ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠬᠤᠲᠠ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠨᠢ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠲᠤᠮᠳᠠ ᠬᠠᠯᠠᠭᠤᠨ ᠲᠤᠰᠬᠠᠯ ᠭᠠᠷᠭᠠᠪᠠ᠃ ᠬᠡᠳᠦᠨ ᠡᠳᠦᠷ ᠤᠨ ᠲᠤᠷᠰᠢ᠂ ᠣᠯᠠᠨ ᠢᠶᠠᠷ ᠢᠶᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠠᠭᠤᠯᠭ᠎ᠠ ᠶᠢ ᠨᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠭᠦᠨ ᠵᠤᠵᠠᠭᠠᠨ ᠬᠠᠶᠢᠷ᠎ᠠ | ᠰᠡᠳᠭᠢᠯᠭᠡ ᠬᠦᠰᠡᠯ ᠨᠠᠶᠢᠳᠠᠯᠭ᠎ᠠ ᠶᠢ ᠬᠦᠴᠢᠷ ᠢ ᠲᠤᠭᠤᠯᠵᠤ᠂ ᠠᠵᠢᠯ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠤᠭᠳᠠᠭᠤᠨ ᠢ ᠪᠠᠲᠤᠳᠬᠠᠬᠤ ᠳᠤ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠤ ᠢᠯᠡᠷᠭᠡᠶᠢᠯᠡᠵᠡᠭᠡᠪᠡ᠃ | ᠶᠡᠷᠦᠩᠬᠡᠢ ᠱᠦᠵᠢ ᠪᠠᠶᠠᠨᠨᠠᠭᠤᠷ ᠬᠤᠲᠠ ᠳᠤ ᠰᠢᠨᠵᠢᠯᠡᠨ ᠪᠠᠶᠢᠴᠠᠭᠠᠭᠰᠠᠨ ᠠᠩᠬᠠᠨ ᠤ ᠥᠷᠲᠡᠭᠡ ᠪᠣᠯ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ | ᠨᠠᠭᠤᠷ ᠪᠣᠯᠣᠨ᠎ᠠ᠃ ᠤᠳᠤ ᠤᠯᠠᠭᠠᠨᠰᠤᠬᠠᠢ ᠨᠠᠭᠤᠷ ᠨᠢ ᠨᠡᠭᠦᠳᠡᠯ ᠤᠨ ᠰᠢᠪᠠᠭᠤᠨ ᠤ ᠦᠷᠡᠵᠢᠯ ᠤᠨ ᠣᠷᠭᠢᠯ ᠤᠨ ᠬᠤᠭᠤᠴᠠᠭᠠᠨ ᠳᠤ ᠣᠷᠣᠪᠠ᠃ ᠨᠡᠭᠦᠳᠡᠯ ᠤᠨ | ᠰᠢᠪᠠᠭᠤᠳ ᠤᠨ ᠠᠮᠤᠷ ᠲᠤᠭᠳᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠯᠠᠭᠠᠨᠰᠤᠬᠠᠢ ᠨᠠᠭᠤᠷ ᠤᠨ ᠨᠡᠭᠦᠳᠡᠯ ᠤᠨ ᠰᠢᠪᠠᠭᠤ ᠶᠢ ᠬᠠᠤᠯᠢ ᠪᠠᠷ ᠬᠠᠮᠠᠭᠠᠯᠠᠬᠤ | ᠶᠡᠭᠡ ᠠᠩᠭᠢ ᠶᠢᠨ ᠬᠢᠨ᠂ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠤᠨ᠂ ᠴᠠᠭᠳᠠᠨ ᠲᠣᠭᠤᠷᠢᠬᠤ ᠠᠵᠢᠯ ᠢᠶᠠᠨ ᠴᠢᠩᠭᠠᠳᠬᠠᠵᠤ ᠪᠠᠶᠢᠨ᠎ᠠ᠃ | ᠥᠪᠥᠷ ᠮᠣᠩᠭᠤᠯ ᠤᠨ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠠᠵᠢᠯᠲᠠᠨ ᠮᠠ ᠬᠠᠢ ᠮᠢᠩ ᠰᠤᠷᠪᠤᠯᠵᠢᠯᠠᠭᠴᠢ ᠳᠤ | ᠪᠢᠳᠡ ᠶᠡᠷᠦᠩᠬᠡᠢ ᠱᠦᠵᠢ ᠶᠢᠨ ᠭᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠤ᠂ ᠤᠯᠠᠭᠠᠨᠰᠤᠬᠠᠢ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ | ᠬᠠᠮᠠᠭᠠᠯᠠᠨ ᠵᠠᠰᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤᠨ ᠤ ᠠᠮᠢ ᠠᠬᠤᠢ ᠶᠢ ᠶᠡᠷᠤᠩᠭᠡᠶᠢᠯᠡᠨ ᠵᠠᠰᠠᠬᠤ ᠶᠢ ᠤᠷᠳᠤ ᠬᠤᠭᠤᠴᠠᠭ᠎ᠠ ᠪᠠᠷ | ᠪᠠᠷᠢᠮᠳᠠᠯᠠᠵᠤ᠂ ᠤᠯᠠᠭᠠᠨᠰᠤᠬᠠᠢ ᠨᠠᠭᠤᠷ ᠤᠨ ᠲᠡᠭᠷᠢ ᠶᠢ ᠨᠡᠩ ᠴᠡᠯᠮᠡᠭ᠂ ᠤᠰᠤ ᠶᠢ ᠨᠡᠩ ᠲᠤᠩᠭᠠᠯᠠᠭ᠂ ᠵᠢᠭᠠᠰᠤ ᠶᠢ ᠨᠡᠩ ᠲᠠᠷᠭᠤᠨ᠂ ᠰᠢᠪᠠᠭᠤ ᠶᠢ ᠨᠡᠩ ᠤᠯᠠᠠ | ᠪᠣᠯᠭᠠᠬᠤ ᠪᠠᠷ ᠴᠢᠷᠮᠠᠶᠢᠶ᠎ᠠ ᠭᠡᠪᠡ᠃ | ᠶᠡᠷᠦᠩᠬᠡᠢ ᠱᠦᠵᠢ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠳᠠᠭᠠᠨ᠂ | ᠭᠤᠷᠪᠠᠨ ᠤᠮᠠᠷᠠᠲᠤ ᠶᠢᠨ ᠭᠠᠵᠠᠷ ᠣᠷᠣᠨ ᠤ ᠠᠮᠢ ᠠᠬᠤᠢ ᠲᠤᠶᠢᠯ ᠤᠨ ᠬᠡᠪᠡᠷᠡᠭ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠣᠯ ᠨᠢᠭᠡᠨ ᠤᠷᠲᠤ ᠬᠤᠭᠤᠴᠠᠭᠠᠨ ᠤ | ᠲᠡᠦᠬᠡᠲᠦ ᠡᠭᠦᠷᠭᠡ ᠪᠤᠯᠤᠨ᠎ᠠ᠂ ᠪᠢᠳᠡ ᠡᠨᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠢᠳᠡᠨ ᠤ ᠡᠪᠦᠭᠡ ᠳᠡᠭᠡᠳᠦᠰ ᠪᠠ ᠬᠤᠶᠢᠴᠢᠰ ᠲᠠᠭᠠᠨ ᠤᠰᠤᠯᠳᠠᠬᠤ | ᠦᠭᠡᠢ ᠪᠠᠶᠢᠬᠤ ᠭᠡᠷᠡᠭᠳᠠᠢ ᠭᠡᠵᠤ ᠴᠢᠬᠤᠯᠠᠴᠢᠯᠠᠪᠠ᠃ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠤᠤ ᠵᠢᠶᠦ᠋ᠨ ᠯᠢᠩ | ᠰᠤᠷᠪᠤᠯᠵᠢᠯᠠᠭᠴᠢ ᠳᠤ ᠶᠡᠷᠦᠩᠬᠡᠢ ᠱᠦᠵᠢ ᠰᠢ ᠶᠢᠨ ᠫᠢᠩ ᠤᠢ ᠰᠢᠭᠤᠢ ᠶᠢᠨ ᠲᠠᠯᠠᠪᠠᠢ ᠶᠢᠨ ᠡᠪᠡᠰᠦ ᠮᠣᠳᠣ ᠪᠦᠷᠢ ᠳᠤ ᠭᠦᠨ ᠬᠠᠶᠢᠷ᠎ᠠ ᠰᠡᠳᠬᠢᠯᠭᠡ ᠲᠠᠢ ᠪᠠᠶᠢᠵᠤ᠂ | ᠲᠡᠷᠡ ᠲᠤᠬᠠᠢ ᠶᠢᠨ ᠦᠶ᠎ᠡ ᠳᠤ ᠭᠠᠷ ᠢᠶᠠᠷ ᠢᠶᠠᠨ ᠨᠢᠭᠡ ᠤᠯᠢᠶᠠᠰᠤᠨ ᠮᠣᠳᠣᠨ ᠤ ᠨᠠᠮᠠᠭ᠎ᠠ ᠶᠢ ᠠᠶᠠᠷᠬᠠᠨ ᠪᠠᠷᠢᠵᠤ᠂ ᠨᠠᠳᠠ ᠠᠴᠠ ᠡᠨᠡ ᠤᠯᠢᠶᠠᠰᠤᠨ ᠤ ᠠᠷᠠᠨᠰᠢᠨ ᠢ | ᠠᠰᠠᠭᠤᠪᠠ᠃ ᠳᠠᠷᠠᠭ᠎ᠠ ᠨᠢ ᠪᠢ ᠶᠡᠷᠦᠩᠬᠡᠢ ᠱᠦᠵᠢ ᠳᠤ ᠡᠨᠡ ᠬᠦ ᠤᠯᠢᠶᠠᠰᠤᠨ ᠤ ᠦᠨᠳᠦᠰᠦ ᠨᠢ ᠨᠡᠯᠢᠶᠡᠳ ᠭᠦᠨ ᠬᠠᠳᠬᠤᠵᠤ᠂ ᠨᠢᠭᠡ ᠯᠡ ᠮᠣᠳᠣ ᠪᠠᠷ ᠤᠢ | ᠪᠣᠯᠭᠠᠴᠢᠪᠠᠯ ᠰᠠᠯᠬᠢ ᠰᠢᠭᠤᠷᠭᠠᠨ ᠢ ᠬᠠᠯᠬᠠᠯᠠᠵᠤ ᠴᠢᠳᠠᠨ᠎ᠠ ᠭᠡᠵᠤ ᠭᠡᠯᠡᠪᠡ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠪᠣᠯ ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ ᠶᠠᠪᠤᠴᠠ ᠮᠥᠨ᠂ ᠵᠢᠭᠠᠬᠠᠨ ᠰᠤᠯᠠᠷᠠᠪᠠᠯ ᠳᠠᠬᠢᠨ ᠳᠠᠪᠲᠠᠨ᠎ᠠ᠂ ᠡᠶᠢᠮᠦ ᠠᠴᠠ ᠪᠢᠳᠡ ᠡᠨᠡ | ᠠᠵᠢᠯ ᠢ ᠰᠤᠯᠠᠷᠠᠭᠤᠯᠵᠤ ᠪᠤᠯᠬᠤ ᠦᠭᠡᠢ᠂ ᠤᠳᠠᠭᠠᠨ ᠡᠳᠦᠷ ᠴᠢᠷᠮᠠᠶᠢᠨ ᠠᠵᠢᠯᠯᠠᠵᠤ ᠦᠷᠭᠦᠯᠵᠢᠯᠡᠨ ᠠᠳᠬᠤᠬᠤ ᠬᠡᠷᠡᠭᠲᠡᠢ ᠭᠡᠪᠡ᠃ ᠳᠠᠷᠠᠭᠠᠴᠢ ᠶᠢᠨ ᠠᠯᠬᠤᠮ ᠳᠤ | ᠪᠢᠳᠡ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠠᠷᠢᠶᠠᠨ ᠭᠠᠵᠠᠷ ᠤᠨ ᠬᠠᠯᠬᠠᠪᠴᠢ ᠤᠢ᠂ ᠡᠯᠡᠰᠦ ᠶᠢ ᠰᠡᠷᠭᠡᠶᠢᠯᠡᠬᠦ | ᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠠᠮᠠᠭᠠᠯᠠᠨ ᠬᠡᠷᠡᠭᠵᠢᠭᠦᠯᠵᠦ᠂ ᠨᠢᠭᠡᠨ ᠲᠣᠮᠣ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ | ᠪᠦᠷᠢᠯᠳᠦᠭᠦᠯᠦᠨ᠎ᠡ ᠭᠡᠪᠡ᠃ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠤᠷᠭᠤᠮᠠᠯ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ | ᠲᠠᠢ ᠵᠠᠰᠠᠬᠤ ᠶᠢ ᠯᠠᠪᠳᠠᠭᠤᠨ ᠢᠶᠠᠷ ᠠᠬᠢᠭᠤᠯᠬᠤ ᠠᠴᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠳᠠᠢ ᠲᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠭᠦᠷᠳᠡᠯ᠎ᠡ᠂ ᠪᠠᠰᠠ ᠲᠠᠴᠢᠷ ᠴᠦᠯ ᠤᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠪᠣᠯᠲᠠᠯ᠎ᠠ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠡᠷᠡᠮᠡᠬᠡᠶᠢᠯᠡᠨ ᠤᠷᠤᠭᠰᠢᠯᠠᠬᠤ ᠭᠦᠴᠦᠨ ᠢ ᠨᠢᠭᠲᠠᠷᠠᠭᠤᠯᠪᠠ᠃ | ᠤᠷᠠᠳ ᠤᠨ ᠳᠤᠮᠳᠠᠳᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠮᠢᠩ ᠰᠤᠷᠪᠤᠯᠵᠢᠯᠠᠭᠴᠢ ᠳᠤ | ᠲᠠᠷᠠᠭᠠᠴᠢ ᠶᠢᠨ ᠠᠯᠬᠤᠮ ᠳᠤ ᠮᠠᠨ ᠤ ᠣᠶ ᠰᠢᠭᠤᠢ ᠨᠤᠳᠤᠭ ᠪᠡᠯᠴᠢᠭᠡᠷ ᠤᠨ ᠬᠥᠮᠥᠰ ᠰᠢᠰᠲ᠋ᠧᠮᠲᠦ ᠦᠵᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠭᠤᠯᠠ ᠤᠰᠤ | ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠤᠯᠭᠠᠨ ᠪᠠᠶᠢᠭᠤᠯᠤᠨ᠎ᠠ ᠭᠡᠪᠡ᠃ | |