤ ᠲᠦᠰᠢᠭᠯᠡᠨ᠂ ᠭᠤᠣᠯᠳᠠᠯᠭ᠎ᠠ ᠲᠠᠢ ᠵᠠᠰᠠᠬᠤ ᠪᠠᠷ ᠲᠥᠯᠥᠪᠵᠢᠭᠦᠯᠦᠭᠰᠡᠨ ᠡᠯᠡᠰᠦᠵᠢᠭᠰᠡᠨ ᠭᠠᠵᠠᠷ ᠰᠢᠷᠣᠢ ᠶᠢ ᠵᠠᠰᠠᠨ ᠰᠡᠷᠭᠦᠭᠡᠵᠦ᠂ | ᠲᠤᠷᠤᠭ ᠪᠤᠲᠠ ᠡᠪᠡᠰᠦ ᠶᠢ ᠨᠡᠶᠢᠳᠡᠮ ᠲᠠᠷᠢᠬᠤ ᠶᠢ ᠤᠶᠠᠯᠳᠤᠭᠤᠯᠤᠭᠰᠠᠨ ᠵᠠᠰᠠᠯᠲᠠ ᠶᠢᠨ ᠭᠡᠪ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃ ᠡᠭᠦᠨ ᠤ ᠬᠠᠮᠲᠤ ᠠᠮᠢ | ᠠᠬᠤᠢ ᠶᠢᠨ ᠵᠠᠰᠠᠯᠲᠠ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠬᠢᠲᠠᠳ ᠡᠪᠡᠰᠦᠨ ᠡᠮ ᠵᠡᠷᠭᠡ | ᠡᠯᠡᠰᠦ ᠡᠪᠡᠰᠦᠨ ᠤ ᠠᠵᠤ ᠦᠢᠯᠡᠰ ᠢ ᠬᠠᠷᠢᠯᠴᠠᠨ ᠤᠶᠠᠯᠳᠤᠭᠤᠯᠵᠤ᠂ ︽ᠠᠮᠢ ᠠᠬᠤᠢ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ︾ | ᠶᠢᠨ ᠲᠡᠩᠴᠡᠭᠦᠷᠢ ᠪᠠᠷ ᠬᠥᠳᠡᠯᠭᠡᠭᠦᠷ ᠪᠣᠯᠭᠠᠭᠰᠠᠨ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠠᠭᠢᠭᠤᠯᠵᠤ ᠪᠠᠶᠢᠨ᠎ᠠ᠃ | ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠤᠭᠤ | ᠭᠠᠵᠠᠷ ᠤᠨ ᠴᠡᠴᠡᠷᠯᠢᠭ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠺᠧᠦ ᠹᠧᠩ ᠰᠤᠷᠪᠤᠯᠵᠢᠯᠠᠭᠴᠢ ᠳᠤ ᠵᠠᠰᠠᠯᠲᠠ ᠪᠠᠷ ᠲᠠᠮᠵᠢᠭᠠᠳ ᠤᠯᠠᠭᠠᠨᠪᠤᠬ᠎ᠠ ᠶᠢᠨ ᠡᠯᠡᠰᠦᠨ | ᠴᠦᠯ ᠳᠤ ︽ᠪᠦᠬᠦᠯᠢ ᠴᠣᠭᠴᠠ ᠪᠠᠷ ᠢᠶᠠᠨ ᠰᠠᠶᠢᠵᠢᠷᠠᠵᠤ᠂ ᠬᠡᠰᠡᠭ ᠲᠠᠯ᠎ᠠ ᠪᠠᠷ ᠢᠶᠠᠨ ᠵᠠᠰᠠᠬᠤ︾ ᠰᠠᠶᠢᠨ ᠪᠠᠶᠢᠳᠠᠯ ᠢᠯᠡᠷᠡᠵᠦ᠂ ᠣᠶ ᠰᠢᠭᠤᠢ ᠡᠪᠡᠰᠦ ᠤᠷᠭᠤᠮᠠᠯ ᠤᠨ | ᠬᠤᠴᠢᠯᠭ᠎ᠠ ᠶᠢᠨ ᠶᠡᠷᠦᠩᠬᠡᠢ ᠬᠡᠮᠵᠢᠶ᠎ᠡ ᠶᠢ ᠢᠯᠡᠳᠲᠡ ᠲᠡᠭᠡᠭᠰᠢᠯᠡᠨ᠂ ᠪᠡᠭᠡᠵᠢᠩ ᠲᠢᠶᠠᠨᠵᠢᠨ ᠤ ᠡᠯᠡᠰᠤ ᠰᠢᠭᠤᠷᠭᠠᠨ ᠤ ᠡᠬᠢ ᠶᠢ ᠵᠠᠰᠠᠬᠤ᠂ ᠪᠠᠶᠢᠭᠠᠯᠢ ᠶᠢᠨ ᠣᠶ | ᠰᠢᠭᠤᠢ ᠶᠢ ᠬᠠᠮᠠᠭᠠᠯᠠᠬᠤ ᠢᠨᠵᠧᠨᠧᠷᠢᠩ ᠵᠡᠷᠭᠡ ᠪᠠᠷ ᠭᠤᠣᠯᠳᠠᠯᠭ᠎ᠠ ᠪᠣᠯᠭᠠᠭᠰᠠᠨ ᠣᠶ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠭᠡᠷᠡᠭᠵᠢᠭᠦᠯᠦᠭᠰᠡᠨ ᠠᠴᠠ ᠨᠠᠰᠢ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠲᠠᠪᠢᠭᠠᠳ ᠣᠨ ᠤ ᠡᠬᠢᠨ ᠤ ᠦᠶ᠎ᠡ ᠶᠢᠨ | 0.04% ᠪᠠᠶᠢᠭᠰᠠᠨ ᠠᠴᠠ ᠪᠠᠨ ᠳᠡᠭᠡᠭᠰᠢᠯᠡᠭᠡᠳ ᠣᠳᠣᠬᠠᠨ ᠤ 37.2% ᠪᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠢᠯᠡᠷᠬᠡᠢ | ᠰᠠᠶᠢᠵᠢᠷᠠᠭᠤᠯᠤᠭᠰᠠᠨ ᠢᠶᠠᠷ ᠰᠠᠯᠬᠢ ᠡᠯᠡᠰᠦᠨ ᠤ ᠬᠤᠣᠷ ᠬᠥᠨᠥᠭᠡᠯ ᠢ ᠪᠦᠲᠦᠮᠵᠢᠲᠡᠶ ᠪᠠᠷ ᠬᠤᠷᠢᠭᠯᠠᠭᠰᠠᠨ ᠭᠡᠪᠡ᠃ | ᠡᠭᠦᠨ ᠤ ᠲᠠᠭᠤ᠂ ᠮᠠᠨ ᠤ ᠬᠤᠲᠠ ᠵᠠᠷᠢᠮ ᠬᠥᠮᠥᠨ ᠤ ᠬᠦᠴᠦ ᠪᠠᠷ ᠲᠠᠷᠢᠬᠤ ᠳᠤ ᠲᠣᠬᠢᠷᠠᠮᠵᠢ ᠦᠭᠡᠢ ᠵᠡᠷᠭᠡ ᠤᠰᠤᠯᠠᠬᠤ ᠴᠢᠬᠤᠯᠠᠲᠠᠢ ᠡᠯᠡᠰᠦᠵᠢᠭᠰᠡᠨ᠂ | ᠴᠦᠯᠯᠡᠷᠬᠡᠭᠵᠢᠯ ᠭᠠᠵᠠᠷ ᠰᠢᠷᠣᠢ ᠳᠤ ᠠᠮᠢ ᠠᠬᠤᠢ ᠶᠢ ᠰᠡᠷᠭᠦᠭᠡᠬᠦ ᠪᠠ ᠪᠢᠲᠡᠭᠦᠮᠵᠢᠯᠡᠨ ᠬᠠᠮᠠᠭᠠᠯᠠᠬᠤ ᠶᠢ ᠭᠡᠷᠡᠭᠵᠢᠭᠦᠯᠪᠠ᠃ | ᠤᠶᠢᠷ᠎ᠠ ᠶᠢᠨ ᠬᠤᠭᠤᠴᠠᠭᠠᠨ ᠳᠤ ᠤᠷᠠᠳ ᠤᠨ ᠳᠤᠮᠳᠠᠳᠤ ᠬᠤᠰᠢᠭᠤᠨ ᠤ ᠭᠠᠭᠴᠠᠮᠤᠳᠤ ᠪᠠᠯᠭᠠᠰᠤᠨ ᠤ ᠡᠭᠢᠨᠴᠠᠭᠠᠨ ᠭᠠᠴᠠᠭᠠᠨ ᠤ ᠡᠯᠡᠰᠦᠷᠬᠡᠭᠵᠢᠭᠰᠡᠨ | ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠬᠦ ᠲᠥᠷᠥᠯ ᠵᠦᠢᠯ ᠤᠨ ᠰᠤᠳᠤᠯᠭᠠᠳᠠᠳ ᠣᠳᠣ ᠶᠠᠭ ᠡᠪᠡᠰᠦᠨ ᠦᠷ᠎ᠡ ᠶᠢᠨ ᠲᠤᠬᠠᠢ ᠰᠤᠳᠤᠯᠤᠯᠲᠠ ᠬᠢᠵᠦ | ᠪᠠᠶᠢᠯ᠎ᠠ᠃ ᠲᠤᠰ ᠲᠥᠷᠥᠯ ᠵᠦᠢᠯ ᠨᠢ ᠣᠳᠣᠬᠠᠨ ᠳᠤ ᠮᠠᠰᠢ ᠣᠯᠠᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠲᠠᠢ ᠬᠠᠮᠲᠤᠷᠠᠨ | ᠠᠵᠢᠯᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢ ᠴᠤᠭᠯᠠᠷᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠷᠠᠭᠤᠯᠤᠯ᠂ ᠣᠶᠤᠨᠴᠢᠯᠠᠭᠰᠠᠨ ᠮᠠᠯ | ᠠᠵᠤ ᠠᠬᠤᠢ ᠪᠠ ᠠᠮᠢ ᠠᠬᠤᠢ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠴᠦᠯᠯᠡᠷᠭᠡᠭᠵᠢᠭᠰᠡᠨ ᠨᠤᠲᠤᠭ ᠪᠡᠯᠴᠢᠭᠡᠷ ᠢ ᠵᠠᠰᠠᠬᠤ ᠲᠥᠷᠥᠯ ᠵᠦᠢᠯ ᠢ | ᠪᠠᠶᠢᠭᠤᠯᠵᠤ ᠪᠠᠶᠢᠨ᠎ᠠ᠃ | ᠭᠠᠭᠴᠠᠮᠤᠳᠤ ᠪᠠᠯᠭᠠᠰᠤᠨ ᠤ ᠤᠬᠠᠭᠤᠯᠬᠤ ᠭᠡᠰᠢᠭᠦᠨ ᠪᠠᠢ ᠴᠢ ᠪᠥᠸᠧ ᠰᠤᠷᠪᠤᠯᠵᠢᠯᠠᠭᠴᠢ ᠳᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ | ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ᠂ ᠤᠬᠠᠭᠤᠯᠭ᠎ᠠ ᠬᠥᠮᠦᠵᠢᠯ᠂ ᠠᠮᠢ ᠠᠬᠤᠢ ᠶᠢ | ᠬᠠᠮᠠᠭᠠᠯᠠᠬᠤ ᠦᠷ᠎ᠡ ᠳ᠋ᠦᠩ ᠳᠤ ᠬᠦᠷᠴᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ | ᠭᠡᠪᠡ᠃ | ᠣᠳᠣᠬᠠᠨ ᠳᠤ᠂ ᠪᠥᠬᠦ ᠬᠤᠲᠠ ᠶᠢᠨ ᠡᠯᠡᠰᠦᠷᠬᠡᠭᠵᠢᠭᠰᠡᠨ 2309 ᠲᠦᠮᠡᠨ ᠮᠦ ᠨᠤᠳᠤᠭ ᠪᠡᠯᠴᠢᠭᠡᠷ ᠲᠤ ᠮᠠᠯᠵᠢᠬᠤ ᠶᠢ ᠴᠠᠭᠠᠵᠠᠯᠠᠵᠤ᠂ 537 ᠲᠦᠮᠡᠨ | ᠮᠦ ᠨᠤᠳᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢ ᠲᠠᠢ ᠪᠤᠯᠭᠠᠭᠰᠠᠨ ᠠᠴᠠ ᠪᠦᠬᠦ ᠬᠤᠳᠠ ᠶᠢᠨ ᠤᠢ ᠰᠢᠭᠤᠢ ᠡᠪᠡᠰᠦ ᠤᠷᠭᠤᠮᠠᠯ ᠪᠠ ᠡᠯᠡᠰᠦᠵᠢᠭᠰᠡᠨ | ᠪᠠᠶᠢᠳᠠᠯ ᠢᠯᠡᠳᠲᠡ ᠰᠠᠶᠢᠵᠢᠷᠠᠪᠠ᠃ | ᠬᠤᠵᠢᠭᠢᠷ ᠮᠠᠩᠬ᠎ᠠ ᠠᠴᠠ ᠨᠣᠭᠤᠭᠠᠨ ᠪᠦᠷᠢᠳᠦ ᠪᠤᠯᠤᠨ ᠬᠤᠪᠢᠷᠠᠭᠰᠠᠨ ᠨᠢ ᠬᠡᠳᠦᠨ ᠦᠶ᠎ᠡ ᠶᠢᠨ ᠪᠠᠶᠠᠨᠨᠠᠭᠤᠷ ᠤᠨ ᠭᠦᠮᠦᠰ ᠤᠨ ᠲᠡᠰᠪᠦᠷᠢ | ᠬᠠᠲᠠᠭᠤᠵᠢᠯᠲᠠᠢ ᠪᠠᠷ ᠲᠡᠮᠡᠴᠡᠵᠦ᠂ ᠪᠥᠬᠦ ᠬᠤᠲᠠ ᠶᠢᠨ ᠡᠯᠡᠰᠦᠷᠬᠡᠭᠵᠢᠯ ᠤᠨ ᠬᠡᠮᠵᠢᠶ᠎ᠡ ᠦᠷᠭᠦᠯᠵᠢᠯᠡᠨ ᠪᠠᠭᠠᠰᠴᠤ᠂ ᠤᠷᠭᠤᠮᠠᠯ ᠤᠨ ᠬᠤᠴᠢᠯᠭ᠎ᠠ ᠶᠢᠨ ᠰᠠᠯᠬᠢᠨ ᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠤᠰᠤ ᠶᠢ ᠬᠠᠳᠠᠭᠠᠯᠠᠵᠤ ᠬᠥᠷᠥᠰᠥ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ | ᠶᠡᠭᠡ ᠬᠡᠮᠵᠢᠶ᠎ᠡ ᠪᠠᠷ ᠳᠡᠭᠡᠭᠰᠢᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠥᠬᠦ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠭᠰᠠᠨ ᠲᠠᠯᠠᠪᠠᠶ ᠨᠡᠶᠢᠲᠡ 1490.87 ᠲᠦᠮᠡᠨ ᠮᠦ ᠶᠢ ᠪᠡᠶᠡᠯᠡᠭᠦᠯᠵᠤ᠂ ᠡᠭᠦᠨ ᠳᠤ ᠣᠶ ᠰᠢᠭᠤᠢ ᠶᠢᠨ ᠪᠦᠲᠦᠭᠡᠨ ᠪᠠᠶᠢᠭᠤᠯᠤᠯᠲᠠ 694.5 ᠲᠦᠮᠡᠨ ᠮᠦ᠂ | 683.63 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠪᠡ᠃ | | | | |