6 ᠰᠠᠷ᠎ᠠ ᠶᠢᠨ 6 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ | ᠲᠠᠯᠠᠪᠠᠶ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ᠂ ᠬᠥᠮᠥᠨ ᠲᠥᠷᠥᠯᠬᠢᠲᠡᠨ ᠨᠠᠩ ᠰᠠᠶᠢᠨ ᠣᠷᠣᠰᠢᠨ ᠲᠣᠭᠲᠠᠨᠢᠵᠤ ᠬᠥᠭᠵᠢᠶ᠎ᠡ ᠭᠡᠪᠡᠯ ᠡᠷᠬᠡᠪᠰᠢ ᠡᠯᠡᠰᠦ ᠶᠢ | ᠰᠡᠷᠭᠡᠶᠢᠯᠡᠨ ᠡᠯᠡᠰᠦ ᠶᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠰᠢᠨᠬᠤᠸᠠ ᠤᠢ ᠰᠢᠭᠤᠢ ᠶᠢᠨ ᠲᠠᠯᠠᠪᠠᠢ ᠨᠢ ᠭᠤᠷᠪᠠᠨ ᠦᠶ᠎ᠡ ᠶᠢᠨ ᠬᠥᠮᠥᠰ ᠤᠨ | ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠬᠤᠵᠢᠷᠲᠤ ᠲᠠᠩ ᠢ ᠰᠠᠶᠢᠨ ᠲᠠᠷᠢᠶ᠎ᠠ ᠪᠣᠯᠭᠠᠵᠤ᠂ ᠡᠯᠡᠰᠦᠨ ᠴᠦᠯ ᠢ ᠤᠢ ᠰᠢᠭᠤᠢ ᠶᠢᠨ ᠲᠠᠯᠠᠢ ᠪᠣᠯᠭᠠᠪᠠ᠃ ᠶᠡᠷᠦᠩᠬᠡᠢ | ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠨᠢ ᠤᠢ ᠰᠢᠭᠤᠢ ᠶᠢᠨ ᠲᠠᠯᠠᠪᠠᠢ ᠶᠢᠨ ᠺᠠᠳ᠋ᠷ ᠠᠵᠢᠯᠳᠠᠳ ᠤᠨ ᠤᠷᠮ᠎ᠠ ᠵᠤᠷᠢᠭ ᠪᠤᠯᠤᠨ ᠬᠥᠳᠡᠯᠭᠡᠬᠦ ᠬᠦᠴᠦᠨ ᠢ ᠤᠯᠠᠮ | ᠴᠢᠨᠠᠭᠰᠢᠳᠠ ᠬᠥᠭᠵᠢᠭᠡᠵᠦ᠂ ᠤᠯᠠᠨ ᠢᠶᠠᠷ ᠢᠶᠠᠨ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠬᠦᠷᠬᠡᠯᠡᠨ ᠰᠢᠨ᠎ᠡ ᠭᠠᠶᠢᠬᠠᠮᠰᠢᠭ ᠢ ᠪᠢᠴᠢᠭᠯᠡᠬᠦ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ | ᠰᠢ ᠶᠢᠨ ᠫᠢᠩ ᠶᠡᠷᠦᠩᠬᠡᠢ ᠱᠦᠵᠢ ᠣᠶ ᠰᠢᠭᠤᠢ ᠶᠢᠨ ᠲᠠᠯᠠᠪᠠᠶ ᠳᠤ ᠬᠦᠷᠴᠦ ᠬᠤᠶᠠᠷ ᠡᠳᠦᠷ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ 6 ᠰᠠᠷ᠎ᠠ ᠶᠢᠨ 8 ᠤ | ᠡᠳᠦᠷ ᠤᠨ ᠦᠳᠡ ᠶᠢᠨ ᠡᠮᠦᠨ᠎ᠡ᠂ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠬᠢᠭᠡᠳ ᠤᠯᠤᠰ ᠤᠨ ᠣᠶ ᠰᠢᠭᠤᠢ ᠶᠢᠨ ᠬᠦᠷᠢᠶᠡᠯᠡᠩ ᠤᠨ | ᠡᠯᠡᠰᠦ ᠰᠢᠭᠤᠢ ᠶᠢᠨ ᠲᠥᠪ ︽ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠶ ᠰᠢᠭᠤᠢ ᠶᠢᠨ ᠲᠠᠯᠠᠪᠠᠶ ᠶᠢ ᠬᠠᠮᠲᠤ ᠪᠠᠷ ᠪᠠᠶᠢᠭᠤᠯᠬᠤ ᠲᠤᠬᠠᠢ ᠪᠥᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠢ ᠲᠣᠭᠲᠠᠭᠰᠠᠨ ᠪᠠᠶᠢᠨ᠎ᠠ᠃ ᠬᠡᠯᠡᠯᠴᠡᠭᠡᠷ ᠢ ᠦᠨᠳᠦᠰᠦᠯᠡᠪᠡᠯ᠂ ᠡᠯᠡᠰᠦ ᠰᠢᠭᠤᠢ ᠶᠢᠨ ᠲᠥᠪ ᠨᠢ | ᠰᠢᠨᠬᠤᠸᠠ ᠣᠶ ᠰᠢᠭᠤᠢ ᠶᠢᠨ ᠲᠠᠯᠠᠪᠠᠶ ᠳᠤ ᠪᠥᠬᠦ ᠲᠠᠯ᠎ᠠ ᠶᠢᠨ᠂ ᠪᠥᠬᠦ ᠶᠠᠪᠤᠴᠠ ᠶᠢᠨ᠂ ᠪᠥᠬᠦ ᠴᠠᠭ ᠬᠤᠭᠤᠴᠠᠭᠠᠨ ᠤ᠂ ᠪᠥᠬᠦ ᠬᠦᠷᠢᠶᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠤ ᠦᠢᠯᠡᠴᠢᠯᠡᠭᠡ ᠬᠠᠩᠭᠠᠵᠤ᠂ ᠣᠶ ᠰᠢᠭᠤᠢ ᠶᠢᠨ ᠲᠠᠯᠠᠪᠠᠶ ᠶᠢ ᠪᠥᠬᠦ ᠤᠯᠤᠰ ᠤᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠣᠶ ᠰᠢᠭᠤᠢ ᠶᠢᠨ ᠲᠠᠯᠠᠪᠠᠶ ᠪᠣᠯᠭᠠᠨ ᠪᠦᠲᠦᠭᠡᠨ ᠪᠠᠶᠢᠭᠤᠯᠬᠤ ᠪᠤᠯᠤᠨ᠎ᠠ᠃ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ ᠬᠤᠸᠠ ᠶᠢᠨ ᠬᠡᠯᠡᠬᠦ ᠪᠠᠷ᠂ | ᠡᠨᠡ ᠬᠦ ᠬᠡᠯᠡᠯᠴᠡᠭᠡᠷ ᠢ ᠲᠤᠭᠳᠠᠬᠤ ᠪᠠᠷ ᠲᠠᠮᠵᠢᠨ᠂ ᠮᠠᠨ ᠤ ᠠᠳᠡ ᠬᠤᠵᠢᠷ ᠲᠤ ᠲᠡᠰᠪᠦᠷᠢᠲᠡᠢ ᠰᠢᠨ᠎ᠡ ᠨᠢᠭᠡ ᠵᠦᠢᠯ ᠤᠨ ᠮᠣᠳᠣᠨ ᠤ ᠲᠦᠷᠦᠯ ᠢ | ᠲᠤᠷᠰᠢᠨ ᠰᠤᠳᠤᠯᠵᠤ᠂ ᠦᠷᠡᠵᠢᠭᠦᠯᠦᠨ ᠪᠤᠶᠢᠵᠢᠭᠤᠯᠤᠭᠠᠳ ᠪᠠᠷᠠᠭᠤᠨ ᠬᠡᠰᠡᠭ ᠤᠨ ᠭᠠᠵᠠᠷ ᠣᠷᠣᠨ ᠪᠠ ᠬᠤᠵᠢᠷᠯᠢᠭ ᠭᠠᠵᠠᠷ ᠣᠷᠣᠨ᠂ ᠢᠯᠠᠩᠭᠤᠶ᠎ᠠ | ᠤᠯᠠᠭᠠᠨᠪᠤᠬ᠎ᠠ ᠶᠢᠨ ᠡᠯᠡᠰᠦᠨ ᠴᠦᠯ ᠳᠤ ᠳᠡᠯᠭᠡᠷᠡᠭᠦᠯᠦᠨ ᠲᠠᠷᠢᠵᠤ᠂ ᠮᠠᠨ ᠤ ᠤᠢ ᠰᠢᠭᠤᠢ ᠶᠢᠨ ᠲᠠᠯᠠᠪᠠᠢ ᠪᠠᠨ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠤᠢ | ᠰᠢᠭᠤᠢ ᠶᠢᠨ ᠲᠠᠯᠠᠪᠠᠢ ᠪᠣᠯᠭᠠᠨ ᠪᠠᠶᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠢᠨᠵᠧᠨᠧᠷᠢᠩ ᠳᠤ ᠬᠤᠵᠢᠷ ᠲᠤ ᠲᠡᠰᠪᠦᠷᠢᠲᠡᠢ | ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠰᠢᠯᠢᠳᠡᠭ ᠰᠠᠶᠢᠨ ᠰᠢᠨ᠎ᠡ ᠲᠦᠷᠦᠯ ᠵᠦᠢᠯ ᠢ ᠬᠠᠩᠭᠠᠬᠤ ᠪᠠᠷ ᠪᠠᠶᠢᠨ᠎ᠠ ᠬᠡᠵᠤ ᠪᠠᠶᠢᠯ᠎ᠠ᠃ | ᠤᠯᠤᠰ ᠤᠨ ᠡᠵᠡᠩᠨᠡᠯᠳᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠬᠦᠷᠬᠦ ᠳᠤ᠂ ᠤᠢ ᠮᠣᠳᠣ ᠬᠥᠬᠡᠷᠡᠨ ᠨᠣᠭᠤᠭᠠᠷᠠᠵᠤ᠂ ᠪᠣᠯᠵᠣᠮᠣᠷ ᠰᠢᠪᠠᠭᠤᠳ | ᠵᠢᠷᠭᠢᠨ ᠲᠤᠩᠭᠤᠳᠴᠦ ᠦᠩᠬᠡ ᠶᠢᠨ ᠴᠡᠴᠡᠭ ᠮᠢᠷᠠᠯᠵᠠᠨ ᠲᠡᠯᠬᠡᠷᠡᠨ᠎ᠡ᠃ 60 ᠭᠠᠷᠤᠢ ᠵᠢᠯ ᠤᠨ ᠡᠮᠦᠨ᠎ᠡ ᠡᠨᠡ ᠬᠦ ᠤᠢ ᠰᠢᠭᠤᠢ ᠶᠢᠨ ᠲᠠᠯᠠᠪᠠᠢ ᠨᠢ ᠡᠯᠡᠰᠦᠨ ᠭᠠᠵᠠᠷ | ᠪᠠᠶᠢᠭᠰᠠᠨ ᠢ ᠤᠳᠤ ᠲᠥᠰᠥᠭᠡᠯᠡᠬᠦᠶ᠎ᠡ ᠪᠡᠷᠬᠡ ᠪᠤᠯᠵᠠᠢ᠃ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ ᠬᠤᠸᠠ | ᠰᠤᠷᠪᠤᠯᠵᠢᠯᠠᠭᠴᠢ ᠳᠤ ᠂ 1960 ᠣᠨ ᠳᠤ᠂ ᠲᠤᠬᠠᠢ ᠶᠢᠨ ᠦᠶ᠎ᠡ ᠳᠤ ᠪᠦᠷ ᠡᠵᠡᠭᠦᠢ ᠲᠠᠩ᠂ ᠬᠤᠵᠢᠷᠯᠢᠭ ᠲᠠᠩ ᠪᠠᠶᠢᠬᠰᠠᠨ᠂ ᠰᠠᠯᠬᠢ ᠰᠠᠯᠬᠢᠯᠠᠪᠠᠯ ᠶᠠᠭᠤ ᠴᠦ | ᠦᠵᠡᠭᠳᠡᠬᠦ ᠪᠠᠨ ᠪᠤᠯᠢᠴᠢᠬᠠᠳᠠᠭ᠂ ᠲᠠᠷᠢᠶ᠎ᠠ ᠴᠢᠬᠢᠯᠡᠭᠰᠡᠨ ᠦᠶ᠎ᠡ ᠳᠤ ᠰᠠᠯᠬᠢᠯᠠᠪᠠᠯ᠂ ᠴᠢᠬᠢ ᠨᠢ ᠴᠦ ᠪᠦᠷ ᠰᠢᠷᠦᠢ ᠳᠤ ᠪᠤᠯᠠᠭᠳᠠᠴᠢᠬᠠᠳᠠᠭ᠂ ᠨᠢᠭᠡ ᠵᠢᠯ ᠳᠤ ᠳᠥᠷᠪᠡ | ᠲᠠᠪᠤ ᠤᠳᠠᠭ᠎ᠠ ᠨᠦᠬᠦᠵᠤ ᠲᠠᠷᠢᠳᠠᠭ ᠪᠠᠶᠢᠭᠰᠠᠨ᠂ ᠢᠩᠬᠢᠬᠡᠳ ᠲᠤᠬᠠᠢ ᠶᠢᠨ ᠦᠶ᠎ᠡ ᠶᠢᠨ ᠤᠯᠤᠰ ᠤᠨ ᠲᠦᠷᠦ ᠶᠢᠨ ᠪᠣᠳᠣᠯᠭ᠎ᠠ ᠶᠢᠨ ᠤᠷᠢᠶᠠᠯᠠᠭ᠎ᠠ ᠪᠠᠷ ᠤᠢ | ᠰᠢᠭᠤᠢ ᠶᠢᠨ ᠲᠠᠯᠠᠪᠠᠢ ᠪᠠᠶᠢᠭᠤᠯᠵᠤ ᠮᠣᠳᠣ ᠲᠠᠷᠢᠵᠤ ᠣᠶᠢᠵᠢᠭᠤᠯᠬᠤ ᠠᠵᠢᠯ ᠢ ᠬᠢᠵᠦ ᠡᠬᠢᠯᠡᠭᠰᠡᠨ ᠬᠡᠵᠤ ᠪᠠᠶᠢᠯ᠎ᠠ᠃ | ᠣᠶ ᠰᠢᠭᠤᠢ ᠶᠢᠨ ᠲᠠᠯᠠᠪᠠᠶ ᠪᠠᠶᠢᠭᠤᠯᠤᠭᠳᠠᠭᠰᠠᠨ ᠤ ᠳᠠᠷᠠᠭᠠᠬᠢ ᠬᠡᠰᠡᠭ ᠬᠤᠭᠤᠴᠠᠭᠠᠨ ᠳᠤ᠂ ᠪᠡᠯᠡ ᠮᠥᠩᠭᠦ ᠲᠤᠳᠠᠭᠳᠠᠬᠤ᠂ ᠮᠣᠳᠣᠨ ᠤ ᠲᠥᠷᠥᠯ ᠵᠦᠢᠯ | ᠴᠥᠭᠡᠨ᠂ ᠲᠤᠭ᠎ᠠ ᠬᠡᠮᠵᠢᠶ᠎ᠡ ᠪᠠᠭ᠎ᠠ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠢᠯᠡᠷᠬᠡᠢ ᠪᠢᠰᠢ ᠪᠠᠶᠢᠭᠰᠠᠨ ᠪᠤᠯᠬᠤᠷ᠂ ᠡᠯᠡᠰᠦ | ᠰᠢᠭᠤᠷᠭᠠᠨ ᠤ ᠡᠷᠬᠢᠨ ᠲᠣᠭᠤᠷᠢᠨ ᠤ ᠲᠠᠷᠢᠶᠠᠨ ᠭᠠᠵᠠᠷ ᠲᠤ ᠦᠵᠡᠭᠦᠯᠬᠦ ᠬᠤᠣᠷ ᠬᠥᠨᠥᠭᠡᠯ ᠮᠥᠨ ᠬᠦ ᠮᠠᠰᠢ ᠶᠡᠭᠡ ᠪᠠᠶᠢᠵᠠᠢ᠃1978 ᠣᠨ ᠳᠤ᠂ ᠨᠠᠮ ᠤᠨ ᠲᠥᠪ | ᠬᠤᠷᠢᠶ᠎ᠠ ᠠᠴᠠ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ | ᠢᠳᠡᠭᠳᠡᠯ ᠤᠨ ᠭᠤᠣᠯᠳᠠᠯᠭ᠎ᠠ ᠲᠠᠢ ᠭᠠᠵᠠᠷ ᠣᠷᠣᠨ ᠳᠤ ᠲᠣᠮᠣ ᠬᠡᠯᠪᠡᠷᠢ ᠶᠢᠨ ᠬᠠᠯᠬᠠᠪᠴᠢ ᠤᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ | ᠪᠣᠳᠣᠯᠭ᠎ᠠ ᠶᠢ ᠲᠤᠭᠳᠠᠭᠠᠵᠤ᠂ ︽ᠤᠮᠠᠷᠠᠲᠤ ᠶᠢᠨ ᠭᠤᠷᠪᠠᠨ ᠤᠷᠤᠨ︾ ᠤ ᠬᠠᠯᠬᠠᠪᠴᠢ ᠤᠢ ᠵᠡᠷᠭᠡ ᠢᠨᠵᠧᠨᠧᠷᠢᠩ ᠤᠨ ᠬᠡᠷᠡᠭᠵᠢᠭᠦᠯᠦᠭᠳᠡᠬᠦ ᠶᠢ ᠳᠠᠭᠠᠯᠳᠤᠨ᠂ | ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠠᠵᠢᠯᠳᠠᠳ ᠤᠨ ᠡᠯᠡᠰᠦ ᠵᠠᠰᠠᠬᠤ ᠵᠣᠷᠢᠭ ᠰᠠᠨᠠᠭ᠎ᠠ ᠶᠢ ᠬᠦᠭᠵᠢᠬᠡᠵᠤ᠂ ᠲᠡᠭᠷᠢ ᠭᠠᠵᠠᠷ ᠢ ᠳᠣᠩᠰᠣᠯᠭᠠᠮ᠎ᠠ | ᠬᠤᠪᠢᠷᠠᠯᠲᠠ ᠲᠠᠢ ᠪᠤᠯᠵᠤ ᠡᠬᠢᠯᠡᠭᠰᠡᠨ ᠪᠠᠶᠢᠨ᠎ᠠ᠃ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ ᠬᠤᠸᠠ ᠶᠢᠨ | ᠬᠡᠯᠡᠬᠦ ᠪᠠᠷ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠᠷ | ᠲᠠᠮᠵᠢᠨ᠂ ᠪᠢᠳᠡ ᠶᠡᠭᠡ ᠬᠡᠮᠵᠢᠶ᠎ᠡ ᠪᠠᠷ ᠣᠶᠢᠵᠢᠭᠤᠯᠵᠤ᠂ ᠭᠠᠳᠠᠷ ᠣᠷᠣᠨ ᠤ ᠰᠢᠯᠢᠳᠡᠭ ᠡᠭᠦᠯᠳᠡᠷ ᠢ ᠲᠤᠰ ᠭᠠᠵᠠᠷ ᠤᠨ ᠡᠭᠦᠯᠳᠡᠷ ᠲᠠᠢ ᠤᠶᠠᠯᠳᠤᠭᠤᠯᠤᠨ ᠬᠤᠯᠢᠮᠠᠭ ᠤᠢ | ᠲᠠᠷᠢᠬᠤ ᠪᠠᠷ ᠲᠠᠮᠵᠢᠨ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠤ᠂ ᠬᠥᠷᠥᠰᠥ ᠰᠢᠷᠣᠢ ᠶᠢ ᠬᠠᠮᠠᠭᠠᠯᠠᠨ ᠡᠷᠬᠢᠨ ᠲᠣᠭᠤᠷᠢᠨ ᠤ ᠲᠠᠷᠢᠶᠠᠨ ᠭᠠᠵᠠᠷ ᠢ | ᠬᠠᠮᠠᠭᠠᠯᠠᠭᠰᠠᠨ ᠪᠠᠶᠢᠨ᠎ᠠ ᠬᠡᠪᠡ᠃ | ᠭᠤᠷᠪᠠᠨ ᠦᠶ᠎ᠡ ᠶᠢᠨ ᠣᠶ ᠰᠢᠭᠤᠢ ᠶᠢᠨ ᠲᠠᠯᠠᠪᠠᠶ ᠶᠢᠨ ᠬᠥᠮᠥᠰ ᠤᠨ ᠦᠷᠭᠦᠯᠵᠢᠯᠡᠭᠰᠡᠨ ᠲᠡᠮᠡᠴᠡᠯ ᠳᠣᠣᠷ᠎ᠠ᠂ ᠰᠢᠨᠬᠤᠸᠠ ᠣᠶ ᠰᠢᠭᠤᠢ ᠶᠢᠨ ᠲᠠᠯᠠᠪᠠᠶ ᠳᠤ | ᠨᠡᠶᠢᠲᠡ 3.9 ᠲᠦᠮᠡᠨ ᠮᠤ᠋ ᠲᠠᠷᠢᠵᠤ ᠤᠶᠢᠵᠢᠭᠤᠯᠤᠨ᠂ 430 ᠲᠦᠮᠡᠨ ᠰᠠᠭᠤᠷᠢ ᠮᠣᠳᠣ ᠲᠠᠷᠢᠵᠤ᠂ 1.7 ᠲᠦᠮᠡᠨ ᠮᠦ ᠲᠤᠷᠤᠭ ᠮᠣᠳᠣᠨ ᠤ ᠣᠶ᠂ 2.2 ᠲᠦᠮᠡᠨ | ᠮᠦ ᠪᠣᠳᠠ ᠮᠣᠳᠣᠨ ᠤ ᠣᠶ ᠳᠠᠷᠢᠵᠤ ᠤᠶᠢᠵᠢᠭᠤᠯᠤᠨ᠂ ᠡᠯᠡᠰᠦᠷᠬᠡᠭ ᠭᠠᠵᠠᠷ ᠤᠨ ᠲᠠᠯᠠᠪᠠᠶ ᠳᠡᠭᠡᠷ᠎ᠡ ᠵᠠᠭᠤᠨ ᠤ ᠵᠢᠷᠠᠭᠠᠳ ᠣᠨ ᠤ 2.15 ᠲᠦᠮᠡᠨ ᠮᠦ ᠪᠠᠶᠢᠭᠰᠠᠨ | ᠠᠴᠠ ᠪᠠᠨ 0.5 ᠲᠦᠮᠡᠨ ᠮᠦ ᠪᠣᠯᠵᠤ ᠪᠠᠭᠠᠰᠪᠠ᠃ ᠣᠶᠢᠷ᠎ᠠ ᠬᠠᠪᠢ ᠶᠢᠨ ᠬᠤᠶᠠᠷ ᠨᠠᠭᠤᠷ ᠤᠨ ᠤᠰᠤᠨ ᠤ ᠬᠡᠮᠵᠢᠶ᠎ᠡ ᠨᠢ ᠤᠤᠯ ᠤᠨ 500 ᠮᠦ | ᠪᠠᠶᠢᠭᠰᠠᠨ ᠠᠴᠠ ᠪᠠᠨ ᠨᠡᠮᠡᠭᠳᠡᠭᠡᠳ 700 ᠮᠦ ᠪᠤᠯᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠨᠢ 65% ᠳᠤ ᠬᠦᠷᠴᠦ᠂ 80 ᠭᠠᠷᠤᠢ ᠵᠦᠢᠯ ᠤᠨ | ᠬᠡᠭᠡᠷ᠎ᠡ ᠶᠢᠨ ᠠᠮᠢᠲᠠᠨ ᠪᠠ 30 ᠭᠠᠷᠤᠢ ᠵᠦᠢᠯ ᠤᠨ ᠤᠷᠭᠤᠮᠠᠯ ᠤᠨ ᠬᠤᠴᠢᠯᠭ᠎ᠠ ᠲᠠᠢ ᠪᠤᠯᠤᠭᠰᠠᠨ ᠪᠠᠶᠢᠨ᠎ᠠ᠃ | ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠳ᠋ᠦ᠋ ᠸᠧᠨ ᠬᠤᠸᠠ ᠠᠴᠠ᠂ ᠪᠢᠳᠡ | ᠬᠤᠶᠢᠰᠢᠳᠠ ᠮᠣᠳᠣ ᠲᠠᠷᠢᠵᠤ ᠣᠶᠢᠵᠢᠭᠤᠯᠬᠤ᠂ ᠠᠷᠠᠴᠢᠯᠠᠨ ᠪᠣᠶᠢᠵᠢᠭᠤᠯᠬᠤ ᠬᠠᠮᠢᠶᠠᠷᠤᠯᠲᠠ ᠪᠠᠨ ᠨᠡᠩ ᠴᠢᠩᠭᠠᠳᠬᠠᠵᠤ᠂ ᠤᠢ ᠰᠢᠭᠤᠢ ᠶᠢᠨ ᠪᠦᠷᠬᠦᠴᠡ ᠶᠢᠨ | ᠨᠤᠷᠮ᠎ᠠ ᠶᠢ ᠤᠯᠠᠮ ᠲᠡᠬᠡᠭᠰᠢᠯᠡᠬᠦᠯᠦᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠪᠠᠷᠢᠮᠲᠠᠯᠠᠵᠤ᠂ ᠶᠡᠷᠦᠩᠬᠡᠢ ᠱᠦᠵᠢ ᠶᠢᠨ ᠬᠦᠰᠡᠯ | ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠪᠠᠷ ᠴᠢᠷᠮᠠᠶᠢᠨ ᠠᠵᠢᠯᠯᠠᠨ᠎ᠠ ᠬᠡᠵᠤ ᠪᠠᠶᠢᠯ᠎ᠠ᠃ | | |