ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠪᠠᠶᠠᠨᠨᠠᠭᠤᠷ ᠲᠤ ᠦᠨᠳᠦᠰᠦᠯᠡᠨ ᠴᠡᠴᠡᠭᠯᠡᠵᠦ ᠦᠷ᠎ᠡ ᠪᠦᠲᠦᠮᠵᠢ ᠣᠯᠬᠤ ᠶᠢ ᠠᠬᠢᠭᠤᠯᠤᠶ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠬᠦᠷᠬᠡᠯᠡᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠨ᠎ᠠ
ᠨᠡᠶᠢᠲᠡᠯᠡᠭᠰᠡᠨ ᠴᠠᠭ᠄
2023/7/12
      ᠮᠠᠨ ᠤ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ  ᠴᠢᠬᠤᠯᠠ  ᠵᠢᠭᠠᠪᠤᠷᠢ  ᠶᠢᠨ  ᠵᠣᠷᠢᠭ  ᠰᠠᠨᠠᠭ᠎ᠠ  ᠶᠢ  ᠭᠦᠨᠵᠡᠭᠡᠢ  ᠰᠤᠷᠤᠯᠴᠠᠨ  ᠲᠤᠤᠱᠯᠠᠭᠤᠯᠵᠤ᠂ ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠪᠠᠶᠠᠨᠨᠠᠭᠤᠷ ᠲᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ  ᠪᠤᠯᠤᠨ ᠬᠠᠯᠠᠮᠵᠢᠯᠠᠯ ᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠨ᠂ ᠪᠠᠶᠠᠨᠨᠠᠭᠤᠷ ᠤᠨ ᠡᠬᠡ ᠭᠠᠵᠠᠷ ᠲᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠤ᠋ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠤᠭᠴᠠᠯᠠᠨ᠎ᠠ  ᠭᠡᠵᠦ ᠢᠯᠡᠳᠬᠡᠵᠡᠭᠡᠪᠡ᠃      ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠬᠠᠮᠠᠭᠠᠯᠠᠯᠲᠠ ᠶᠢᠨ ᠲᠣᠭᠤᠷᠢᠨ ᠳᠤ᠂ ᠮᠠᠨ ᠤ ᠬᠤᠲᠠ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠰᠢᠰᠲ᠋ᠧᠮ ᠲᠠᠢ ᠬᠠᠮᠢᠶᠠᠷᠬᠤ ᠶᠢ ᠪᠠᠷᠢᠮᠲᠠᠯᠠᠨ᠂ ᠡᠯ᠎ᠡ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠣᠳᠣᠬᠠᠨ ᠳᠤ᠂ ᠪᠥᠬᠦ ᠬᠤᠲᠠ ᠳᠤ ᠨᠡᠶᠢᠲᠡ 24 ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠᠶᠢᠭᠤᠯᠵᠤ᠂ ᠡᠭᠦᠨ ᠳᠤ 9 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 15 ᠪᠠᠶᠢᠭᠠᠯᠢ ᠶᠢᠨ ᠴᠡᠴᠡᠷᠯᠢᠭ ᠪᠣᠶ᠃      ᠪᠠᠶᠠᠨᠨᠠᠭᠤᠷ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠬᠠᠮᠠᠭᠠᠯᠠᠯᠲᠠ ᠶᠢᠨ ᠭᠠᠵᠠᠷ ᠤᠨ ᠰᠠᠯᠠᠭᠠᠨ ᠤ ᠳᠠᠷᠤᠭ᠎ᠠ ᠯᠢᠦ ᠸᠧᠨ ᠴᠢᠶᠠᠩ ᠤᠨ ᠬᠡᠯᠡᠬᠦ ᠪᠠᠷ᠂ ᠪᠢᠳᠡ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠭᠦᠨ ᠭᠦᠨᠵᠡᠭᠡᠢ ᠠᠭᠤᠯᠤᠭᠳᠠᠬᠤᠨ ᠢ ᠣᠶᠢᠯᠠᠭᠠᠨ᠂ ᠶᠡᠷᠦᠩᠬᠡᠶᠢᠯᠡᠨ ᠬᠠᠮᠠᠭᠠᠯᠠᠬᠤ ᠪᠠ ᠬᠠᠮᠢᠶᠠᠷᠬᠤ ᠴᠢᠳᠠᠪᠤᠷᠢ ᠪᠠᠨ ᠴᠢᠩᠭᠠᠳᠬᠠᠵᠤ᠂ ᠠᠮᠢ ᠠᠬᠤᠢ ᠶᠢ ᠰᠠᠶᠢᠲᠤᠷ  ᠬᠠᠮᠠᠭᠠᠯᠠᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠰᠠᠶᠢᠲᠤᠷ ᠬᠠᠮᠠᠭᠠᠯᠠᠵᠤ᠂ ᠤᠢ ᠰᠢᠭᠤᠢ ᠡᠪᠡᠰᠦᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ ᠬᠡᠵᠤ ᠪᠠᠶᠢᠯ᠎ᠠ᠃      ᠰᠢ ᠶᠢᠨ ᠫᠢᠩ ᠶᠡᠷᠦᠩᠬᠡᠢ ᠱᠦᠵᠢ᠂ ᠪᠣᠷᠣᠳᠣᠬᠤᠢ ᠣᠷᠣᠨ ᠬᠡᠳᠦᠶᠢᠪᠡᠷ ᠤᠰᠤ ᠳᠤᠲᠠᠭᠳᠠᠬᠤ ᠦᠭᠡᠢ ᠪᠣᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠬᠦᠴᠦᠯᠡᠨ ᠬᠥᠭᠵᠢᠭᠦᠯᠬᠦ ᠬᠡᠷᠡᠭᠲᠡᠢ᠂ ᠶᠡᠭᠡ ᠤᠰᠤ ᠪᠠᠷ ᠨᠡᠯᠦᠶᠢᠲᠡᠯ᠎ᠡ ᠤᠰᠤᠯᠠᠵᠤ ᠪᠣᠯᠬᠤ ᠦᠭᠡᠢ ᠬᠡᠵᠤ ᠴᠢᠬᠤᠯᠠᠴᠢᠯᠠᠵᠠᠢ᠃ ᠣᠳᠣᠬᠠᠨ ᠳᠤ᠂ ᠮᠠᠨ ᠤ ᠬᠤᠲᠠ ᠶᠠᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠡᠨᠡ ᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠨᠢ ᠤᠯᠤᠰ ᠤᠨ ᠬᠠᠮᠢᠶᠠᠷᠤᠯᠲᠠ ᠶᠢᠨ ᠭᠤᠤᠯ ᠰᠤᠪᠠᠭ 6 ᠵᠤᠷᠪᠤᠰ᠂ ᠨᠡᠶᠢᠲᠡ 95 ᠺᠢᠯᠣᠮᠧᠲᠷ ᠤᠨ ᠳᠣᠲᠣᠷ ᠴᠣᠭᠴᠠᠯᠠᠯ ᠤᠨ ᠪᠠᠷᠢᠯᠭ᠎ᠠ ᠪᠠᠭᠳᠠᠵᠤ᠂ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠵᠢᠯ ᠳᠡᠭᠡᠨ 1.48 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠶᠢ ᠪᠡᠶᠡᠯᠡᠬᠦᠯᠬᠦ  ᠪᠣᠯᠣᠨ᠎ᠠ᠃      ᠰᠢ ᠶᠢᠨ ᠫᠢᠩ ᠶᠡᠷᠦᠩᠬᠡᠢ ᠱᠦᠵᠢ ᠠᠴᠠ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂  ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠬᠤ ᠬᠡᠷᠡᠭᠲᠡᠢ ᠭᠡᠵᠡᠢ᠃ ᠥᠷᠭᠡᠨ ᠤᠯᠠᠨ ᠺᠠᠳ᠋ᠷ ᠤᠯᠠᠨ ᠲᠦᠮᠡᠨ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂  ᠲᠠᠷᠢᠶᠠᠯᠠᠩ  ᠤᠨ  ᠮᠡᠷᠭᠡᠵᠢᠯ  ᠤᠨ   ᠳᠡᠯᠭᠡᠷᠡᠭᠦᠯᠦᠯᠲᠡ  ᠶᠢ  ᠢᠳᠡᠪᠬᠢᠲᠡᠢ  ᠦᠷᠨᠢᠬᠦᠯᠦᠨ᠂ ᠤᠳᠤ ᠦᠶ᠎ᠡ ᠶᠢᠨ ᠲᠠᠷᠢᠶᠠᠯᠠᠩ ᠢ ᠬᠦᠴᠦᠯᠡᠨ ᠬᠥᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃      ᠬᠠᠩᠭᠢᠨ ᠬᠤᠶᠢᠲᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠯᠢ ᠵᠢᠶᠧ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠮᠠᠯ ᠤᠨ ᠦᠢᠯᠡᠰ ᠤᠨ ᠠᠵᠤ ᠦᠢᠯᠡᠰ ᠤᠨ ᠬᠥᠭᠵᠢᠯᠲᠡ ᠵᠢᠴᠢ ᠮᠠᠨ ᠤ ᠨᠠᠷᠠᠲᠤ  ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠴᠦᠰ ᠲᠡᠭᠡᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ ᠬᠡᠵᠤ ᠪᠠᠶᠢᠯ᠎ᠠ᠃      ᠳ᠋ᠧᠩᠺᠸᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠵᠢᠶᠠᠩ ᠰᠢᠶᠣᠣ ᠫᠢᠩ ᠠᠴᠠ ᠰᠤᠷᠪᠤᠯᠵᠢᠯᠠᠭᠴᠢ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠭᠤᠣᠯᠳᠠᠯᠭ᠎ᠠ ᠲᠠᠢ ᠳᠠᠷᠢᠬᠤ ᠮᠡᠷᠭᠡᠵᠢᠯ᠂ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠳᠡᠯᠭᠡᠷᠡᠭᠦᠯᠦᠯᠲᠡ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠴᠢᠷᠮᠠᠶᠢᠨ ᠨᠡᠮᠡᠭᠳᠡᠭᠦᠯᠵᠦ᠂ ᠤᠯᠠᠮᠵᠢᠯᠠᠯᠲᠤ ᠲᠠᠷᠢᠶᠠᠯᠠᠩ ᠤᠨ ᠣᠲᠣ ᠦᠶ᠎ᠡ ᠶᠢᠨ ᠲᠠᠷᠢᠶᠠᠯᠠᠩ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ ᠬᠡᠪᠡ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ