ᠳ᠋ᠧᠩᠺᠸᠤ ᠰᠢᠶᠠᠨ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠣᠶᠢᠷ᠎ᠠ ᠶᠢᠨ ᠵᠢᠯ ᠳ᠋ᠧᠩᠺᠸᠤ ᠰᠢᠶᠠᠨ ᠤ ᠬᠢᠨ ︽ᠠᠮᠢ | ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠲᠡᠩᠴᠡᠭᠦᠷᠢᠲᠡᠢ ᠬᠥᠭᠵᠢᠯᠲᠡ ᠶᠢᠨ ᠵᠠᠭᠪᠤᠷ ᠢ ᠰᠦᠪᠡᠭᠴᠢᠯᠡᠨ 210 ᠲᠦᠮᠡᠨ ᠮᠦ | ᠡᠯᠡᠰᠦᠨ ᠴᠦᠯ ᠢ ᠨᠣᠭᠤᠭᠠᠷᠠᠭᠤᠯᠤᠭᠰᠠᠨ ᠪᠠᠶᠢᠨ᠎ᠠ᠃ | ᠰᠤᠷᠪᠤᠯᠵᠢᠯᠠᠭᠴᠢ ᠳ᠋ᠧᠩᠺᠸᠤ ᠰᠢᠶᠠᠨ ᠤ ᠤᠯᠠᠭᠠᠨᠪᠤᠬ᠎ᠠ ᠡᠯᠡᠰᠦᠨ ᠴᠥᠯ ᠤᠨ ᠸᠠᠩ ᠶᠧ ᠳ᠋ᠢ ᠣᠷᠭᠠᠨᠢᠭ ᠬᠢᠲᠠᠳ ᠮᠣᠩᠭᠤᠯ ᠡᠮ ᠤᠨ ᠮᠠᠲ᠋ᠧᠷᠢᠶᠠᠯ ᠳᠠᠷᠢᠬᠤ | ᠰᠠᠭᠤᠷᠢᠨ ᠭᠠᠵᠠᠷ ᠲᠤ ᠬᠦᠷᠬᠦ ᠳᠤ᠂ ᠠᠵᠢᠯᠴᠢᠳ ᠲᠠᠷᠢᠶᠠᠨ ᠭᠠᠵᠠᠷ ᠲᠤ ᠭᠤᠶᠣᠣ ᠶᠢᠨ ᠦᠷ᠎ᠡ ᠲᠡᠭᠦᠵᠦ ᠪᠠᠶᠢᠯ᠎ᠠ᠃ | ᠥᠪᠥᠷ ᠮᠣᠩᠭᠤᠯ ᠤᠨ ᠸᠠᠩ ᠶᠧ ᠳ᠋ᠢ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠢ ᠵᠢᠶᠦ᠋ᠨ | ᠰᠤᠷᠪᠤᠯᠵᠢᠯᠠᠭᠴᠢ ᠳᠤ᠂ ᠪᠢᠳᠡᠨ ᠤ ᠦᠷ᠎ᠡ ᠪᠦᠲᠦᠭᠡᠯ ᠤᠨ ᠬᠢᠨᠠᠨ ᠲᠣᠭᠲᠠᠭᠠᠯᠲᠠ ᠪᠠ ᠲᠤᠬᠠᠢ ᠶᠢᠨ ᠲᠠᠯᠠᠪᠤᠷ ᠤᠨ ᠤᠨᠠᠯᠲᠠ ᠶᠢᠨ ᠬᠡᠮᠵᠢᠯᠲᠡ ᠪᠠᠷ ᠳᠡᠮᠵᠢᠨ᠂ ᠮᠦ | ᠪᠦᠷᠢ ᠳᠤ 300 ᠺᠢᠯᠣᠭ᠍ᠷᠠᠮ ᠠᠴᠠ ᠳᠡᠭᠡᠭᠰᠢᠬᠢ ᠠᠵᠤ ᠠᠬᠤᠢ ᠶᠢᠨ ᠦᠷ᠎ᠡ ᠠᠰᠢᠭ ᠣᠯᠣᠨ᠎ᠠ ᠭᠡᠵᠦ ᠪᠠᠶᠢᠯ᠎ᠠ᠃ | ᠳ᠋ᠧᠩᠺᠸᠤ ᠰᠢᠶᠠᠨ ᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠢ ᠶᠢᠨ ᠡᠯᠧᠮᠧᠨ᠋ᠲ ᠪᠦᠷᠢᠨ | ᠭᠦᠢᠴᠡᠳ ᠪᠠᠶᠢᠵᠤ᠂ ᠬᠠᠳᠤᠨ ᠭᠤᠣᠯ ᠤᠨ ᠰᠠᠪᠠ ᠭᠠᠵᠠᠷ ᠤᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠪᠣᠯᠣᠨ᠎ᠠ᠃ ᠡᠯᠡᠰᠦ ᠶᠢ ᠵᠠᠰᠠᠬᠤ ᠪᠠ ᠪᠠᠶᠠᠵᠢᠨ | ᠴᠢᠨᠡᠭᠡᠯᠢᠭᠵᠢᠬᠦ ᠶᠢ ᠵᠡᠷᠭᠡᠪᠡᠷ ᠬᠥᠭᠵᠢᠭᠦᠯᠬᠦ ᠰᠡᠳᠬᠢᠴᠡ ᠪᠠᠷ ᠳ᠋ᠧᠩᠺᠸᠤ ᠰᠢᠶᠠᠨ ᠤᠯᠠᠭᠠᠨᠪᠤᠬ᠎ᠠ ᠡᠯᠡᠰᠦᠨ ᠴᠦᠯ ᠳᠤ ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠪᠠ᠃ ᠳᠡᠯᠭᠡᠷ ᠵᠤᠨ ᠤ ᠤᠯᠠᠷᠢᠯ ᠳᠤ᠂ ᠤᠯᠠᠭᠠᠨᠪᠤᠬ᠎ᠠ ᠶᠢᠨ ᠡᠯᠡᠰᠦᠨ | ᠴᠦᠯ ᠤᠨ ᠥᠷᠥᠴᠡᠨ ᠳᠤ ᠪᠠᠶᠢᠭ᠎ᠠ ᠪᠠᠶᠠᠨᠨᠠᠭᠤᠷ ᠬᠤᠳᠠ ᠶᠢᠨ ᠱᠧᠩ ᠮᠦ ᠳᠡᠭᠡᠳᠦ ᠰᠢᠨᠵᠢᠯᠡᠭᠡ ᠮᠡᠷᠭᠡᠵᠢᠯ ᠤᠨ ᠠᠮᠢ ᠠᠬᠤᠢ ᠶᠢᠨ ᠡᠪᠡᠰᠦᠨ ᠤ ᠦᠢᠯᠡᠰ ᠤᠨ | ᠬᠢᠵᠠᠭᠠᠷᠲᠤ ᠺᠣᠮᠫᠠᠨᠢ ᠶᠢᠨ ᠴᠠᠷᠭᠠᠰᠤ ᠶᠢᠨ ᠲᠠᠷᠢᠮᠠᠯ ᠤᠨ ᠰᠠᠭᠤᠷᠢᠨ ᠳᠤ᠂ ᠲᠣᠮᠣ ᠬᠡᠯᠪᠡᠷᠢ ᠶᠢᠨ ᠪᠣᠭᠤᠵᠢᠯᠠᠬᠤ ᠮᠠᠰᠢᠨ ᠲᠠᠷᠢᠶᠠᠨ ᠳᠤ ᠡᠪᠡᠰᠦ ᠪᠣᠭᠤᠵᠢᠯᠠᠨᠠ᠃ | ᠪᠠᠶᠠᠨᠨᠠᠭᠤᠷ ᠬᠤᠲᠠ ᠵᠢᠨᠱᠧᠩ ᠮᠦ ᠳᠡᠭᠡᠳᠦ ᠰᠢᠨᠵᠢᠯᠡᠭᠡ ᠮᠡᠷᠭᠡᠵᠢᠯ ᠤᠨ ᠠᠮᠢ ᠠᠬᠤᠢ ᠶᠢᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠡᠵᠡᠩᠨᠡᠯᠲᠡ ᠶᠢᠨ ᠶᠡᠷᠦᠩᠬᠡᠢ ᠬᠢᠨᠠᠭᠴᠢ ᠶᠠᠩ ᠷᠦᠢ ᠭᠤᠸᠠᠩ ᠰᠤᠷᠪᠤᠯᠵᠢᠯᠠᠭᠴᠢ ᠳᠤ᠂ ᠬᠠᠭᠤᠷᠠᠢ ᠡᠪᠡᠰᠦᠨ ᠤ ᠮᠦ ᠪᠦᠷᠢ ᠶᠢᠨ ᠭᠠᠷᠤᠯᠲᠠ ᠶᠢ 1 ᠲᠣᠨ ᠣᠷᠴᠢᠮ | ᠪᠠᠶᠢᠯᠭᠠᠵᠤ ᠠᠵᠤ ᠠᠬᠤᠢ ᠶᠢᠨ ᠦᠷ᠎ᠡ ᠠᠰᠢᠭ ᠨᠢ ᠪᠠᠷᠤᠭ 1500 ︱ 2000 ᠲᠥᠭᠦᠷᠢᠭ ᠲᠤ ᠬᠥᠷᠥᠨ᠎ᠡ᠂ ᠠᠮᠢ ᠠᠬᠤᠢ ᠶᠢᠨ ᠦᠨ᠎ᠡ ᠥᠷᠲᠡᠭ ᠪᠠ ᠠᠮᠢ | ᠠᠬᠤᠢ ᠶᠢᠨ ᠦᠷ᠎ᠡ ᠠᠰᠢᠭ ᠲᠠᠢ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ ᠲᠡᠶᠢᠯᠦᠭᠰᠡᠨ ᠭᠡᠵᠦ ᠪᠠᠶᠢᠯ᠎ᠠ᠃ | ᠳ᠋ᠧᠩᠺᠸᠤ ᠰᠢᠶᠠᠨ ᠤ ᠬᠢᠨ ᠪᠠᠰᠠ︽ ᠭᠡᠷᠡᠯᠯᠢᠭ ᠴᠠᠬᠢᠯᠭᠠᠨ + ᠡᠯᠡᠰᠦᠨ ᠤ ᠠᠵᠤ ᠦᠢᠯᠡᠰ︾ ᠢ ᠬᠠᠷᠢᠯᠴᠠᠨ ᠤᠶᠠᠯᠳᠤᠭᠤᠯᠬᠤ ᠰᠡᠳᠬᠢᠴᠡ ᠶᠢᠨ ᠰᠢᠨ᠎ᠡ ᠶᠢ | ᠡᠭᠦᠳᠴᠦ᠂ ᠤᠯᠠᠭᠠᠨᠪᠤᠬ᠎ᠠ ᠶᠢᠨ ᠡᠯᠡᠰᠦᠨ ᠴᠦᠯ ᠤᠨ ᠮᠢᠩᠭᠠᠨ ᠲᠦᠮᠡᠨ ᠺᠢᠯᠣᠸᠠᠲ ᠤᠨ ᠲᠡᠰ ᠤᠨ ᠭᠡᠷᠡᠯᠯᠢᠭ ᠴᠠᠬᠢᠯᠭᠠᠨ ᠤ ᠡᠨᠧᠷᠭᠢ ᠶᠢᠨ ᠰᠠᠭᠤᠷᠢᠨ ᠭᠠᠵᠠᠷ ᠢ | ᠪᠠᠶᠢᠭᠤᠯᠵᠤ᠂ 35 ᠲᠦᠮᠡᠨ ᠮᠦ ᠡᠯᠡᠰᠦ ᠶᠢ ᠲᠤᠭᠳᠠᠪᠤᠷᠢᠵᠢᠭᠤᠯᠤᠨ᠂ ᠭᠡᠷᠡᠯᠯᠢᠭ ᠴᠠᠬᠢᠯᠭᠠᠨ ᠤ ᠬᠠᠪᠲᠠᠰᠤᠨ ᠳᠡᠭᠡᠷ᠎ᠡ ᠠᠴᠠ ᠴᠠᠬᠢᠯᠭᠠᠨ ᠭᠠᠷᠭᠠᠬᠤ᠂ ᠬᠠᠪᠲᠠᠰᠤᠨ | ᠳᠣᠣᠷ᠎ᠠ ᠳᠠᠷᠢᠬᠤ᠂ ᠡᠯᠡᠰᠦ ᠶᠢ ᠵᠠᠰᠠᠵᠤ ᠬᠥᠷᠥᠰᠥ ᠶᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠠᠵᠤ | ᠦᠢᠯᠡᠰ ᠤᠨ ᠬᠥᠭᠵᠢᠯᠲᠡ ᠶᠢᠨ ᠵᠠᠭᠪᠤᠷ ᠢ ᠬᠡᠷᠡᠭᠯᠡᠨ᠂ ᠡᠯᠡᠰᠦᠨ ᠴᠥᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠮᠢ ᠠᠬᠤᠢ ᠶᠢᠨ ᠴᠢᠳᠠᠮᠵᠢ ᠶᠢ | ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠵᠢᠯ ᠪᠦᠷᠢ ᠮᠠᠨ ᠤ ᠬᠤᠲᠠ ᠳᠤ 2 ᠳ᠋ᠦᠩᠰᠢᠭᠤᠷ ᠭᠷᠡᠳᠦ᠋ᠰ ᠤᠨ ᠴᠡᠪᠡᠷ ᠡᠨᠧᠷᠭᠢ ᠶᠢᠨ ᠴᠠᠬᠢᠯᠭᠠᠨ ᠬᠠᠩᠭᠠᠵᠤ | ᠪᠠᠶᠢᠨ᠎ᠠ᠃ | ᠣᠲᠣ ᠪᠣᠯᠲᠠᠯ᠎ᠠ᠂ ᠳ᠋ᠧᠩᠺᠸᠤ ᠰᠢᠶᠠᠨ ᠤ ᠪᠥᠬᠦ ᠰᠢᠶᠠᠨ ᠤ ᠡᠯᠡᠰᠦᠨ ᠤ ᠠᠵᠤ ᠦᠢᠯᠡᠰ ᠤᠨ ᠡᠵᠡᠩᠨᠡᠯᠲᠡ ᠶᠢᠨ ᠪᠤᠳᠠᠳᠤ ᠴᠣᠭᠴᠠ 90 ᠭᠠᠷᠤᠢ ᠡᠷᠦᠭᠡ | ᠪᠣᠯᠵᠤ᠂ ᠤᠯᠤᠰ ᠤᠨ ᠭᠤᠣᠯᠳᠠᠯᠭ᠎ᠠ ᠲᠠᠢ ᠣᠶ ᠰᠢᠭᠤᠢ ᠡᠪᠡᠰᠦ ᠪᠡᠯᠴᠢᠭᠡᠷ ᠤᠨ ᠵᠠᠰᠠᠯᠲᠠ ᠶᠢᠨ ᠲᠠᠯᠠᠪᠠᠶ ᠶᠢ ᠨᠡᠶᠢᠲᠡ 130 ᠲᠦᠮᠡᠨ ᠮᠦ ᠪᠡᠶᠡᠯᠡᠭᠦᠯᠵᠦ᠂ ᠣᠶ | ᠰᠢᠭᠤᠢ ᠡᠪᠡᠰᠦ ᠪᠡᠯᠴᠢᠭᠡᠷ ᠤᠨ ᠪᠦᠷᠬᠦᠴᠡ 0.04% ᠪᠠᠶᠢᠭᠰᠠᠨ ᠠᠴᠠ ᠪᠠᠨ 37.2% ᠪᠣᠯᠣᠨ ᠳᠡᠭᠡᠭᠰᠢᠯᠡᠵᠦ᠂ ᠤᠯᠠᠭᠠᠨᠪᠤᠬ᠎ᠠ ᠶᠢᠨ ᠠᠮᠢ ᠠᠬᠤᠢ ᠶᠢᠨ | ᠵᠠᠰᠠᠯᠲᠠ ᠶᠢᠨ ᠣᠷᠣᠨ ᠨᠢ ᠪᠥᠬᠦ ᠤᠯᠤᠰ ᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠶᠢᠨ ᠦᠢᠯᠡᠳᠦᠯᠭᠡ ᠶᠢᠨ | ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠪᠠᠶᠢᠨ᠎ᠠ᠃ | ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠬᠦ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠡᠾᠸᠦ ᠸᠧᠨ | ᠴᠢᠶᠠᠩ ᠰᠤᠷᠪᠤᠯᠵᠢᠯᠠᠭᠴᠢ ᠳᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠰᠡᠳᠬᠢᠴᠡ ᠪᠠᠷ ᠤᠯᠠᠭᠠᠨᠪᠤᠬ᠎ᠠ ᠶᠢᠨ | ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠡᠷᠡᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠠᠢ ᠬᠠᠷᠢᠯᠴᠠᠨ ᠤᠶᠠᠯᠳᠤᠭᠤᠯᠵᠤ᠂ | ᠤᠯᠠᠭᠠᠨᠪᠤᠬ᠎ᠠ ᠶᠢᠨ ᠡᠯᠡᠰᠦᠨ ᠴᠥᠯ ᠢ ᠪᠥᠬᠦ ᠤᠯᠤᠰ ᠤᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ | ᠪᠠᠶᠢᠭᠤᠯᠬᠤ ᠪᠠᠷ ᠴᠢᠷᠮᠠᠶᠢᠵᠤ᠂ ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠳᠠᠭᠤᠷᠢᠶᠠᠵᠤ | ᠪᠣᠯᠬᠤ᠂ ᠳᠡᠯᠭᠡᠷᠡᠭᠦᠯᠵᠦ ᠪᠣᠯᠬᠤ ︽ᠳ᠋ᠧᠩᠺᠸᠦ ᠶᠢᠨ ᠲᠤᠷᠰᠢᠯᠭ᠎ᠠ︾ ᠬᠠᠩᠭᠠᠨ᠎ᠠ ᠭᠡᠰᠡᠨ ᠪᠠᠶᠢᠨ᠎ᠠ᠃ | | | |