ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 4 ᠰᠠᠯᠠᠭ᠎ᠠ ᠮᠥᠴᠢᠷ ᠤᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/12
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ  ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ ᠳᠤ᠄      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ  ᠤᠨ  ᠣᠷᠳᠣᠨ  ᠢᠶᠠᠷ  ᠵᠥᠪᠰᠢᠶᠡᠷᠡᠭᠦᠯᠦᠭᠡᠳ᠂  ᠡᠳᠦᠭᠡ  ᠲᠠᠨᠠᠷ  ᠲᠤ  ᠤᠯᠠᠮᠵᠢᠯᠠᠨ  ᠶᠠᠪᠤᠭᠤᠯᠤᠯ᠎ᠠ᠂  ᠬᠢᠨᠠᠮᠠᠭᠠᠢ   ᠲᠤᠭᠤᠰᠢᠯᠠᠭᠤᠯᠤᠨ  ᠬᠡᠷᠡᠭᠵᠢᠭᠦᠯᠲᠦᠭᠡᠢ᠃                              ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2023 ᠣᠨ ᠤ 5 ᠰᠠᠷ᠎ᠠ ᠶᠢᠨ 9 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶      ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ      ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠡᠭᠦᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠬᠤᠲᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠵᠢᠯᠤᠭᠤᠳᠬᠤ ᠰᠠᠨᠠᠯ ᠢ ᠤᠯᠠᠮᠵᠢᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ  ᠤᠨ  ᠬᠤᠷᠢᠶᠠᠨ  ᠤ  ᠠᠯᠪᠠᠨ  ᠲᠢᠩᠬᠢᠮ  ᠤᠨ  ᠮᠡᠳᠡᠭᠳᠡᠯ︾  ︵  ᠲᠥᠷᠥ  ᠠᠯᠪᠠᠨ  ᠵᠠᠬᠢᠳᠠᠯ  ﹇2022﹈ 7 ᠳ᠋ᠤᠭᠠᠷ ᠲᠣᠭᠠᠲᠤ︶᠂ ︽ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 4 ᠰᠠᠯᠠᠭ᠎ᠠ ᠮᠥᠴᠢᠷ ᠤᠨ ᠬᠡᠷᠡᠭᠵᠢᠭᠦᠯᠬᠦ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ  ᠣᠷᠳᠣᠨ  ᠤ  ᠠᠯᠪᠠᠨ  ᠲᠢᠩᠬᠢᠮ  ᠠᠴᠠ  ᠤᠯᠠᠮᠵᠢᠯᠠᠨ  ᠶᠠᠪᠤᠭᠤᠯᠬᠤ  ᠮᠡᠳᠡᠭᠳᠡᠯ ︾  ︵  ᠥᠪᠥᠷ ᠵᠠᠰᠠᠭ ᠠᠯᠪᠠᠨ ᠲᠠᠷᠬᠠᠭᠠᠭᠰᠠᠨ ﹇2022﹈ 78 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠤᠯᠠᠮᠵᠢᠯᠠᠨ ᠲᠠᠷᠬᠠᠭᠠᠵᠤ᠂ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠪᠡᠯᠡᠳᠬᠡᠮᠵᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠤᠶ᠎ᠠ᠃      ᠨᠢᠭᠡ᠂ ᠠᠵᠢᠯ ᠤᠨ ᠬᠠᠷᠠᠯᠲᠠ      2025 ᠣᠨ ᠪᠣᠯᠬᠤ ᠳᠤ᠂ ᠪᠥᠬᠦ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃      ᠪᠣᠬᠢᠷ ᠤᠰᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ᠃ 105 ᠺᠢᠯᠣᠮᠧᠲᠷ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠢᠶᠠᠨ ᠤ ᠬᠤᠳᠠ ᠶᠢᠨ ᠪᠣᠬᠢᠷ ᠤᠰᠤ ᠶᠢ ᠰᠢᠢᠳᠪᠦᠷᠢᠯᠡᠬᠦ ᠨᠤᠷᠮ᠎ᠠ ᠶᠢ 95% ᠠᠴᠠ ᠳᠡᠭᠡᠭᠰᠢ ᠳᠤ ᠬᠦᠷᠭᠡᠵᠦ᠂ ᠬᠤᠳᠠ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 35% ᠠᠴᠠ ᠳᠠᠪᠠᠭᠤᠯᠵᠤ᠂ ᠬᠤᠳᠠ ᠶᠢᠨ ᠪᠣᠬᠢᠷ ᠰᠢᠪᠠᠷ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠭᠡᠨ᠎ᠡ᠃ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠠᠯ᠎ᠠ ᠪᠠᠷ᠃ ᠪᠥᠬᠦ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠪᠠ ᠴᠢᠳᠠᠪᠤᠷᠢ ᠪᠠᠭᠤᠷᠠᠢ ᠵᠦᠢᠯᠡᠰ ᠢ ᠴᠢᠩᠭᠠᠳᠬᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 700 ᠲᠣᠨ ᠣᠷᠴᠢᠮ ᠳᠤ ᠬᠦᠷᠦᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠣᠷᠴᠢᠮ ᠳᠤ ᠬᠦᠷᠦᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠳᠠᠬᠢ ᠡᠵᠡᠯᠡᠬᠦ ᠬᠤᠪᠢ ᠶᠢᠨ ᠵᠢᠩ ᠢ 60% ᠣᠷᠴᠢᠮ ᠳᠤ ᠬᠦᠷᠦᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯ᠎ᠠ ᠪᠠᠷ᠃ ᠪᠥᠬᠦ ᠬᠤᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠨᠢ ᠣᠷᠣᠨ ᠪᠦᠰᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ᠂ ᠰᠢᠨ᠎ᠡ ᠪᠠᠷ ᠨᠡᠮᠡᠭᠳᠡᠭᠦᠯᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠬᠤᠰᠢᠭᠤ ᠰᠢᠶᠠᠨ ᠤ ᠱᠠᠲᠤᠨ  ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠴᠥᠮ ᠬᠤᠣᠷ ᠦᠭᠡᠢ ᠪᠣᠯᠭᠠᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠪᠥᠬᠦ ᠬᠤᠲᠠ ᠶᠢᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠩᠭᠠᠯᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠡᠷᠦᠩᠬᠡᠢ ᠳᠡᠭᠡᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠴᠦ᠂ ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ ᠪᠦᠷᠢᠯᠳᠦᠭᠦᠯᠪᠡ᠃ 2030 ᠣᠨ ᠪᠣᠯᠬᠤ ᠳᠤ᠂  ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠢ ᠪᠥᠭᠡᠳ ᠬᠡᠷᠡᠭᠯᠡᠭᠡᠨ ᠲᠠᠢ᠂ ᠣᠶᠤᠨᠴᠢ ᠪᠣᠬᠢᠷᠲᠤᠯ ᠦᠭᠡᠢ᠂ ᠠᠮᠤᠷ ᠲᠦᠪᠰᠢᠨ ᠨᠠᠶᠢᠳᠠᠪᠤᠷᠢᠲᠠᠢ ᠣᠳᠣᠬᠢᠴᠢᠯᠠᠭᠰᠠᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ  ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃      ᠬᠤᠶᠠᠷ᠂ ᠴᠢᠳᠠᠪᠤᠷᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠲᠦᠷᠭᠡᠳᠬᠡᠨ᠎ᠡ      ︵ᠨᠢᠭᠡ︶ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠵᠢ ᠪᠦᠷᠢᠳᠦᠭᠦᠯᠬᠦ ᠢᠨᠵᠧᠨᠧᠷᠢᠩ᠂ ᠤᠷᠠᠳ ᠤᠨ ᠬᠤᠶᠢᠲᠤ ᠬᠤᠰᠢᠭᠤᠨ ᠤ ᠪᠠᠶᠠᠨ ᠪᠠᠯᠭᠠᠰᠤ ᠶᠢᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠨᠣᠭᠤᠭᠠᠷᠠᠭᠤᠯᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠵᠢᠴᠢ ᠪᠣᠬᠢᠷ ᠤᠰᠤᠨ ᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ᠂ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠤᠰᠤ ᠵᠠᠯᠠᠵᠤ ᠤᠰᠤᠲᠤᠯ ᠢ ᠰᠡᠷᠭᠡᠶᠢᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠢᠨᠵᠧᠨᠧᠷᠢᠩ ᠢ ᠠᠬᠢᠭᠤᠯᠵᠤ᠂ ᠪᠣᠷᠣᠭᠠᠨ ᠪᠠ ᠪᠣᠬᠢᠷᠲᠤᠯ ᠢ ᠰᠠᠯᠭᠠᠨ ᠥᠭᠡᠷᠡᠴᠢᠯᠡᠬᠦ ᠶᠢ ᠬᠡᠷᠡᠭᠵᠢᠭᠦᠯᠦᠨ᠎ᠡ᠃ ᠬᠤᠲᠠ ᠰᠢᠶᠠᠨ ︵ᠬᠤᠰᠢᠭᠤ᠂ ᠲᠣᠭᠤᠷᠢᠭ︶ ᠰᠢᠶᠠᠩ ︵ᠪᠠᠯᠭᠠᠰᠤ︶ ᠤᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠠᠶᠢᠷᠢᠰᠢᠭᠤᠯᠤᠯ ᠪᠠ ᠬᠡᠪᠴᠢᠶ᠎ᠡ ᠶᠢ ᠰᠢᠯᠢᠳᠡᠭᠵᠢᠭᠦᠯᠵᠦ᠂ ᠵᠣᠬᠢᠬᠤ ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠵᠤ᠂ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ ᠦᠶᠤᠸᠠᠨ ᠰᠢᠶᠠᠨ ᠤ ᠲᠢᠶᠠᠨ ᠵᠢᠢ ᠲᠠᠢ ᠪᠠᠯᠭᠠᠰᠤ᠂  ᠲᠣᠭᠤᠷᠢᠬᠤ ᠪᠠᠯᠭᠠᠰᠤ᠂ ᠹᠦ᠋ ᠰᠢᠩ ᠪᠠᠯᠭᠠᠰᠤ ᠪᠣᠯᠣᠨ ᠱᠧᠩ ᠹᠧᠩ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠥᠷᠨᠢᠭᠦᠯᠦᠨ᠎ᠡ᠃ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ︽ᠦᠢᠯᠡᠳᠪᠦᠷᠢ ᠪᠠ ᠲᠣᠣᠷ ᠰᠦᠯᠵᠢᠶ᠎ᠡ ᠶᠢ ᠨᠢᠭᠡ ᠴᠣᠭᠴᠠᠵᠢᠭᠤᠯᠬᠤ︾ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠠᠬᠢᠭᠤᠯᠤᠨ᠎ᠠ᠃ ︵ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢᠬᠢ ᠶᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠨᠠᠶᠢᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭᠠᠬᠤ ᠦᠭᠡᠢ︶      ︵ᠬᠤᠶᠠᠷ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠤᠣᠯ ᠳᠠᠭᠠᠤ ᠣᠷᠣᠨ ᠤ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠬᠤᠭ ᠨᠣᠪᠰᠢ ᠶᠢᠨ ᠡᠮᠦᠨ᠎ᠡ ᠦᠵᠦᠭᠦᠷ ᠲᠤ ᠲᠠᠯᠪᠢᠬᠤ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠤᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠢᠵᠢ ᠪᠦᠷᠢᠳᠦᠭᠦᠯᠬᠦ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠬᠤᠭ ᠨᠣᠪᠰᠢ ᠶᠢ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ᠪᠠᠶᠠᠨᠨᠠᠭᠤᠷ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠤᠨ ᠬᠡᠪ ᠤᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠤᠷᠠᠳ ᠤᠨ ᠡᠮᠦᠨᠡᠲᠦ ᠬᠤᠰᠢᠭᠤ᠂ ᠦᠶᠤᠸᠠᠨ ᠰᠢᠶᠠᠨ᠂ ᠤᠷᠠᠳ ᠤᠨ ᠳᠤᠮᠳᠠᠳᠤ ᠬᠤᠰᠢᠭᠤᠨ ᠳᠤ ᠵᠢᠵᠢᠭ ᠬᠡᠯᠪᠡᠷᠢ ᠶᠢᠨ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠦᠲᠦᠭᠡᠨ ᠪᠠᠶᠢᠭᠤᠯᠤᠯᠲᠠ ᠪᠤᠶᠤ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠰᠦᠪᠡᠭᠴᠢᠯᠡᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠬᠡᠮᠵᠢᠶ᠎ᠡ ᠶᠢ ᠪᠠᠭᠠᠰᠬᠠᠨ᠂ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠯᠢᠨ ᠾᠧ ᠲᠣᠭᠤᠷᠢᠭ ᠤᠨ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠪᠠ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠶᠢᠨ ︽ᠬᠤᠶᠠᠷ ᠰᠦᠯᠵᠢᠶ᠎ᠡ ᠶᠢ ᠠᠭᠤᠰᠤᠯᠴᠠᠭᠤᠯᠬᠤ︾ ᠶᠢ ᠠᠬᠢᠭᠤᠯᠤᠨ᠎ᠠ᠃ 2025 ᠣᠨ ᠪᠣᠯᠬᠤ ᠳᠤ᠂ ᠯᠢᠨ ᠾᠧ ᠲᠣᠭᠤᠷᠢᠭ ᠤᠨ ᠪᠠᠶᠢᠭᠤᠯᠤᠭᠰᠠᠨ ᠲᠣᠭᠤᠷᠢᠭ ︵ᠬᠤᠲᠠ ᠶᠢᠨ ᠪᠠᠶᠢᠭᠤᠯᠤᠭᠰᠠᠨ ᠲᠣᠭᠤᠷᠢᠭ︶ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ︔ ᠦᠶᠤᠸᠠᠨ ᠰᠢᠶᠠᠨ ᠤ ᠪᠠᠶᠢᠭᠤᠯᠤᠭᠰᠠᠨ ᠲᠣᠭᠤᠷᠢᠭ ︵ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ᠋ ᠤᠨ ᠭᠠᠵᠠᠷ ᠣᠷᠣᠨ︶ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ︔ ᠪᠤᠰᠤᠳ ᠬᠤᠰᠢᠭᠤ ᠰᠢᠶᠠᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ︵ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠶᠠᠨᠨᠠᠭᠤᠷ ᠤᠨ ᠭᠠᠳᠠᠭᠠᠳᠤ  ᠠᠴᠠ ᠣᠷᠣᠭᠤᠯᠬᠤ ᠡᠬᠢ ᠪᠠᠶᠠᠯᠢᠭ ᠢ ᠡᠳ᠋ᠰᠢᠭᠦᠯᠬᠦ ᠨᠡᠭᠡᠭᠡᠯᠲᠡ ᠶᠢᠨ ᠲᠣᠭᠤᠷᠢᠭ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠶᠠᠨᠨᠠᠭᠤᠷ ᠤᠨ ᠪᠣᠷᠣᠳᠣᠬᠤᠢ ᠶᠢᠨ ᠲᠠᠷᠢᠶᠠᠯᠠᠩ ᠮᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠠᠷᠢᠯᠭ᠎ᠠ ᠶᠢᠨ ᠬᠤᠭ ᠨᠣᠪᠰᠢ ᠶᠢ ᠨᠠᠷᠢᠯᠢᠭᠵᠢᠭᠤᠯᠤᠨ ᠲᠥᠷᠥᠯ ᠬᠤᠪᠢᠶᠠᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠥᠦ᠂ ᠬᠠᠶᠠᠭᠳᠠᠮᠠᠯ ᠬᠠᠭᠤᠴᠢᠨ ᠳᠤᠭᠤᠶᠢᠯᠠᠪᠤᠷᠢ᠂ ᠲᠡᠮᠦᠷᠯᠢᠭ ᠪᠤᠰᠤ᠂ ᠬᠠᠶᠠᠭᠳᠠᠮᠠᠯ ᠰᠢᠯ᠂ ᠬᠠᠶᠠᠭᠳᠠᠮᠠᠯ ᠬᠠᠭᠤᠴᠢᠨ ᠬᠥᠳᠡᠯᠭᠡᠭᠴᠢ ᠬᠦᠴᠦᠨ ᠤ ᠬᠡᠯᠬᠢᠶ᠎ᠡ ᠳ᠋ᠢᠶᠠᠨ ᡂᠢ᠂ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠵᠡᠷᠭᠡ ᠬᠠᠶᠠᠭᠳᠠᠮᠠᠯ ᠪᠣᠳᠠᠰ ᠢ ᠲᠦᠷᠦᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠰᠢᠢᠳᠪᠦᠷᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠸᠧᠢ ᠺᠠᠩ ᠣᠷᠴᠢᠨ ᠠᠬᠤᠢ ᠶᠢ ᠬᠠᠮᠠᠭᠠᠯᠠᠬᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠲᠠᠭᠠᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠷᠠᠳ ᠤᠨ ᠳᠤᠮᠳᠠᠳᠤ ᠬᠤᠰᠢᠭᠤ ᠢᠯᠠᠩᠭᠤᠶ᠎ᠠ ᠪᠣᠭᠤᠮᠲᠠ ᠳᠤ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ  ᠤᠨ ᠬᠤᠰᠢᠭᠤ  ᠰᠢᠶᠠᠨ ᠲᠣᠭᠤᠷᠢᠭ  ᠤᠨ ᠲᠠᠷᠠᠬᠠᠢ ᠪᠤᠲᠠᠷᠬᠠᠢ ᠮᠠᠶ᠋ᠢᠭ  ᠤᠨ᠂ ᠰᠢᠯᠵᠢᠮᠡᠯ  ᠮᠠᠶ᠋ᠢᠭ  ᠤᠨ ᠡᠮᠴᠢᠯᠡᠭᠡᠨ ᠤ  ᠬᠠᠶᠠᠭᠳᠠᠮᠠᠯ ᠪᠣᠳᠠᠰ  ᠢ  ᠰᠢᠢᠳᠪᠦᠷᠢᠯᠡᠬᠦ  ᠪᠡᠯᠡᠳᠬᠡᠮᠵᠢ  ᠶᠢ ᠬᠥᠭᠵᠢᠭᠦᠯᠬᠦ  ᠶᠢ ᠵᠣᠷᠢᠭᠵᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠨᠢᠭᠡ ᠴᠣᠭᠴᠠᠵᠢᠭᠤᠯᠤᠭᠰᠠᠨ ᠬᠤᠲᠠ ᠪᠠᠯᠭᠠᠰᠤ ᠶᠢᠨ ᠣᠷᠴᠢᠨ ᠲᠣᠭᠤᠷᠢᠨ  ᠤ ᠰᠠᠭᠤᠷᠢ ᠪᠡᠯᠡᠳᠬᠡᠮᠵᠢ ᠶᠢ ᠬᠦᠴᠦᠯᠡᠨ ᠪᠠᠶᠢᠭᠤᠯᠬᠤ ᠬᠡᠷᠡᠭᠲᠡᠢ      ︵ᠲᠠᠪᠤ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠭᠠᠵᠠᠷ ᠰᠣᠩᠭᠤᠬᠤ ᠶᠢ ᠰᠢᠯᠢᠳᠡᠭᠵᠢᠭᠦᠯᠵᠦ᠂ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ︔ ᠬᠤᠰᠢᠭᠤ ᠰᠢᠶᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠨᠢᠭᠡᠳᠦᠯᠲᠡᠢ ᠲᠥᠯᠥᠪᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠪᠠᠯᠭᠠᠰᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠰᠦᠯᠵᠢᠶᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠮᠡᠷᠭᠡᠵᠢᠯ ᠤᠨ ᠵᠦᠭᠯᠡᠭᠦᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠰᠢᠭᠤ ᠰᠢᠶᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠯᠦᠪᠵᠢᠭᠦᠯᠭᠡ᠂ ᠲᠥᠰᠥᠯ ᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠪᠠᠯᠭᠠᠰᠤ ᠶᠢᠨ ᠣᠶᠢᠷ᠎ᠠ ᠲᠡᠭᠦᠷᠭᠡ ᠶᠢᠨ ᠭᠠᠵᠠᠷ ᠣᠷᠣᠨ ᠤ ᠣᠶᠢᠷ᠎ᠠ ᠬᠠᠪᠢ ᠶᠢᠨ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠲᠣᠣᠷ ᠲᠤ ᠣᠷᠣᠭᠤᠯᠤᠨ  ᠲᠥᠪᠯᠡᠷᠡᠭᠦᠯᠦᠨ  ᠰᠢᠢᠳᠪᠦᠷᠢᠯᠡᠬᠦ  ᠶᠢ  ᠵᠣᠷᠢᠭᠵᠢᠭᠤᠯᠵᠤ᠂  ᠠᠮᠢᠳᠤᠷᠠᠯ  ᠤᠨ  ᠪᠣᠬᠢᠷ  ᠤᠰᠤ  ᠶᠢ  ᠰᠢᠢᠳᠪᠦᠷᠢᠯᠡᠬᠦ  ᠪᠠ  ᠡᠬᠢ  ᠪᠠᠶᠠᠯᠢᠭᠵᠢᠭᠤᠯᠤᠨ  ᠠᠰᠢᠭᠯᠠᠬᠤ  ᠶᠢ  ᠠᠬᠢᠭᠤᠯᠤᠨ᠎ᠠ᠃  ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠰᠢᠢᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠠᠮᠵᠢᠯᠴᠠᠨ ᠰᠢᠢᠳᠪᠦᠷᠢᠯᠡᠬᠦ ᠴᠢᠳᠠᠮᠵᠢ ᠶᠢ ᠪᠠᠳᠠᠷᠠᠭᠤᠯᠵᠤ᠂ ᠬᠤᠲᠠ ᠶᠢᠨ ᠶᠠᠪᠤᠳᠠᠯ ᠤᠨ ᠪᠣᠬᠢᠷ ᠰᠢᠪᠠᠷ ᠢ ᠰᠢᠢᠳᠪᠦᠷᠢᠯᠡᠬᠦ ᠬᠢᠭᠡᠳ ᠬᠤᠭ ᠨᠣᠪᠰᠢ ᠶᠢ ᠰᠢᠲᠠᠭᠠᠬᠤ᠂ ᠨᠡᠪᠴᠢᠭᠦᠯᠦᠨ ᠱᠦᠭᠦᠬᠦ ᠰᠢᠩᠭᠡᠨ ᠬᠢᠭᠡᠳ ᠪᠣᠬᠢᠷ ᠤᠰᠤ ᠶᠢ ᠰᠢᠢᠳᠪᠦᠷᠢᠯᠡᠬᠦ᠂ ᠰᠢᠲᠠᠭᠠᠬᠤ ᠵᠤᠤᠬ᠎ᠠ ᠶᠢᠨ ᠰᠢᠭᠠᠷᠤ ᠬᠢᠭᠡᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠰᠢᠲᠠᠭᠠᠬᠤ ᠦᠨᠡᠰᠦ ᠬᠢᠭᠡᠳ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ ᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠯᠦᠭᠡ ᠪᠦᠲᠦᠮᠵᠢᠲᠡᠶ ᠵᠣᠯᠭᠠᠭᠤᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠬᠠᠮᠵᠢᠯᠴᠠᠨ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠦᠢᠯᠡᠳᠪᠦᠷᠢ ᠶᠢᠨ ᠬᠤᠭ ᠨᠣᠪᠰᠢ ᠶᠢ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠬᠤᠲᠠ ᠶᠢᠨ ᠶᠠᠪᠤᠳᠠᠯ ᠤᠨ ᠪᠣᠬᠢᠷ ᠰᠢᠪᠠᠷ᠂ ᠨᠠᠮᠤᠭ ᠤᠨ ᠰᠢᠭᠠᠷᠤ᠂ ᠠᠭᠰᠢᠭᠠᠮᠠᠯ ᠰᠢᠩᠭᠡᠨ ᠵᠡᠷᠭᠡ ᠬᠠᠶᠠᠭᠳᠠᠮᠠᠯ ᠪᠣᠳᠠᠰ ᠢ ᠬᠤᠯᠢᠵᠤ ᠰᠢᠲᠠᠭᠠᠵᠤ᠂  ᠰᠢᠲᠠᠭᠠᠵᠤ  ᠰᠢᠢᠳᠪᠦᠷᠢᠯᠡᠬᠦ  ᠴᠢᠳᠠᠪᠤᠷᠢ  ᠶᠢ  ᠬᠠᠮᠲᠤᠪᠠᠷ  ᠬᠡᠷᠡᠭᠯᠡᠵᠦ  ᠬᠠᠮᠲᠤᠪᠠᠷ  ᠡᠳ᠋ᠯᠡᠬᠦ  ᠶᠢ  ᠪᠡᠶᠡᠯᠡᠭᠦᠯᠬᠦ  ᠶᠢ  ᠵᠣᠷᠢᠭᠵᠢᠭᠤᠯᠤᠨ᠎ᠠ᠃  ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ  ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠣᠶᠤᠨᠴᠢ ᠪᠣᠬᠢᠷᠲᠤᠯ ᠦᠭᠡᠢ ᠪᠠᠷ ᠲᠠᠰ ᠳᠡᠪᠰᠢᠬᠦ ᠶᠢ ᠠᠬᠢᠭᠤᠯᠤᠨ᠎ᠠ      ︵ᠳᠣᠯᠤᠭ᠎ᠠ︶ ᠲᠣᠭᠠᠴᠢᠯᠠᠭᠰᠠᠨ ᠠᠭᠤᠰᠤᠯᠴᠠᠯ ᠢ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠤᠨ ᠣᠶᠤᠨᠴᠢᠯᠠᠭᠰᠠᠨ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠤᠮᠳᠠᠬᠢ ᠬᠡᠷᠡᠭᠯᠡᠯᠲᠡ ᠶᠢ ᠳᠡᠯᠭᠡᠷᠡᠭᠦᠯᠬᠦ ᠶᠢ ᠳᠡᠮᠵᠢᠵᠦ᠂ 5G ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠶᠢᠲᠡᠯᠢᠭ ᠬᠡᠷᠡᠭᠯᠡᠭᠡᠨ ᠤ ᠲᠠᠯᠠᠪᠤᠷ ᠤᠨ ᠲᠥᠷᠥᠯ ᠵᠦᠢᠯ ᠳᠤ ᠱᠠᠩᠨᠠᠯ ᠨᠥᠬᠦᠪᠦᠷᠢ ᠣᠯᠭᠤᠨ᠎ᠠ᠃ ᠣᠲᠣ ᠶᠢᠨ ᠪᠠᠶᠢᠭ᠎ᠠ ᠪᠡᠯᠡᠳᠬᠡᠮᠵᠢ ᠶᠢ ᠭᠦᠢᠴᠡᠳ ᠠᠰᠢᠭᠯᠠᠨ ᠲᠥᠪᠯᠡᠷᠡᠭᠦᠯᠦᠨ ᠨᠢᠭᠡᠳᠦᠯᠲᠡᠢ ᠬᠢᠨᠠᠨ ᠬᠡᠮᠵᠢᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠰᠢᠢᠳᠪᠦᠷᠢᠯᠡᠬᠦ ᠶᠢ ᠨᠢᠭᠡᠳᠦᠯᠲᠡᠢ ᠬᠢᠨᠠᠨ ᠬᠠᠮᠢᠶᠠᠷᠬᠤ ᠳᠤ ᠣᠷᠣᠭᠤᠯᠤᠨ᠎ᠠ᠃ ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠪᠥᠬᠦ ᠤᠯᠤᠰ ᠤᠨ ᠡᠮᠴᠢᠯᠡᠭᠡᠨ ᠤ ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠬᠠᠮᠵᠢᠯᠴᠠᠨ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠨᠣᠭᠤᠭᠠᠨ ᠳᠡᠪᠢᠰᠬᠡᠷ ᠥᠩᠭᠡ ᠶᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠶᠢ ᠬᠠᠮᠠᠭᠠᠯᠠᠬᠤ ᠲᠡᠷᠢᠭᠦᠨ ᠤ ᠮᠡᠷᠭᠡᠵᠢᠯ ᠤᠨ ᠲᠥᠬᠦᠭᠡᠷᠦᠮᠵᠢ ᠪᠠ ᠤᠷᠠᠯᠠᠯ ᠢ ᠬᠤᠳᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠳᠤ ᠬᠡᠷᠡᠭᠯᠡᠬᠦ ᠶᠢ ᠲᠦᠯᠬᠢᠨ ᠠᠬᠢᠭᠤᠯᠵᠤ᠂ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ ᠪᠢᠰᠢ᠂ ᠠᠵᠢᠯᠯᠠᠭᠠᠨ ᠨᠢ ᠲᠣᠭᠲᠠᠭᠤᠨ ᠪᠤᠰᠤ ᠪᠠᠶᠢᠬᠤ ᠶᠢ ᠨᠢ ᠪᠠᠷᠢᠮᠵᠢᠶ᠎ᠠ ᠳᠤ ᠬᠦᠷᠭᠡᠬᠦ ᠥᠭᠡᠷᠡᠴᠢᠯᠡᠯᠲᠡ ᠬᠢᠵᠦ᠂ ᠮᠡᠷᠭᠡᠵᠢᠯ ᠢᠶᠠᠷ ᠬᠤᠴᠤᠷᠤᠩᠭᠤᠢ᠂ ᠲᠠᠯᠳᠠ ᠭᠡᠮ ᠣᠷᠣᠰᠢᠵᠤ ᠪᠠᠶᠢᠭ᠎ᠠ ᠲᠥᠬᠦᠭᠡᠷᠦᠮᠵᠢ ᠶᠢ ᠵᠠᠭᠠᠵᠠᠯᠠᠬᠤ ᠶᠢᠨ ᠬᠠᠮᠲᠤ ᠬᠤᠶᠠᠳᠠᠭᠢ ᠤᠳᠠᠭᠠᠨ ᠤ ᠪᠣᠬᠢᠷᠲᠤᠯ ᠢ ᠰᠡᠷᠭᠡᠶᠢᠯᠡᠨ᠎ᠡ᠃ ᠪᠣᠬᠢᠷ ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠤᠷᠠᠨ ᠳᠠᠷᠬ᠎ᠠ ᠶᠢᠨ ᠮᠡᠷᠭᠡᠵᠢᠯ ᠢ ᠳᠡᠯᠭᠡᠷᠡᠭᠦᠯᠵᠦ᠂ ᠪᠣᠬᠢᠷ ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠥᠭᠦᠷᠥᠮ ᠤᠨ ᠪᠠᠭᠲᠠᠭᠠᠮᠵᠢ ᠳᠦᠭᠦᠷᠦᠭᠰᠡᠨ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠥᠬᠦᠭᠡᠷᠦᠮᠵᠢ ᠶᠢ ᠪᠢᠲᠡᠭᠦᠮᠵᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠠᠵᠢᠯ ᠢ ᠵᠢᠷᠤᠮᠵᠢᠭᠤᠯᠤᠨ ᠡᠮᠬᠢ ᠵᠢᠷᠤᠮ ᠲᠠᠢ ᠥᠷᠨᠢᠭᠦᠯᠵᠦ᠂ ᠬᠠᠩᠭᠢᠨ ᠬᠤᠶᠢᠲᠤ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠤᠷ ᠢ ᠪᠢᠲᠡᠭᠦᠮᠵᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠡᠬᠢᠯᠡᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠵᠠᠬ᠎ᠠ ᠳᠡᠯᠭᠡᠭᠦᠷᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ      ︵ᠶᠢᠰᠦ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠤᠨ᠎ᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤ ᠪᠠᠷ ᠡᠳ᠋ᠯᠡᠬᠦ᠂ ᠢᠯᠡ ᠪᠣᠯᠭᠠᠬᠤ ᠪᠠ ᠬᠡᠷᠡᠭᠯᠡᠬᠦ ᠶᠢ ᠴᠢᠩᠭᠠᠳᠬᠠᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠭᠢ ᠡᠲᠡᠭᠡᠳ ᠠᠴᠠ ᠵᠠᠰᠠᠬᠤ ᠶᠢ ᠭᠦᠨᠵᠡᠭᠡᠢ ᠬᠡᠷᠡᠭᠵᠢᠭᠦᠯᠦᠨ᠎ᠡ᠃ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂  ᠭᠠᠭᠴᠠᠮᠣᠳᠣ ᠪᠣᠭᠤᠮᠲᠠ ᠶᠢᠨ ᠡᠳ᠋ᠰᠢᠭᠦᠯᠬᠦ ᠬᠦᠷᠢᠶᠡᠯᠡᠩ ᠲᠣᠭᠤᠷᠢᠭ᠂ ᠤᠷᠠᠳ ᠤᠨ ᠬᠤᠶᠢᠲᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ᠣᠷᠴᠢᠨ ᠲᠣᠭᠤᠷᠢᠨ ᠤ ᠪᠣᠬᠢᠷᠲᠤᠯ ᠤᠨ ᠭᠤᠷᠪᠠᠳᠠᠭᠢ ᠡᠲᠡᠭᠡᠳ ᠤᠨ ᠵᠠᠰᠠᠯᠲᠠ ᠶᠢᠨ ᠰᠣᠩᠭᠤᠭᠤᠯᠢ ᠳᠤ ᠪᠡᠯᠡᠳᠬᠡᠬᠦ ᠬᠦᠷᠢᠶᠡᠯᠡᠩ ᠲᠣᠭᠤᠷᠢᠭ ᠢ ᠰᠣᠩᠭᠤᠨ ᠲᠠᠨᠢᠯᠴᠠᠭᠤᠯᠤᠨ᠎ᠠ᠃ ᠭᠡᠷᠡᠲᠦ ᠡᠨᠧᠷᠭᠢ ᠶᠢᠨ ᠬᠠᠮᠢᠶᠠᠷᠤᠯᠲᠠ᠂ ᠭᠡᠷᠡᠲᠦ ᠤᠰᠤ ᠠᠷᠪᠢᠯᠠᠬᠤ ᠬᠠᠮᠢᠶᠠᠷᠤᠯᠲᠠ ᠵᠡᠷᠭᠡ ᠭᠤᠷᠪᠠᠳᠠᠭᠢ ᠡᠲᠡᠭᠡᠳ ᠤᠨ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠪᠠ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠨᠢᠭᠡ︶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ︵EOD︶ ᠶᠢᠨ ᠵᠠᠭᠪᠤᠷ ᠤᠨ ᠤᠯᠠᠭᠠᠨᠰᠤᠬᠠᠢ ᠶᠢᠨ ᠪᠥᠬᠦ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠶᠢ ᠪᠦᠲᠦᠮᠵᠢᠲᠡᠶ ᠳᠡᠯᠭᠡᠷᠡᠭᠦᠯᠵᠦ᠂ ᠤᠯᠤᠰ ᠲᠤ ᠠᠮᠢ ᠠᠬᠤᠢ ᠶᠢᠨ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠤᠨ ᠲᠥᠷᠥᠯ ᠵᠦᠢᠯ ᠤᠨ ᠲᠤᠷᠰᠢᠯᠲᠠ ᠶᠢᠨ ᠴᠢᠭ᠋ ᠢ ᠲᠠᠨᠢᠯᠴᠠᠭᠤᠯᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠤᠯᠠᠭᠠᠨᠰᠤᠬᠠᠢ ᠶᠢᠨ ᠬᠠᠮᠠᠭᠠᠯᠠᠯᠲᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ᠵᠢᠷᠭᠤᠭ᠎ᠠ᠂ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ      ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠵᠤ ᠠᠬᠤᠶᠢᠯᠠᠯ ᠤᠨ ᠲᠦᠷᠦᠭᠦᠯᠡᠨ ᠰᠤᠳᠤᠯᠤᠨ ᠨᠡᠭᠡᠭᠡᠬᠦ ᠪᠠᠶᠢᠭᠤᠯᠤᠮᠵᠢ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠬᠠᠮᠲᠤᠷᠠᠨ ᠡᠭᠦᠷᠭᠡᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠭ᠎ᠠ ᠮᠡᠷᠭᠡᠵᠢᠯ ᠤᠨ ᠳᠤᠲᠠᠭᠤᠳᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠳᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠠᠩᠬᠠᠨ ᠤ ᠢᠵᠢ᠂ ᠵᠠᠩᠭᠢᠯᠠᠭ᠎ᠠ ᠶᠢᠨ ᠰᠡᠯᠪᠢᠭ ᠲᠣᠨᠤᠭ ᠤᠨ ᠠᠩᠬᠠᠨ ᠤ ᠪᠦᠯᠦᠭ ᠤᠨ ᠳᠡᠳ᠋ ᠦᠢᠯᠡᠳᠬᠦᠨ ᠢ ᠢᠳᠡᠪᠬᠢᠲᠡᠢ ᠪᠠᠷ ᠲᠠᠨᠢᠯᠴᠠᠭᠤᠯᠬᠤ ᠬᠡᠷᠡᠭᠲᠡᠢ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠳᠦᠷᠢᠮ ᠢ ᠪᠦᠷᠢᠨᠰᠢᠭᠦᠯᠦᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠨ᠎ᠡ ᠬᠠᠩᠰᠢ ᠶᠢᠨ ᠪᠦᠷᠢᠯᠳᠦᠬᠦ ᠪᠠ ᠰᠦᠢᠳᠬᠡᠯ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾ ᠲᠤ ᠲᠣᠭᠲᠠᠭᠠᠭᠰᠠᠨ ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠦᠨᠳᠦᠰᠦᠯᠡᠨ᠂ ᠥᠪᠡᠷ ᠤᠨ ᠥᠷᠲᠡᠭ ᠢ ᠬᠠᠮᠤᠷᠬᠤ᠂ ᠵᠦᠢ ᠵᠣᠬᠢᠰᠲᠠᠢ ᠠᠰᠢᠭ ᠣᠯᠵᠠᠪᠤᠷᠢ ᠲᠠᠢ ᠪᠠᠶᠢᠯᠭᠠᠬᠤ ᠵᠠᠷᠴᠢᠮ ᠶᠣᠰᠣᠭᠠᠷ᠂ ᠦᠨ᠎ᠡ ᠬᠠᠩᠰᠢ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠪᠣᠬᠢᠷ ᠪᠣᠳᠠᠰ ᠭᠠᠳᠠᠭᠰᠢᠯᠠᠭᠤᠯᠬᠤ ᠵᠥᠷᠢᠶᠡᠲᠦ ᠰᠦᠢᠳᠬᠡᠯ ᠬᠤᠷᠢᠶᠠᠬᠤ ᠶᠢ ᠢᠳᠡᠪᠬᠢᠲᠡᠢ ᠪᠠᠷ ᠬᠡᠷᠡᠭᠵᠢᠭᠦᠯᠵᠦ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠦᠢᠳᠬᠡᠯ ᠬᠤᠷᠢᠶᠠᠬᠤ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠨ ᠠᠵᠢᠯᠯᠠᠬᠤ ᠶᠢ ᠦᠨᠡᠨ ᠬᠦ ᠪᠠᠲᠤᠯᠠᠨ᠎ᠠ᠃ ᠳᠠᠬᠢᠯᠲᠠ ᠤᠰᠤᠨ ᠤ ᠦᠨ᠎ᠡ ᠬᠠᠩᠰᠢ ᠶᠢ ᠵᠠᠰᠠᠭ ᠤᠨ ᠣᠷᠳᠣᠨ  ᠠᠴᠠ ᠲᠣᠭᠲᠠᠭᠠᠬᠤ ᠶᠢ ᠴᠢᠯᠦᠭᠡᠲᠡᠢ ᠪᠣᠯᠭᠠᠵᠤ᠂ ᠳᠠᠬᠢᠯᠲᠠ ᠤᠰᠤ ᠶᠢ ᠬᠠᠩᠭᠠᠬᠤ ᠠᠵᠤ ᠠᠬᠤᠶᠢᠯᠠᠯ ᠪᠣᠯᠣᠨ ᠬᠡᠷᠡᠭᠯᠡᠭᠴᠢᠳ ᠠᠴᠠ ᠴᠢᠨᠠᠷ ᠰᠠᠶᠢᠲᠠᠢ ᠳᠤᠨᠢ ᠰᠠᠶᠢᠨ ᠦᠨ᠎ᠡ ᠬᠠᠩᠰᠢ ᠲᠣᠭᠲᠠᠭᠠᠬᠤ ᠵᠠᠷᠴᠢᠮ ᠶᠣᠰᠣᠭᠠᠷ ᠪᠡᠶ᠎ᠡ ᠪᠠᠨ ᠳᠠᠭᠠᠭᠠᠨ ᠵᠥᠪᠳᠡᠯᠴᠡᠵᠦ ᠪᠠᠶᠢᠭᠠᠳ ᠦᠨ᠎ᠡ ᠲᠣᠭᠲᠠᠭᠠᠨ᠎ᠠ᠃ ᠠᠮᠢᠳᠤᠷᠠᠯ ᠤᠨ ᠬᠤᠭ ᠨᠣᠪᠰᠢ ᠶᠢᠨ ᠰᠦᠢᠳᠬᠡᠯ ᠬᠤᠷᠢᠶᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠶᠢᠨ ᠬᠤᠭ ᠨᠣᠪᠰᠢ ᠶᠢᠨ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠵᠣᠷᠢᠭᠵᠢᠭᠤᠯᠤᠨ᠂ ᠰᠠᠭᠤᠭᠠᠯᠢ ᠠᠷᠠᠳ ᠤᠨ ᠬᠡᠷᠡᠭᠯᠡᠭᠴᠢ ᠶᠢᠨ ᠲᠤᠭ᠎ᠠ ᠶᠣᠰᠣᠭᠠᠷ ᠰᠦᠢᠳᠬᠡᠯ ᠬᠤᠷᠢᠶᠠᠬᠤ ᠶᠢ ᠰᠦᠪᠡᠭᠴᠢᠯᠡᠵᠦ᠂ ᠡᠯ᠎ᠡ ᠭᠠᠵᠠᠷ ᠤᠨ ᠬᠢᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠤᠷᠢᠶᠠᠨ ᠲᠤᠰᠢᠶᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠶ ᠪᠣᠯᠤᠭᠰᠠᠨ ᠪᠠᠶᠢᠳᠠᠯ ᠵᠢᠴᠢ ᠰᠢᠢᠳᠪᠦᠷᠢᠯᠡᠬᠦ ᠥᠪᠡᠷ ᠤᠨ ᠥᠷᠲᠡᠭ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠬᠢᠨᠠᠨ ᠲᠣᠭᠲᠠᠭᠠᠵᠤ᠂ ᠬᠦᠨᠳᠦ ᠶᠢᠨ ᠬᠡᠮᠵᠢᠶ᠎ᠡ ᠪᠠᠷ ᠰᠦᠢᠳᠬᠡᠯ ᠪᠤᠳᠤᠬᠤ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠥᠭᠭᠦᠭᠰᠡᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠠᠷᠤᠳᠠᠯ ᠢ ᠡᠮᠴᠢᠯᠡᠭᠡᠨ ᠤ ᠥᠪᠡᠷ ᠤᠨ ᠥᠷᠲᠡᠭ ᠪᠣᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠦᠶ᠎ᠡ ᠳᠤ ᠵᠦᠢ ᠵᠣᠬᠢᠰᠲᠠᠢ ᠨᠥᠬᠦᠪᠦᠷᠢ ᠥᠭᠭᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ︶      ︵ᠠᠷᠪᠠᠨ ᠳᠥᠷᠪᠡ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷᠳᠡᠭ ᠨᠡᠮᠡᠭᠳᠡᠯ ᠤᠨ ᠭᠠᠶᠢᠯᠢ ᠶᠢ ᠲᠡᠷᠡ ᠳᠠᠷᠤᠢ ᠳᠤᠨᠢ ᠲᠠᠲᠠᠪᠤᠷᠢᠯᠠᠵᠤ ᠲᠡᠷᠡ ᠳᠠᠷᠤᠢ ᠳᠤᠨᠢ ᠪᠤᠴᠠᠭᠠᠬᠤ ᠪᠠ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠦᠢᠯᠡᠰ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠭᠠᠶᠢᠯᠢ ᠶᠢᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃  
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ