ᠰᠢ ᠶᠢᠨ ᠫᠢᠩ ᠶᠡᠷᠦᠩᠬᠡᠢ ᠱᠦᠵᠢ ᠤᠯᠠᠭᠠᠨᠰᠤᠬᠠᠢ ᠶᠢᠨ ᠡᠮᠦᠨ᠎ᠡ ᠡᠷᠭᠢ ᠳᠠᠬᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠤᠳᠤ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ | ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠳᠠᠰᠤᠷᠠᠯᠳᠠ ᠦᠭᠡᠢ ᠬᠠᠶᠢᠨ ᠰᠦᠪᠡᠭᠴᠢᠯᠡᠵᠦ᠂ ᠲᠤᠬᠠᠢ ᠶᠢᠨ ᠭᠠᠵᠠᠷ ᠲᠤ ᠳᠤᠬᠢᠷᠠᠬᠤ ᠳᠦᠷᠦᠯ ᠵᠦᠢᠯ᠂ ᠮᠡᠷᠭᠡᠵᠢᠯ | ᠪᠣᠯᠤᠨ ᠲᠠᠷᠢᠶᠠᠯᠠᠬᠤ ᠠᠷᠭ᠎ᠠ ᠬᠡᠯᠪᠡᠷᠢ ᠶᠢ ᠡᠷᠢᠨ ᠣᠯᠵᠤ᠂ ᠥᠪᠡᠷ ᠤᠨ ᠦᠷᠳᠡᠭ ᠢ ᠪᠠᠭᠤᠷᠠᠭᠤᠯᠵᠤ᠂ ᠦᠷ᠎ᠡ ᠠᠰᠢᠭ ᠢ ᠳᠡᠭᠡᠭᠰᠢᠯᠡᠭᠦᠯᠵᠦ᠂ ᠬᠠᠭᠤᠯᠪᠤᠷᠢᠯᠠᠵᠤ ᠪᠣᠯᠬᠤ | ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠠᠭᠠᠨᠰᠤᠬᠠᠢ ᠶᠢᠨ ᠡᠮᠦᠨ᠎ᠡ ᠡᠷᠭᠢ ᠶᠢᠨ ᠤᠳᠤ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠪᠤᠭᠤᠳᠠᠢ ᠶᠢ ᠯᠠᠵᠤᠤ ᠲᠠᠢ ᠠᠯᠠᠭᠯᠠᠨ ᠲᠠᠷᠢᠬᠤ ᠥᠨᠳᠥᠷ ᠦᠷ᠎ᠡ ᠠᠰᠢᠭ ᠲᠠᠢ ᠲᠠᠷᠢᠬᠤ | ᠵᠠᠭᠪᠤᠷ ᠢ ᠶᠡᠬᠡᠪᠡᠷ ᠬᠦᠭᠵᠢᠬᠦᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ | ᠪᠠᠰᠠ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠭᠰᠠᠨ | ᠪᠠᠶᠢᠨ᠎ᠠ᠃ | ᠠᠳᠡ 500 ᠮᠦ ᠲᠤᠷᠰᠢᠯᠲᠠ ᠶᠢᠨ ᠲᠠᠷᠢᠶ᠎ᠠ ᠲᠠᠢ ᠪᠠᠶᠢᠵᠤ᠂ ᠪᠦᠬᠦᠨ ᠢᠶᠠᠷ ᠢᠶᠠᠨ ᠪᠤᠭᠤᠳᠠᠢ ᠶᠢ ᠯᠠᠵᠤᠤ ᠲᠠᠢ ᠠᠯᠠᠭᠯᠠᠨ ᠲᠠᠷᠢᠵᠤ᠂ ᠮᠦ ᠪᠦᠷᠢ ᠠᠴᠠ | 2000 ᠲᠥᠭᠦᠷᠢᠭ ᠤᠨ ᠣᠷᠣᠯᠭ᠎ᠠ ᠨᠡᠮᠡᠭᠳᠡᠬᠦ ᠶᠢ ᠪᠡᠶᠡᠯᠡᠬᠦᠯᠤᠭ᠍ᠰᠡᠨ ᠪᠠᠶᠢᠨ᠎ᠠ᠃ | ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠯᠢᠦ ᠵᠢᠶᠦ᠋ᠨ ᠤ ᠬᠡᠯᠡᠬᠦ ᠪᠠᠷ᠂ | ᠴᠠᠭ ᠤᠨ ᠵᠥᠷᠢᠶ᠎ᠡ ᠪᠠ ᠣᠷᠣᠨ ᠵᠠᠶ ᠶᠢᠨ ᠵᠥᠷᠢᠶ᠎ᠡ ᠪᠠᠷ ᠳᠠᠮᠵᠢᠭᠤᠯᠤᠨ᠂ ᠮᠠᠨ ᠤ ᠪᠤᠭᠤᠳᠠᠶ ᠶᠢᠨ ᠠᠮᠤ ᠪᠤᠳᠠᠭ᠎ᠠ ᠶᠢ 0. 6 ᠮᠤ᠋ ᠶᠢᠨ ᠲᠠᠷᠢᠶ᠎ᠠ ᠠᠴᠠ 0.7 | ᠮᠤ᠋ ᠶᠢᠨ ᠲᠠᠷᠢᠶ᠎ᠠ ᠶᠢᠨ ᠭᠠᠷᠤᠯᠳᠡ ᠶᠢ ᠪᠠᠶᠡᠯᠡᠬᠦᠯᠵᠤ᠂ ᠥᠪᠡᠷ ᠤᠨ ᠥᠷᠲᠡᠭ ᠢ ᠨᠢ ᠴᠦ ᠪᠠᠭᠤᠷᠠᠭᠤᠯᠵᠤ᠂ ᠦᠷ᠎ᠡ ᠠᠰᠢᠭ ᠢ ᠨᠢ ᠴᠦ ᠳᠡᠭᠡᠭᠰᠢᠯᠡᠭᠦᠯᠦᠨ᠎ᠡ ᠭᠡᠵᠤ | ᠪᠠᠶᠢᠯ᠎ᠠ᠃ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠭᠴᠢ ᠪᠣᠯᠤᠭᠰᠠᠨ ᠤ ᠬᠤᠪᠢ ᠳᠤ᠂ ᠲᠠᠷᠢᠶᠠᠨ ᠭᠠᠵᠠᠷ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠡᠨᠡᠬᠦ ᠳᠠᠩᠰᠠ ᠶᠢ ᠯᠢᠦ ᠵᠢᠶᠦ᠋ᠨ 30 ᠵᠢᠯ ᠪᠤᠳᠤᠵᠠᠢ᠃ 6 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ | ᠰᠢ ᠶᠢᠨ ᠫᠢᠩ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠶ ᠶᠢᠨ ᠡᠮᠦᠨ᠎ᠡ ᠡᠷᠭᠢ ᠶᠢᠨ ᠣᠲᠣ ᠦᠶ᠎ᠡ ᠶᠢᠨ ᠲᠠᠷᠢᠶᠠᠯᠠᠩ ᠤᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠲᠤ ᠬᠦᠷᠴᠦ᠂ ᠯᠢᠦ ᠵᠢᠶᠦ᠋ᠨ ᠲᠠᠢ ᠬᠠᠮᠲᠤ ᠡᠨᠡ ᠬᠦ ᠲᠠᠩᠰᠠ ᠶᠢ ᠪᠤᠳᠤᠵᠤ ᠦᠵᠡᠪᠡ᠃ | ᠤᠷᠠᠳ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠯᠢᠦ ᠵᠢᠶᠦ᠋ᠨ ᠤ ᠬᠡᠯᠡᠬᠦ ᠪᠠᠷ᠂ | ᠶᠡᠷᠦᠩᠬᠡᠢ ᠱᠦᠵᠢ ᠡᠭᠦᠨ ᠳᠤ ᠣᠨᠴᠠᠭᠠᠢ ᠰᠣᠨᠢᠷᠬᠠᠯ ᠲᠠᠢ ᠪᠠᠶᠢᠵᠤ᠂ ᠮᠠᠨ ᠤ ᠡᠨᠡᠬᠦ ᠬᠦᠷᠢᠶᠡᠯᠡᠩ ᠲᠣᠭᠤᠷᠢᠭ ᠤᠨ ᠪᠤᠭᠤᠳᠠᠢ ᠶᠢᠨ ᠤᠨᠠᠯᠲᠠ ᠬᠡᠳᠦᠢ ᠪᠤᠢ︖ ᠭᠡᠵᠤ | ᠠᠰᠠᠭᠤᠭᠰᠠᠨ ᠳᠤ᠂ ᠪᠢ ᠮᠠᠨ ᠤ ᠡᠨᠡᠬᠦ ᠪᠤᠭᠤᠳᠠᠢ ᠶᠢᠨ ᠮᠦ ᠪᠦᠷᠢ ᠶᠢᠨ ᠤᠨᠠᠯᠲᠠ 1100 ᠵᠢᠩ ᠳᠤ ᠬᠦᠷᠴᠦ ᠲᠡᠶᠢᠯᠦᠨ᠎ᠡ ᠭᠡᠵᠦ ᠬᠡᠯᠡᠭᠰᠡᠨ ᠭᠡᠵᠤ ᠪᠠᠶᠢᠯ᠎ᠠ᠃ | ᠲᠠᠷᠢᠶᠠᠴᠢᠳ ᠤᠨ ᠲᠠᠩᠰᠠ ᠬᠠᠷ᠎ᠠ ᠨᠢ ᠣᠷᠣᠯᠭ᠎ᠠ ᠶᠢᠨ ᠨᠡᠮᠡᠭᠳᠡᠯ ᠢ ᠪᠤᠳᠤᠬᠤ ᠪᠠᠷ ᠪᠠᠷᠠᠬᠤ ᠦᠭᠡᠢ ᠪᠠᠰᠠ ᠦᠪᠡᠷ ᠤᠨ ᠦᠷᠳᠡᠭ ᠢ ᠠᠷᠪᠢᠯᠠᠭᠰᠠᠨ ᠡᠰᠡᠬᠦ ᠶᠢ | ᠪᠤᠳᠤᠳᠠᠭ᠃ ᠶᠡᠷᠦᠩᠬᠡᠶ ᠱᠦᠵᠢ ᠰᠢ ᠶᠢᠨ ᠫᠢᠩ ᠬᠡᠯᠡᠬᠦ ᠳᠡᠭᠡᠨ᠂ ᠪᠣᠷᠣᠲᠣᠬᠤᠶ ᠣᠷᠣᠨ ᠤ ᠨᠥᠬᠦᠴᠡᠯ ᠣᠯᠠᠨ ᠠᠴᠠ ᠣᠨᠴᠠᠭᠠᠶ ᠪᠠᠶᠢᠳᠠᠭ᠂ ᠬᠡᠳᠦ᠋ᠢᠪᠡᠷ ᠤᠰᠤ | ᠳᠤᠲᠠᠭᠳᠠᠬᠤ ᠥᠬᠡᠶ ᠪᠣᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ | ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠶ᠂ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ ᠪᠣᠯᠬᠤ ᠥᠬᠡᠶ ᠭᠡᠵᠡᠶ᠃ ᠤᠯᠠᠭᠠᠨᠰᠤᠬᠠᠢ ᠶᠢᠨ ᠡᠮᠦᠨ᠎ᠡ ᠡᠷᠭᠢ ᠶᠢᠨ ᠤᠳᠤ | ᠦᠶ᠎ᠡ ᠶᠢᠨ ᠲᠠᠷᠢᠶᠠᠯᠠᠩ ᠤᠨ ᠵᠢᠱᠢᠶ᠎ᠡᠦᠵᠡᠭᠦᠯᠬᠦ ᠬᠦᠷᠢᠶᠡᠯᠡᠩ ᠲᠣᠭᠤᠷᠢᠭ ᠨᠢ ︽ᠠᠵᠤ ᠠᠬᠤᠶᠢᠯᠠᠯ + ᠰᠠᠭᠤᠷᠢᠨ ᠭᠠᠵᠠᠷ + ᠰᠢᠨᠵᠢᠯᠡᠬᠦ ᠤᠬᠠᠭᠠᠨ ᠤ | ᠰᠤᠳᠤᠯᠭᠠᠨ ᠤ ᠶᠡᠭᠡ ᠳᠡᠭᠡᠳᠦ ᠰᠤᠷᠭᠠᠭᠤᠯᠢ + ᠨᠡᠶᠢᠭᠡᠮᠴᠢᠯᠡᠭᠰᠡᠨ ᠦᠢᠯᠡᠴᠢᠯᠡᠭᠡ︾ ᠬᠠᠮᠳᠤᠷᠠᠯᠴᠠᠭᠰᠠᠨ ᠵᠠᠭᠪᠤᠷ ᠢᠶᠠᠷ ᠠᠵᠢᠯᠯᠠᠵᠤ᠂ ᠲᠠᠷᠢᠶᠠᠴᠢᠳ ᠭᠠᠵᠠᠷ | ᠰᠢᠷᠣᠢ ᠪᠠᠷ ᠬᠤᠪᠢ ᠣᠷᠣᠭᠤᠯᠤᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠮᠡᠷᠭᠡᠵᠢᠯ ᠪᠣᠯᠤᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠣᠯᠵᠤ ᠰᠤᠷᠴᠠᠢ᠃ | ᠰᠢ ᠶᠢᠨ ᠫᠢᠩ ᠶᠡᠷᠦᠩᠬᠡᠶ ᠱᠦᠵᠢ ᠣᠯᠠᠨ ᠳᠤ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ | ᠲᠤᠷᠰᠢᠯᠭ᠎ᠠ ᠶᠢ ᠪᠣᠶ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠤᠯ ᠢᠶᠠᠨ ᠦᠨᠡᠨ ᠬᠦ ᠪᠠᠳᠠᠷᠠᠭᠤᠯᠬᠤ ᠬᠡᠷᠡᠭᠲᠡᠶ ᠭᠡᠵᠦ | ᠵᠠᠬᠢᠭᠰᠠᠨ ᠶᠤᠮ᠃ | ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤᠶᠤᠯᠳᠤ ᠰᠤᠷᠪᠤᠯᠵᠢᠯᠠᠭᠴᠢ ᠳᠤ᠂ ᠶᠡᠷᠦᠩᠬᠡᠢ ᠱᠦᠵᠢ ᠶᠢᠨ ᠵᠣᠷᠢᠭᠵᠢᠭᠤᠯᠤᠯ ᠪᠠ | ᠳᠡᠮᠵᠢᠯᠭᠡ ᠪᠠᠶᠢᠭᠰᠠᠨ ᠠᠴᠠ ᠳᠠᠷᠠᠭᠠᠴᠢ ᠶᠢᠨ ᠠᠯᠬᠤᠮ ᠳᠤ ᠢᠲᠡᠭᠡᠯ ᠵᠣᠷᠢᠭ ᠢᠶᠠᠨ ᠪᠠᠲᠤᠳᠬᠠᠵᠤ᠂ ᠦᠷᠭᠦᠯᠵᠢᠯᠡᠨ ᠬᠦᠴᠦᠯᠡᠵᠦ᠂ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠬᠡᠪᠴᠢᠶᠡᠵᠢᠭᠰᠡᠨ ᠡᠵᠡᠩᠨᠡᠯᠲᠡ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠵᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯᠤᠨ᠎ᠠ ᠭᠡᠵᠤ ᠪᠠᠶᠢᠯ᠎ᠠ᠃ | |