ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠥᠬᠦ ᠬᠤᠲᠠ ᠶᠢᠨ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021  ᠠᠴᠠ 2035 ᠣᠨ︶︾ ᠶᠢ ᠬᠡᠷᠡᠭᠵᠢᠭᠦᠯᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2023/7/12
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶  ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠳᠤ᠄      ︽ᠪᠠᠶᠠᠨᠨᠠᠭᠤᠷ ᠬᠤᠲᠠ ᠶᠢᠨ ︿ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 - 2035 ᠣᠨ︶﹀ ᠶᠢ ᠬᠡᠷᠡᠭᠵᠢᠭᠦᠯᠬᠦ ᠠᠵᠢᠯ ᠤᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2023 ᠣᠨ ᠤ 5 ᠰᠠᠷ᠎ᠠ ᠶᠢᠨ 9 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶      ᠪᠠᠶᠠᠨᠨᠠᠭᠤᠷ ᠬᠤᠲᠠ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 - 2035 ᠣᠨ︶︾ ᠶᠢ ᠬᠡᠷᠡᠭᠵᠢᠭᠦᠯᠬᠦ ᠠᠵᠢᠯ ᠤᠨ ᠲᠥᠰᠥᠯ      ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 - 2035 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 - 2035 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠬᠡᠮᠵᠢᠯᠲᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠠᠨᠨᠠᠭᠤᠷ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢᠨ ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ︽ᠲᠠᠪᠤᠨ ᠰᠢᠨ᠎ᠡ ᠲᠠᠪᠤᠨ ᠥᠨᠳᠥᠷ︾ ᠤᠨ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠮᠵᠢᠯᠲᠡ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠰᠠᠭᠤᠷᠢ ᠪᠦᠲᠦᠭᠡᠨ ᠪᠠᠶᠢᠭᠤᠯᠤᠯᠲᠠ ᠪᠠ ᠬᠡᠮᠵᠢᠯᠲᠡ ᠶᠢᠨ ᠬᠡᠮᠵᠢᠨ ᠰᠢᠯᠭᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠡᠮᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ︵ᠬᠤᠶᠠᠷ︶ ᠠᠵᠢᠯ ᠤᠨ ᠬᠠᠷᠠᠯᠲᠠ      2025 ᠣᠨ ᠪᠣᠯᠬᠤ ᠳᠤ᠂ ᠪᠥᠬᠦ ᠬᠤᠲᠠ ᠶᠢᠨ ᠲᠤᠭ᠎ᠠ ᠬᠡᠮᠵᠢᠶ᠎ᠡ ᠪᠠᠷ ᠤᠯᠠᠮᠵᠢᠯᠠᠬᠤ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ 15 ᠵᠦᠢᠯ ᠪᠠᠶᠢᠭᠤᠯᠬᠤ ᠪᠠ ᠰᠢᠨᠡᠴᠢᠯᠡᠬᠦ ᠪᠠᠷ ᠴᠢᠷᠮᠠᠶᠢᠵᠤ᠂ ᠡᠭᠦᠨ ᠳᠤ 3 ᠵᠦᠢᠯ ᠢ ᠰᠢᠨᠡᠴᠢᠯᠡᠨ᠎ᠡ︔ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠡᠮᠵᠢᠨ ᠰᠢᠯᠭᠠᠬᠤ ᠲᠥᠪ ᠢ 1 ᠪᠡᠯᠡᠳᠬᠡᠨ ᠪᠠᠶᠢᠭᠤᠯᠵᠤ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠮᠵᠢᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ‌ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠨᠢᠭᠡᠴᠡ ᠶᠢ 75 ᠡᠷᠦᠬᠡ ᠠᠴᠠ ᠳᠡᠭᠡᠭᠰᠢ ᠬᠥᠲᠥᠯᠥᠨ ᠵᠢᠯᠤᠭᠤᠳᠴᠤ ᠪᠣᠶᠢᠵᠢᠭᠤᠯᠤᠨ᠂ ᠰᠢᠨ᠎ᠡ ᠬᠡᠯᠪᠡᠷᠢ ᠶᠢᠨ ᠬᠡᠮᠵᠢᠯᠲᠡ ᠶᠢᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠬᠡᠮᠵᠢᠯᠲᠡ ᠶᠢᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃      2035 ᠣᠨ ᠪᠣᠯᠬᠤ ᠳᠤ᠂ ᠪᠥᠬᠦ ᠬᠤᠲᠠ ᠶᠢᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠡᠮᠵᠢᠯᠲᠡ ᠶᠢᠨ ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠭᠤᠣᠯᠯᠠᠬᠤ ᠠᠵᠤ ᠦᠢᠯᠡᠰ ᠲᠤ ᠣᠶᠤᠨᠴᠢᠯᠠᠭᠰᠠᠨ ᠬᠡᠮᠵᠢᠯᠲᠡ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠣᠲᠣ ᠦᠶ᠎ᠡ ᠶᠢᠨ ᠲᠡᠷᠢᠭᠦᠨ ᠤ ᠬᠡᠮᠵᠢᠯᠲᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃      ᠬᠤᠶᠠᠷ᠂ ᠭᠤᠣᠯ ᠡᠭᠦᠷᠭᠡ      ︵ᠨᠢᠭᠡ︶ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ  ᠢ ᠲᠦᠯᠬᠢᠨ ᠠᠬᠢᠭᠤᠯᠤᠨ᠎ᠠ      1. ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠬᠤᠲᠠ ᠶᠢᠨ ᠳᠣᠲᠣᠷᠠᠬᠢ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ  ᠯᠤᠭ᠎ᠠ ᠶᠢᠨ ᠬᠤᠯᠪᠣᠭᠠᠯᠠᠯ ᠢ ᠠᠬᠢᠭᠤᠯᠵᠤ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠬᠡᠮᠵᠢᠯᠲᠡ ᠵᠡᠷᠭᠡ ᠬᠠᠮᠢᠶ᠎ᠠ ᠪᠦᠬᠦᠢ ᠰᠤᠳᠤᠯᠭᠠᠨ ᠤ ᠰᠡᠳᠦᠪ ᠤᠨ ᠰᠤᠳᠤᠯᠭᠠᠨ ᠪᠠ ᠬᠡᠷᠡᠭᠯᠡᠭᠡᠨ ᠳᠤ ᠢᠳᠡᠪᠬᠢᠲᠡᠢ ᠣᠷᠣᠯᠴᠠᠵᠤ᠂ ᠪᠠᠰᠠ ᠪᠥᠬᠦ ᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠡᠮᠵᠢᠯᠲᠡ ᠶᠢᠨ ᠮᠡᠷᠭᠡᠵᠢᠯ ᠤᠨ ᠪᠡᠷᠬᠡ ᠰᠡᠳᠦᠪ ᠢ ᠬᠠᠮᠲᠤᠷᠠᠨ ᠲᠣᠭᠲᠠᠭᠠᠵᠤ᠂ ᠬᠠᠮᠲᠤᠷᠠᠨ ᠪᠡᠷᠬᠡ ᠰᠡᠳᠦᠪ ᠢ ᠰᠢᠢᠳᠪᠦᠷᠢᠯᠡᠵᠦ᠂ ᠬᠠᠮᠲᠤ ᠪᠠᠷ ᠰᠤᠳᠤᠯᠤᠨ ᠨᠡᠭᠡᠭᠡᠵᠦ᠂ ᠪᠥᠬᠦ ᠬᠤᠲᠠ ᠶᠢᠨ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠮᠵᠢᠯᠲᠡ ᠶᠢᠨ ᠪᠠᠶᠢᠴᠠᠭᠠᠨ ᠬᠡᠮᠵᠢᠬᠦ ᠦᠢᠯᠡᠴᠢᠯᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠃ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠭᠤᠯᠤᠮᠵᠢ ᠪᠠ ᠬᠤᠪᠢ ᠬᠥᠮᠥᠨ ᠢ ᠰᠠᠶᠢᠰᠢᠶᠠᠨ ᠬᠥᠬᠢᠭᠦᠯᠦᠨ᠎ᠡ᠃ ᠬᠡᠮᠵᠢᠬᠦ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠠᠨᠨᠠᠭᠤᠷ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠪ ᠢᠶᠠᠷ ᠭᠤᠣᠯ ᠴᠣᠭᠴᠠ ᠪᠣᠯᠭᠠᠭᠰᠠᠨ ᠠᠵᠤ ᠦᠢᠯᠡᠰ ᠤᠨ ᠲᠤᠰᠬᠠᠢ ᠬᠡᠷᠡᠭᠯᠡᠭᠡᠨ ᠤ ᠪᠠᠶᠢᠴᠠᠭᠠᠨ ᠬᠡᠮᠵᠢᠬᠦ ᠲᠣᠨᠤᠭ ᠲᠥᠬᠦᠭᠡᠷᠦᠮᠵᠢ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠮᠡᠷᠭᠡᠵᠢᠯ ᠢ ᠲᠠᠰᠤᠷᠠᠯᠲᠠ ᠦᠭᠡᠢ ᠬᠤᠳᠠᠯᠳᠤᠨ ᠣᠷᠣᠭᠤᠯᠬᠤ ᠪᠠ ᠬᠡᠮᠵᠢᠯᠲᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠬᠡᠮᠵᠢᠯᠲᠡ ᠶᠢᠨ ᠪᠠᠶᠢᠴᠠᠭᠠᠨ ᠬᠡᠮᠵᠢᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ︵ᠪᠠᠶᠢᠭᠤᠯᠵᠤ︶᠂ ᠬᠡᠮᠵᠢᠶ᠎ᠡ ᠪᠠᠷ ᠤᠯᠠᠮᠵᠢᠯᠠᠬᠤ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠡᠮᠵᠢᠶ᠎ᠡ ᠪᠠᠷ ᠤᠯᠠᠮᠵᠢᠯᠠᠬᠤ ᠡᠬᠢ ᠰᠤᠷᠪᠤᠯᠵᠢ ᠶᠢ ᠡᠷᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠤᠯ᠂ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠡᠷᠢᠭᠦᠨ ᠤ ᠬᠡᠮᠵᠢᠯᠲᠡ ᠶᠢᠨ ᠬᠡᠮᠵᠢᠭᠦᠷᠯᠢᠭ ᠲᠥᠬᠦᠭᠡᠷᠦᠮᠵᠢ ᠶᠢ ᠬᠡᠷᠡᠭᠯᠡᠵᠦ᠂ ᠳᠣᠲᠣᠭᠠᠳᠤ ᠶᠢᠨ ᠬᠡᠮᠵᠢᠶ᠎ᠡ ᠶᠢ ᠤᠯᠠᠮᠵᠢᠯᠠᠬᠤ ᠳᠤ ᠬᠡᠷᠡᠭᠰᠡᠬᠦ ᠬᠠᠮᠤᠭ ᠤᠨ ᠥᠨᠳᠥᠷ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠵᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠮᠵᠢᠯᠲᠡ ᠶᠢᠨ ᠮᠡᠷᠭᠡᠵᠢᠯ ᠤᠨ ᠰᠠᠭᠤᠷᠢ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠣᠷᠠᠬᠢ ᠡᠯ᠎ᠡ ᠵᠦᠢᠯ ᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠨᠠᠶᠢᠳᠠᠪᠤᠷᠢᠵᠢᠭᠤᠯᠵᠤ᠂ ᠠᠰ ᠲᠤᠨᠢ ᠵᠢᠭᠰᠠᠭᠠᠬᠤ ᠦᠭᠡᠢ︶      2. ᠬᠡᠮᠵᠢᠯᠲᠡ ᠶᠢᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠤᠨ ᠰᠤᠳᠤᠯᠤᠨ ᠬᠡᠷᠡᠭᠯᠡᠬᠦ ᠶᠢ ᠠᠬᠢᠭᠤᠯᠤᠨ᠎ᠠ᠃ ︽ᠬᠡᠮᠵᠢᠯᠲᠡ + ᠮᠡᠳᠡᠭᠡ ᠵᠠᠩᠭᠢᠵᠢᠯᠲᠠ + ᠣᠶᠤᠨᠴᠢᠯᠠᠯᠲᠠ + ᠰᠦᠯᠵᠢᠶᠡᠵᠢᠯᠲᠡ︾ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠷᠭ᠎ᠠ ᠵᠠᠮ ᠶᠣᠰᠣᠭᠠᠷ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠠᠪᠴᠠᠩ ︵e - CQS︶ ᠤᠨ ᠬᠡᠷᠡᠭᠯᠡᠯᠲᠡ ᠶᠢ ᠳᠡᠯᠭᠡᠷᠡᠭᠦᠯᠦᠨ᠎ᠡ᠃ ᠬᠡᠮᠵᠢᠯᠲᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠬᠡᠮᠵᠢᠯᠲᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠥᠬᠦ‌‍ᠬᠡᠮᠵᠢᠯᠲᠡ ᠶᠢ ᠰᠢᠯᠭᠠᠬᠤ ᠦᠨᠡᠮᠯᠡᠯ ᠤᠨ ᠥᠭᠡᠷᠡᠴᠢᠯᠡᠯᠲᠡ ᠶᠢ ᠠᠬᠢᠭᠤᠯᠵᠤ᠂ ᠬᠡᠮᠵᠢᠯᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      ︵ᠬᠤᠶᠠᠷ︶ ᠬᠡᠮᠵᠢᠯᠲᠡ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ      1. ᠦᠢᠯᠡᠴᠢᠯᠡᠭᠡ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠦᠢᠯᠡᠳᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠲᠣᠭᠤᠷᠢᠨ ᠳᠤ᠂ ᠬᠡᠮᠵᠢᠯᠲᠡ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠠᠬᠢᠭᠤᠯᠵᠤ᠂ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ 15 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠦᠢᠯᠡᠴᠢᠯᠡᠭᠡᠨ ᠤ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠮᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠨ᠂ ᠦᠢᠯᠡᠳᠬᠦ ᠦᠢᠯᠡᠰ ᠤᠨ ᠬᠡᠮᠵᠢᠯᠲᠡ ᠶᠢ ᠰᠢᠯᠭᠠᠨ ᠲᠣᠭᠲᠠᠭᠠᠵᠤ ᠬᠠᠷᠭᠤᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠮᠵᠢᠯᠲᠡ ᠶᠢᠨ ᠦᠢᠯᠡᠴᠢᠯᠡᠭᠡᠨ ᠤ ᠦᠢᠯᠡᠳᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠯᠭᠠᠭᠤᠷᠢᠯᠠᠨ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶      2. ᠡᠨᠧᠷᠭᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠳᠤ ᠦᠢᠯᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠠᠵᠤ ᠠᠬᠤᠶᠢᠯᠠᠯ ᠤᠨ ᠦᠵᠦᠭᠦᠷ ᠤᠨ ᠪᠠᠶᠢᠭᠤᠯᠤᠯᠲᠠ ᠶᠢᠨ ᠶᠠᠰᠤ ᠴᠢᠨᠠᠷ ᠢ ᠠᠬᠢᠭᠤᠯᠤᠨ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠭᠤᠯᠤᠯ ᠢ ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠪᠦᠲᠦᠮᠵᠢᠲᠦ ᠴᠢᠨᠠᠷ ᠪᠠ ᠣᠨᠣᠪᠴᠢᠲᠤ ᠴᠢᠨᠠᠷ ᠢ ᠪᠠᠲᠤᠯᠠᠨ᠂ ᠡᠨᠧᠷᠭᠢ ᠠᠷᠪᠢᠯᠠᠬᠤ ᠶᠢ ᠦᠨᠡᠯᠡᠬᠦ᠂ ᠲᠥᠯᠥᠪᠵᠢᠭᠦᠯᠬᠦ᠂ ᠮᠡᠷᠭᠡᠵᠢᠯ ᠤᠨ ᠥᠭᠡᠷᠡᠴᠢᠯᠡᠯᠲᠡ ᠶᠢ ᠦᠨᠡᠯᠡᠬᠦ ᠠᠵᠢᠯ ᠢ ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠲᠤᠭ᠎ᠠ ᠪᠠᠷᠢᠮᠲᠠ ᠶᠢ ᠵᠠᠳᠠᠯᠬᠤ ᠪᠠ ᠠᠰᠢᠭᠯᠠᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠤᠨ᠎ᠠ᠃ ᠡᠨᠧᠷᠭᠢ ᠶᠢᠨ ᠬᠡᠮᠵᠢᠯᠲᠡ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠡᠮᠵᠢᠯᠲᠡ ᠶᠢᠨ ᠪᠠᠭᠠᠵᠢ ᠬᠡᠷᠡᠭᠰᠡᠯ ᠢ ᠵᠦᠢ ᠵᠣᠬᠢᠰᠲᠠᠢ ᠲᠣᠬᠢᠷᠠᠭᠤᠯᠬᠤ ᠪᠠ ᠬᠡᠷᠡᠭᠯᠡᠬᠦ ᠶᠢ ᠵᠢᠯᠣᠭᠤᠳᠤᠨ᠎ᠠ᠃ ᠡᠨᠧᠷᠭᠢ ᠶᠢᠨ ᠠᠰᠢᠭᠯᠠᠮᠵᠢ ᠶᠢᠨ ᠢᠯᠡᠳᠬᠡᠮᠵᠢ ᠲᠡᠮᠳᠡᠭ᠂ ᠤᠰᠤᠨ ᠤ ᠠᠰᠢᠭᠯᠠᠮᠵᠢ ᠶᠢᠨ ᠢᠯᠡᠳᠬᠡᠮᠵᠢ ᠲᠡᠮᠳᠡᠭ ᠤᠨ ᠦᠢᠯᠡᠳᠬᠦᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠥᠷᠨᠢᠭᠦᠯᠵᠦ᠂ ᠨᠡᠶᠢᠭᠡᠮ ᠳᠠᠶᠠᠭᠠᠷ ᠤᠨ ᠡᠨᠧᠷᠭᠢ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠡᠨᠧᠷᠭᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      3. ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠨ᠎ᠡ᠃ ᠪᠦᠬᠦ ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠨ ᠤ ᠬᠡᠮᠵᠢᠯᠲᠡ ᠶᠢᠨ ᠰᠢᠯᠭᠠᠨ ᠲᠣᠭᠲᠠᠭᠠᠯᠲᠠ ᠵᠡᠷᠭᠡ ᠬᠡᠷᠡᠭᠴᠡᠭᠡ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠮᠵᠢᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠪᠠᠶᠠᠨᠨᠠᠭᠤᠷ ᠬᠤᠲᠠ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠪ ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠡᠮᠵᠢᠯᠲᠡ ᠶᠢᠨ ᠲᠥᠪ ᠢ 1 ᠪᠡᠯᠡᠳᠬᠡᠨ ᠪᠠᠶᠢᠭᠤᠯᠵᠤ᠂ ᠠᠵᠤ ᠦᠢᠯᠡᠰ ᠤᠨ ᠬᠡᠮᠵᠢᠯᠲᠡ ᠶᠢᠨ ᠬᠢᠨᠠᠨ ᠲᠣᠭᠲᠠᠭᠠᠵᠤ ᠬᠠᠷᠭᠤᠭᠤᠯᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠦᠢᠯᠡᠴᠢᠯᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      4. ᠠᠷᠠᠳ ᠣᠯᠠᠨ ᠤ ᠡᠷᠡᠭᠦᠯ ᠮᠡᠨᠳᠦ ᠪᠠ ᠠᠮᠤᠷ ᠲᠦᠪᠰᠢᠨ ᠳᠤ ᠦᠢᠯᠡᠴᠢᠯᠡᠨ᠎ᠡ᠃ ᠡᠮᠴᠢᠯᠡᠭᠡ ᠡᠷᠡᠭᠦᠯ ᠮᠡᠨᠳᠦ ᠶᠢᠨ ᠬᠦᠷᠢᠶᠡᠨ ᠳᠠᠬᠢ ᠬᠡᠮᠵᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠶᠢᠨ ᠲᠣᠭᠤᠷᠢᠨ ᠳᠤ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠨ᠎ᠡ᠃ ᠭᠠᠵᠠᠷ ᠤᠨ ᠭᠠᠢ ᠭᠠᠮᠰᠢᠭ ᠵᠡᠷᠭᠡ ᠪᠠᠶᠢᠭᠠᠯᠢ ᠶᠢᠨ ᠭᠠᠢ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠬᠤ ᠵᠡᠷᠭᠡ ᠬᠦᠷᠢᠶᠡᠨ ᠳᠠᠬᠢ ᠬᠡᠮᠵᠢᠯᠲᠡ ᠶᠢᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠬᠡᠮᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠠᠬᠢ ᠬᠡᠮᠵᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠪᠠᠷᠢᠯᠭ᠎ᠠ ᠶᠢᠨ ᠠᠵᠢᠯ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠵᠡᠷᠭᠡ ᠬᠦᠷᠢᠶᠡᠨ ᠳᠠᠬᠢ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠬᠢᠨᠠᠯᠲᠠ ᠬᠠᠮᠢᠶᠠᠷᠤᠯᠲᠠ ᠶᠢᠨ ᠲᠥᠬᠦᠭᠡᠷᠦᠮᠵᠢ᠂ ᠴᠠᠭᠳᠠᠭᠠᠨ  ᠤ  ᠲᠥᠬᠦᠭᠡᠷᠦᠮᠵᠢ  ᠵᠡᠷᠭᠡ  ᠶᠢ  ᠬᠡᠮᠵᠢᠨ  ᠰᠢᠯᠭᠠᠬᠤ  ᠰᠠᠭᠤᠷᠢ  ᠴᠢᠳᠠᠪᠤᠷᠢ  ᠶᠢᠨ  ᠪᠠᠶᠢᠭᠤᠯᠤᠯᠲᠠ  ᠶᠢ  ᠲᠦᠯᠬᠢᠨ  ᠠᠬᠢᠭᠤᠯᠤᠨ᠎ᠠ᠃  ︵ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶      5. ᠦᠢᠯᠡᠴᠢᠯᠡᠭᠡ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶᠡᠨ ᠤ ᠬᠡᠮᠵᠢᠨ ᠰᠢᠯᠭᠠᠬᠤ ᠮᠡᠷᠭᠡᠵᠢᠯ ᠤᠨ ᠰᠤᠳᠤᠯᠭᠠᠨ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ ᠤ ᠰᠤᠳᠤᠯᠭᠠᠨ ᠤ ᠦᠷ᠎ᠡ ᠪᠦᠲᠦᠭᠡᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠢ ᠬᠡᠷᠡᠭᠯᠡᠭᠡᠨ ᠤ ᠬᠡᠮᠵᠢᠯᠲᠡ ᠶᠢᠨ ᠲᠥᠬᠦᠭᠡᠷᠦᠮᠵᠢ᠂ ᠪᠠᠷᠠᠭᠠᠨ ᠤ ᠲᠡᠷᠭᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠥᠬᠦᠭᠡᠷᠦᠮᠵᠢ᠂ ᠮᠠᠰᠢᠨᠲᠤ ᠲᠡᠷᠭᠡᠨ ᠤ ᠬᠤᠷᠳᠤᠴᠠ ᠬᠡᠮᠵᠢᠬᠦ ᠲᠥᠬᠦᠭᠡᠷᠦᠮᠵᠢ ᠶᠢᠨ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠶᠢᠨ ᠬᠡᠷᠡᠭᠯᠡᠯᠲᠡ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠪᠠᠶᠢᠭᠤᠯᠤᠮᠵᠢ ᠳᠤ ᠲᠤᠰᠬᠠᠢ ᠮᠡᠷᠭᠡᠵᠢᠯ ᠤᠨ ᠬᠡᠮᠵᠢᠯᠲᠡ ᠶᠢᠨ ᠡᠷᠬᠡ ᠣᠯᠭᠤᠬᠤ ᠪᠠᠷ ᠳᠠᠮᠵᠢᠭᠤᠯᠤᠨ ᠬᠡᠮᠵᠢᠯᠲᠡ ᠶᠢᠨ ᠰᠢᠯᠭᠠᠨ ᠲᠣᠭᠲᠠᠭᠠᠯᠲᠠ ᠬᠢᠵᠦ᠂ ᠵᠠᠮ ᠬᠠᠷᠢᠯᠴᠠᠭᠠᠨ ᠤ ᠬᠦᠷᠢᠶ᠎ᠡ ᠴᠠᠷᠠᠭ᠎ᠠ ᠶᠢᠨ ᠬᠡᠮᠵᠢᠯᠲᠡ ᠶᠢᠨ ᠲᠥᠬᠦᠭᠡᠷᠦᠮᠵᠢ ᠶᠢᠨ ᠬᠡᠮᠵᠢᠶ᠎ᠡ ᠬᠡᠮᠵᠢᠭᠳᠡᠯ ᠢ ᠳᠠᠮᠵᠢᠭᠤᠯᠬᠤ ᠪᠠ ᠡᠬᠢ ᠡᠭᠦᠰᠦᠯ ᠢ ᠡᠷᠢᠬᠦ ᠣᠨᠣᠪᠴᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠡᠮᠵᠢᠯᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠶ᠎ᠡ ᠬᠡᠮᠵᠢᠭᠳᠡᠯ ᠢ ᠣᠨᠣᠪᠴᠢᠲᠠᠶ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      6. ᠨᠡᠭᠦᠷᠡᠰᠦᠲᠥ᠋ᠷᠥᠭᠴᠢ ᠶᠢᠨ ᠣᠷᠭᠢᠯ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠳᠤ ᠦᠢᠯᠡᠴᠢᠯᠡᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠠᠵᠤ ᠠᠬᠤᠶᠢᠯᠠᠯ ᠤᠨ ᠦᠵᠦᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠬᠡᠮᠵᠢᠯᠲᠡ ᠶᠢᠨ ᠲᠤᠭ᠎ᠠ ᠪᠠᠷᠢᠮᠲᠠ ᠬᠢᠭᠡᠳ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠤᠭ᠎ᠠ ᠪᠠᠷᠢᠮᠲᠠ ᠶᠢ ᠪᠦᠲᠦᠮᠵᠢᠲᠡᠶ ᠵᠣᠯᠭᠠᠭᠤᠯᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ᠃ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠪᠠ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠮᠢᠳᠤᠷᠠᠯ ᠤᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠦᠷᠬᠦ ᠪᠠ ᠪᠠᠷᠢᠮᠵᠢᠶᠠᠲᠤ ᠬᠡᠮᠵᠢᠯᠲᠡ ᠶᠢᠨ ᠰᠢᠰᠲ᠋ᠧᠮᠵᠢ ᠶᠢᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠯᠲᠡ ᠶᠢᠨ ᠬᠡᠮᠵᠢᠶ᠎ᠡ ᠬᠡᠮᠵᠢᠭᠳᠡᠯ ᠤᠨ ᠡᠬᠢ ᠡᠭᠦᠰᠦᠯ ᠢ ᠡᠷᠢᠬᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠷᠪᠠᠳᠠᠭᠢ ᠡᠲᠡᠭᠡᠳ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠪᠣᠶᠢᠵᠢᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠡᠮᠵᠢᠬᠦ ᠪᠠ ᠲᠣᠭᠠᠴᠠᠭ᠎ᠠ ᠬᠢᠬᠦ ᠵᠡᠷᠭᠡ ᠦᠢᠯᠡᠴᠢᠯᠡᠭᠡᠨ ᠢ ᠥᠷᠨᠢᠭᠦᠯᠵᠦ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠭᠤᠷᠪᠠ︶ ᠬᠡᠮᠵᠢᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠬᠤ ᠬᠡᠷᠡᠭᠲᠡᠢ      1. ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠯᠵᠢᠶ᠎ᠠ ᠶᠢᠨ ᠳ᠋ᠦᠩᠨᠡᠨ ᠪᠤᠳᠤᠬᠤ᠂ ᠡᠮᠴᠢᠯᠡᠭᠡ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠰᠡᠷᠭᠡᠶᠢᠯᠡᠯᠲᠡ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠰᠢᠨ᠎ᠡ ᠪᠠᠷ ᠪᠠᠶᠢᠭᠤᠯᠵᠤ᠂ ᠬᠡᠮᠵᠢᠯᠲᠡ ᠶᠢᠨ ᠦᠢᠯᠡᠴᠢᠯᠡᠭᠡᠨ ᠤ ᠪᠠᠲᠤᠯᠠᠭ᠎ᠠ ᠵᠢᠨ‌ᠬᠤᠳᠠ ᠶᠢᠨ ᠱᠠᠲᠤᠨ  ᠤ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠨᠤᠭᠤᠳ ᠣᠷᠣᠨ ᠪᠦᠰᠡ ᠶᠢᠨ ᠴᠢᠨᠠᠷᠲᠠᠢ᠂ ᠳᠠᠪᠠᠭᠤᠯᠢᠭ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠨᠡᠶᠢᠭᠡᠮ  ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠬᠤ ᠶᠢ ᠬᠠᠷᠢᠭᠤᠴᠠᠵᠤ᠂ ᠬᠤᠰᠢᠭᠤ ᠰᠢᠶᠠᠨ ᠤ ᠱᠠᠲᠤᠨ ᠤ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠨᠤᠭᠤᠳ ᠠᠷᠠᠳ ᠲᠤ ᠲᠦᠬᠦᠮ ᠦᠵᠡᠭᠦᠯᠬᠦ ᠴᠢᠨᠠᠷᠲᠠᠢ᠂ ᠰᠠᠭᠤᠷᠢ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢ ᠪᠠᠶᠢᠭᠤᠯᠬᠤ ᠶᠢ ᠬᠠᠷᠢᠭᠤᠴᠠᠨ᠎ᠠ᠃ ᠤᠰᠤ᠂ ᠴᠠᠬᠢᠯᠭᠠᠨ᠂ ᠢᠯᠴᠢ᠂ ᠹᠢᠽᠢᠺ ᠬᠢᠮᠢ᠂ ᠵᠠᠮ ᠬᠠᠷᠢᠯᠴᠠᠭ᠎ᠠ ᠵᠡᠷᠭᠡ ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠲᠥᠷᠥᠯ ᠤᠨ ᠬᠡᠮᠵᠢᠯᠲᠡ ᠶᠢᠨ ᠡᠷᠬᠡ ᠣᠯᠭᠤᠬᠤ ᠪᠠ ᠪᠠᠷᠢᠮᠵᠢᠶ᠎ᠠ ᠪᠠᠶᠢᠭᠤᠯᠬᠤ ᠡᠷᠴᠢᠮ ᠢ ᠴᠢᠩᠭᠠᠷᠠᠭᠤᠯᠵᠤ᠂ ᠲᠣᠰ ᠠᠵᠢᠯ ᠲᠥᠷᠥᠯ ᠤᠨ ᠢᠶᠠᠨ ᠳᠣᠲᠣᠭᠠᠳᠤ ᠬᠡᠮᠵᠢᠶ᠎ᠡ ᠪᠠᠷ ᠳᠠᠮᠵᠢᠭᠤᠯᠬᠤ ᠠᠵᠢᠯ ᠢ ᠥᠷᠨᠢᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      2. ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠤᠨ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠡᠮᠵᠢᠯᠲᠡ ᠶᠢᠨ ᠬᠠᠷᠢᠴᠠᠭᠤᠯᠤᠯ ᠳᠤ ᠣᠷᠣᠯᠴᠠᠭᠤᠯᠵᠤ᠂ ᠠᠷᠠᠳ ᠤᠨ ᠠᠮᠢᠳᠤᠷᠠᠯ ᠤᠨ ᠬᠡᠮᠵᠢᠯᠲᠡ᠂ ᠬᠠᠤᠯᠢ ᠳᠦᠷᠢᠮ ᠤᠨ ᠬᠡᠮᠵᠢᠯᠲᠡ ᠶᠢᠨ ᠪᠠᠲᠤᠯᠠᠭ᠎ᠠ ᠶᠢ ᠴᠢᠩᠭᠠᠷᠠᠭᠤᠯᠤᠨ᠂ ᠨᠡᠶᠢᠭᠡᠮ ᠳᠤ ᠰᠠᠭᠤᠷᠢ ᠴᠢᠨᠠᠷᠲᠠᠢ᠂ ᠣᠯᠠᠨ ᠨᠡᠶᠢᠲᠡ ᠶᠢᠨ ᠴᠢᠨᠠᠷᠲᠠᠢ ᠬᠡᠮᠵᠢᠭᠳᠡᠯ ᠤᠨ ᠳᠠᠮᠵᠢᠭᠤᠯᠭ᠎ᠠ ᠶᠢᠨ ᠡᠬᠢ ᠰᠤᠷᠪᠤᠯᠵᠢ ᠶᠢ ᠡᠷᠢᠬᠦ ᠦᠢᠯᠡᠴᠢᠯᠡᠭᠡ ᠬᠠᠩᠭᠠᠨ᠎ᠠ︔ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠠᠮᠤᠷ ᠲᠦᠪᠰᠢᠨ ᠤ ᠰᠡᠷᠭᠡᠶᠢᠯᠡᠯᠲᠡ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠤᠰᠤᠳ ᠡᠯ᠎ᠡ ᠲᠥᠷᠥᠯ ᠤᠨ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠣᠯᠠᠨ ᠶᠠᠩᠵᠤ ᠶᠢᠨ ᠬᠡᠮᠵᠢᠯᠲᠡ ᠶᠢᠨ ᠬᠡᠮᠵᠢᠯᠲᠡ ᠶᠢᠨ ᠦᠢᠯᠡᠴᠢᠯᠡᠭᠡᠨ ᠢ ᠬᠠᠩᠭᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      3. ᠬᠡᠮᠵᠢᠯᠲᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠪᠣᠯᠪᠠᠰᠤᠷᠠᠭᠤᠯᠤᠯ ᠤᠨ ᠲᠠᠪᠴᠠᠩ ᠪᠠ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠡᠷᠡᠭᠯᠡᠨ᠂ ᠬᠡᠮᠵᠢᠯᠲᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠠᠩᠰᠠᠯᠠᠭᠤᠯᠤᠭᠰᠠᠨ ᠬᠡᠮᠵᠢᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠬᠢᠭᠡᠳ ᠢᠨᠵᠧᠨᠧᠷᠢᠩ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠴᠣᠯᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠵᠡᠷᠭᠡ ᠳᠦᠷᠢᠮ ᠢ ᠵᠣᠯᠭᠠᠭᠤᠯᠬᠤ ᠳᠦᠷᠢᠮ ᠤᠨ ᠠᠷᠭ᠎ᠠ ᠪᠠ ᠵᠣᠯᠭᠠᠭᠤᠯᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠰᠦᠪᠡᠭᠴᠢᠯᠡᠨ ᠠᠬᠢᠭᠤᠯᠤᠨ᠎ᠠ᠃ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠵᠣᠷᠢᠭᠵᠢᠭᠤᠯᠵᠤ᠂ ᠲᠦᠷᠦᠭᠦᠸ ᠬᠡᠮᠵᠢᠭᠴᠢ ᠵᠡᠷᠭᠡ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠢ ᠮᠡᠷᠭᠡᠵᠢᠯ ᠤᠨ ᠬᠡᠮᠵᠢᠯᠲᠡ ᠶᠢᠨ ᠮᠡᠷᠭᠡᠵᠢᠯ ᠤᠨ ᠵᠥᠪᠯᠡᠯ ᠤᠨ ᠭᠡᠰᠢᠭᠦᠨ᠂ ᠬᠡᠮᠵᠢᠯᠲᠡ ᠶᠢᠨ ᠪᠠᠷᠢᠮᠵᠢᠶ᠎ᠠ ᠶᠢᠨ ᠰᠢᠯᠭᠠᠨ ᠲᠣᠭᠲᠠᠭᠠᠭᠴᠢ ᠶᠢ ᠬᠥᠮᠥᠵᠢᠭᠦᠯᠦᠨ ᠲᠠᠨᠢᠯᠴᠠᠭᠤᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠰᠠᠯᠠᠭ᠎ᠠ ᠮᠥᠴᠢᠷ ᠬᠢᠭᠡᠳ ᠮᠣᠩᠭᠤᠯ ᠤᠯᠤᠰ ᠤᠨ ᠪᠠᠷᠢᠮᠵᠢᠶᠠᠵᠢᠭᠤᠯᠤᠯᠲᠠ ᠬᠢᠭᠡᠳ ᠬᠡᠮᠵᠢᠯᠲᠡ ᠶᠢᠨ ᠲᠣᠪᠴᠢᠶ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠳᠤ ᠢᠳᠡᠪᠬᠢᠲᠡᠢ ᠣᠷᠣᠯᠴᠠᠵᠤ᠂ ᠬᠡᠮᠵᠢᠯᠲᠡ ᠶᠢᠨ ᠮᠡᠷᠭᠡᠵᠢᠯ ᠤᠨ ᠠᠵᠢᠯᠲᠠᠨ ᠤ ᠣᠯᠠᠨ ᠲᠠᠰ ᠳᠠᠪᠬᠤᠷᠭ᠎ᠠ ᠶᠢᠨ ᠬᠡᠮᠵᠢᠯᠲᠡ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ᠃ ︵ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠲᠣᠪᠴᠢᠶ᠎ᠠ︶      4. ᠠᠵᠤ ᠠᠬᠤᠶᠢᠯᠠᠯ ᠤᠨ ᠬᠡᠮᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠪᠠᠳᠠᠷᠠᠭᠤᠯᠵᠤ᠂  ᠠᠵᠤ ᠠᠬᠤᠶᠢᠯᠠᠯ  ᠤᠨ  ᠪᠡᠶᠡᠴᠢ  ᠴᠣᠭᠴᠠ  ᠶᠢᠨ  ᠪᠠᠶᠢᠷᠢ  ᠰᠠᠭᠤᠷᠢ  ᠶᠢ  ᠴᠢᠩᠭᠠᠳᠬᠠᠨ᠎ᠠ᠃  ᠠᠵᠤ ᠠᠬᠤᠶᠢᠯᠠᠯ  ᠤᠨ  ᠬᠡᠮᠵᠢᠯᠲᠡ  ᠶᠢᠨ  ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠡᠮᠵᠢᠯᠲᠡ ᠶᠢᠨ ᠬᠠᠮᠢᠶᠠᠷᠤᠯᠲᠠ ᠶᠢᠨ ᠳᠦᠷᠢᠮ ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠬᠢᠬᠦ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠬᠠᠮᠤᠭ ᠤᠨ ᠥᠨᠳᠥᠷ ᠬᠡᠮᠵᠢᠯᠲᠡ ᠶᠢᠨ ᠪᠠᠷᠢᠮᠵᠢᠶ᠎ᠠ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠳᠣᠲᠣᠭᠠᠳᠤ ᠳᠠᠭᠠᠨ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠢᠷᠡᠯᠲᠡ ᠶᠢ ᠡᠷᠢᠬᠦ ᠶᠢ ᠥᠷᠨᠢᠭᠦᠯᠦᠨ᠂ ᠬᠡᠮᠵᠢᠯᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠬᠡᠮᠵᠢᠯᠲᠡ ᠶᠢᠨ ᠴᠢᠳᠠᠪᠤᠷᠢ ᠶᠢᠨ ᠥᠪᠡᠰᠦᠪᠡᠨ ᠢᠯᠡᠷᠬᠡᠶᠢᠯᠡᠬᠦ ᠳᠦᠷᠢᠮ ᠢ ᠨᠠᠶᠢᠳᠠᠪᠤᠷᠢᠵᠢᠭᠤᠯᠵᠤ᠂ ᠲᠡᠷᠢᠭᠦᠨ ᠤ ᠠᠵᠤ ᠠᠬᠤᠶᠢᠯᠠᠯ ᠤᠨ ᠬᠡᠮᠵᠢᠯᠲᠡ ᠶᠢᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ ᠃ ︽ᠬᠡᠮᠵᠢᠯᠲᠡ ᠶᠢᠨ ᠦᠢᠯᠡᠴᠢᠯᠡᠭᠡᠨ ᠤ ᠳᠤᠮᠳᠠ ᠵᠢᠵᠢᠭ ᠠᠵᠤ ᠠᠬᠤᠶᠢᠯᠠᠯ ᠤᠨ ᠠᠶᠠᠯᠠᠯ︾ ᠤᠨ ᠠᠵᠢᠯᠯᠠᠭ᠎ᠠ ᠥᠷᠨᠢᠭᠦᠯᠵᠦ᠂ ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠪᠠᠷ ᠬᠤᠳᠠᠯᠳᠤᠨ ᠠᠪᠤᠭᠰᠠᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶      5. ᠬᠡᠮᠵᠢᠯᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠰᠠᠭᠤᠷᠢ ᠮᠡᠳᠡᠯᠭᠡ ᠶᠢᠨ ᠵᠢᠭᠠᠨ ᠰᠤᠷᠭᠠᠯᠲᠠ ᠵᠢᠨ‌‍ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠡᠮᠵᠢᠯᠲᠡ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠬᠡᠮᠵᠢᠯᠲᠡ ᠶᠢᠨ ᠰᠣᠶᠣᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠢ ᠪᠣᠶᠢᠵᠢᠭᠤᠯᠤᠨ᠂ ᠬᠡᠮᠵᠢᠯᠲᠡ ᠶᠢᠨ ᠠᠵᠤ ᠦᠢᠯᠡᠰ ᠢ ᠬᠥᠭᠵᠢᠭᠦᠯᠵᠦ᠂ ᠬᠡᠮᠵᠢᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠬᠡᠮᠵᠢᠯᠲᠡ ᠶᠢᠨ ᠰᠣᠶᠣᠯ ᠤᠨ ᠤᠬᠠᠭᠤᠯᠭ᠎ᠠ ᠶᠢᠨ ᠡᠯᠴᠢᠨ ᠰᠠᠶᠢᠳ ᠢ ᠪᠣᠶᠢᠵᠢᠭᠤᠯᠤᠨ ᠲᠠᠨᠢᠯᠴᠠᠭᠤᠯᠵᠤ᠂ ᠰᠢᠨ᠎ᠡ ᠶᠢ ᠢᠳᠡᠪᠬᠢᠲᠡᠢ ᠪᠠᠷ ᠪᠣᠶᠢᠵᠢᠭᠤᠯᠤᠨ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠬᠡᠮᠵᠢᠯᠲᠡ ᠶᠢᠨ ᠵᠣᠷᠢᠭ ᠰᠠᠨᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠬᠤ ᠳᠤ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠶᠢᠨ ᠬᠡᠮᠵᠢᠯᠲᠡ ᠶᠢᠨ ᠠᠵᠢᠯᠲᠠᠨ ᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠨ᠎ᠡ᠃ ︵ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠳᠥᠷᠪᠡ︶ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ      1. ᠬᠡᠮᠵᠢᠯᠲᠡ ᠶᠢᠨ ᠬᠠᠤᠯᠢ ᠲᠣᠭᠲᠠᠭᠠᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠡᠮᠵᠢᠯᠲᠡ ᠶᠢᠨ ᠤᠬᠠᠭᠤᠯᠭ᠎ᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠣᠷᠣᠨ ᠨᠤᠲᠤᠭ ᠤᠨ ᠬᠡᠮᠵᠢᠯᠲᠡ ᠶᠢ ᠰᠢᠯᠭᠠᠨ ᠲᠣᠭᠲᠠᠭᠠᠬᠤ ᠳᠦᠷᠢᠮ᠂ ᠬᠠᠷᠭᠤᠭᠤᠯᠬᠤ ᠵᠢᠷᠤᠮᠵᠢᠯ ᠢ ᠲᠣᠭᠲᠠᠭᠠᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠵᠤ᠂ ᠬᠠᠤᠯᠢ ᠳᠦᠷᠢᠮ ᠤᠨ ᠬᠡᠮᠵᠢᠯᠲᠡ ᠶᠢᠨ ᠬᠠᠮᠢᠶᠠᠷᠤᠯᠲᠠ ᠳᠤ ᠮᠡᠷᠭᠡᠵᠢᠯ ᠤᠨ ᠪᠠᠷᠢᠮᠵᠢᠶ᠎ᠠ ᠬᠠᠩᠭᠠᠬᠤ ᠬᠡᠷᠡᠭᠲᠡᠢ᠃ ᠤᠯᠤᠰ ᠤᠨ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠪᠥᠬᠦ ᠠᠷᠠᠳ ᠤᠨ ᠬᠡᠮᠵᠢᠯᠲᠡ ᠶᠢᠨ ᠦᠵᠡᠯ ᠤᠬᠠᠮᠰᠠᠷ ᠪᠠ ᠣᠯᠠᠨ ᠲᠦᠮᠡᠨ ᠤ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︶      2. ᠠᠷᠠᠳ ᠤᠨ ᠠᠮᠢᠳᠤᠷᠠᠯ  ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠶᠢᠨ ᠬᠡᠮᠵᠢᠯᠲᠡ ᠶᠢᠨ ᠠᠰᠠᠭᠤᠳᠠᠯ ᠤᠨ ᠲᠣᠭᠤᠷᠢᠨ ᠳᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠦᠢᠯᠡᠰ᠂ ᠡᠮᠴᠢᠯᠡᠭᠡ ᠡᠷᠡᠭᠦᠯ ᠬᠠᠮᠠᠭᠠᠯᠠᠯ᠂ ᠨᠢᠳᠦᠨ ᠰᠢᠯ ᠤᠨ ᠳᠡᠯᠭᠡᠭᠦᠷ᠂ ᠲᠦᠷᠢᠶᠡᠰᠦᠨ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠡᠮᠵᠢᠯᠲᠡ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠣᠭᠳᠠᠬᠤ ᠡᠳ᠋ ᠪᠣᠳᠠᠰ ᠵᠡᠷᠭᠡ ᠶᠢᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠡᠮᠵᠢᠯᠲᠡ ᠶᠢᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ᠤᠰᠤ ᠬᠠᠩᠭᠠᠬᠤ᠂ ᠬᠡᠢ ᠬᠠᠩᠭᠠᠬᠤ᠂ ᠴᠠᠬᠢᠯᠭᠠᠨ ᠬᠠᠩᠭᠠᠬᠤ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠵᠡᠷᠭᠡ ᠬᠠᠮᠢᠶ᠎ᠠ ᠪᠦᠬᠦᠢ ᠬᠡᠮᠵᠢᠯᠲᠡ ᠶᠢᠨ ᠰᠠᠭᠤᠷᠢ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      3. ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠶᠢᠨ ᠰᠦᠪᠡᠭᠴᠢᠯᠡᠭᠰᠡᠨ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠮᠡᠯ ᠬᠢᠨᠠᠯᠲᠠ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠵᠡᠷᠭᠡ ᠲᠤᠬᠠᠢ ᠶᠢᠨ ᠲᠠᠯᠠᠪᠤᠷ ᠤᠨ ᠪᠤᠰᠤ ᠣᠶᠤᠨᠴᠢ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠣᠶᠤᠨᠴᠢ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠢ ᠪᠣᠶ ᠪᠣᠯᠭᠠᠵᠤ᠂ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠣᠶᠤᠨᠴᠢ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠬᠦ ᠶᠢ ᠵᠣᠷᠢᠭᠵᠢᠭᠤᠯᠵᠤ᠂ ᠣᠶᠤᠨᠴᠢ ᠬᠡᠮᠵᠢᠯᠲᠡ ᠶᠢᠨ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠠᠵᠤ ᠠᠬᠤᠶᠢᠯᠠᠯ ᠤᠨ ᠬᠡᠮᠵᠢᠯᠲᠡ ᠶᠢᠨ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ ᠣᠶᠤᠨᠴᠢᠯᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠵᠤ᠂ ᠦᠢᠯᠡᠳᠬᠦᠨ ᠤ ᠶᠠᠰᠤ ᠴᠢᠨᠠᠷ ᠢ ᠡᠵᠡᠮᠳᠡᠬᠦ ᠪᠠ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      4. ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠬᠡᠮᠵᠢᠯᠲᠡ ᠶᠢᠨ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠴᠢᠩᠭᠠᠷᠠᠭᠤᠯᠤᠨ᠎ᠠ᠃ ᠡᠵᠡᠩᠨᠡᠭᠴᠢᠳ ᠤᠨ ᠥᠪᠡᠷ ᠤᠨ ᠠᠮᠠᠯᠠᠯᠲᠠ ᠪᠠᠷ ᠭᠤᠣᠯ ᠪᠣᠯᠭᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠬᠢᠭᠤᠯᠤᠯᠲᠠ ᠪᠠᠷ ᠬᠠᠪᠰᠤᠷᠤᠮᠵᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠪᠠᠷ ᠨᠥᠬᠦᠪᠦᠷᠢ ᠪᠣᠯᠭᠠᠭᠰᠠᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠠᠵᠢᠯᠯᠠᠭ᠎ᠠ  ᠶᠢ  ᠴᠤᠭᠯᠠᠭ᠎ᠠ  ᠮᠠᠶᠢᠮᠠᠢ  ᠶᠢᠨ  ᠵᠠᠬ᠎ᠠ  ᠳᠡᠯᠭᠡᠭᠦᠷ ᠂  ᠬᠤᠳᠠᠯᠳᠤᠭᠠᠨ  ᠤ  ᠬᠡᠲᠦ  ᠳᠡᠯᠭᠡᠭᠦᠷ᠂  ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠲᠠᠯᠠᠪᠤᠷ ᠭᠠᠵᠠᠷ᠂ ᠨᠢᠳᠦᠨ ᠰᠢᠯ ᠤᠨ ᠳᠡᠯᠭᠡᠭᠦᠷ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠡᠵᠡᠩᠨᠡᠭᠴᠢᠳ ᠤᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠥᠪᠡᠷ ᠤᠨ ᠠᠮᠠᠯᠠᠯᠲᠠ ᠶᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠬᠤᠳᠠᠯᠳᠤᠭᠠᠴᠢᠨ ᠡᠷᠦᠬᠡ ᠶᠢ 75 ᠡᠷᠦᠬᠡ ᠠᠴᠠ ᠳᠡᠭᠡᠭᠰᠢ ᠰᠣᠩᠭᠤᠨ ᠭᠠᠷᠭᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      5. ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠬᠡᠮ ᠦᠢᠯᠡᠳᠬᠦ ᠴᠢᠳᠠᠮᠵᠢ ᠲᠠᠢ ᠬᠡᠮᠵᠢᠯᠲᠡ ᠶᠢᠨ ᠪᠠᠭᠠᠵᠢ ᠬᠡᠷᠡᠭᠰᠡᠯ ᠢ ᠦᠢᠯᠡᠳᠬᠦ᠂ ᠪᠣᠷᠣᠯᠠᠭᠤᠯᠬᠤ ᠪᠠ ᠬᠡᠷᠡᠭᠯᠡᠬᠦ᠂ ᠬᠡᠮᠵᠢᠯᠲᠡ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠬᠡᠮᠵᠢᠯᠲᠡ ᠶᠢᠨ ᠦᠨᠡᠮᠯᠡᠯ ᠪᠠ ᠮᠡᠳᠡᠭᠦᠯᠦᠯᠲᠡ ᠬᠢᠵᠦ ᠥᠭᠬᠦ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠷᠡᠭᠦᠦ ᠰᠢᠳᠬᠡᠯ ᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠮᠵᠢᠯᠲᠡ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶      6. ᠬᠡᠮᠵᠢᠯᠲᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠡᠬᠢ ᠪᠠᠶᠠᠯᠢᠭ ᠪᠠ ᠬᠦᠴᠦᠨ ᠴᠢᠳᠠᠯ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠬᠠᠤᠯᠢ ᠳᠦᠷᠢᠮ ᠤᠨ ᠬᠡᠮᠵᠢᠯᠲᠡ ᠶᠢᠨ ᠠᠵᠢᠯ ᠳᠤ ᠣᠷᠣᠯᠴᠠᠭᠤᠯᠵᠤ᠂ ᠣᠯᠠᠨ ᠡᠰᠢᠲᠦ᠂ ᠨᠡᠭᠡᠭᠡᠯᠲᠡᠲᠡᠢ ᠬᠠᠤᠯᠢ ᠳᠦᠷᠢᠮ ᠤᠨ ᠬᠡᠮᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ᠬᠡᠮᠵᠢᠯᠲᠡ ᠶᠢ ᠬᠠᠷᠭᠤᠭᠤᠯᠬᠤ᠂ ᠬᠡᠮᠵᠢᠨ ᠰᠢᠯᠭᠠᠬᠤ᠂ ᠠᠵᠤ ᠦᠢᠯᠡᠰ ᠤᠨ ᠬᠡᠮᠵᠢᠯᠲᠡ ᠶᠢᠨ ᠮᠡᠷᠭᠡᠵᠢᠯ ᠤᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠲᠤᠰᠬᠠᠶᠢᠵᠢᠭᠰᠠᠨ ᠬᠡᠮᠵᠢᠯᠲᠡ ᠶᠢᠨ ᠮᠡᠷᠭᠡᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠮᠵᠢᠯᠲᠡ ᠶᠢ ᠬᠠᠷᠭᠤᠭᠤᠯᠬᠤ ᠵᠠᠬ᠎ᠠ ᠳᠡᠯᠭᠡᠭᠦᠷ ᠪᠠ ᠬᠡᠮᠵᠢᠯᠲᠡ ᠶᠢ ᠬᠠᠷᠭᠤᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠤᠨ᠂ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ  ᠪᠠ  ᠬᠢᠷᠢ  ᠬᠡᠮᠵᠢᠶ᠎ᠡ  ᠶᠢ  ᠳᠡᠭᠡᠭᠰᠢᠯᠡᠭᠦᠯᠵᠦ᠂  ᠵᠠᠬ᠎ᠠ  ᠳᠡᠯᠭᠡᠭᠦᠷ  ᠤᠨ  ᠬᠡᠷᠡᠭᠴᠡᠭᠡ  ᠱᠠᠭᠠᠷᠳᠠᠯᠭ᠎ᠠ  ᠶᠢ  ᠲᠠᠰᠤᠷᠠᠯᠲᠠ  ᠦᠭᠡᠢ  ᠬᠠᠩᠭᠠᠨ᠎ᠠ᠃  ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠡᠮᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠮᠵᠢᠯᠲᠡ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠬᠡᠮᠵᠢᠯᠲᠡ ᠶᠢᠨ ᠦᠢᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠯᠦᠭᠡ ᠵᠣᠯᠭᠠᠭᠤᠯᠵᠤ᠂ ᠬᠠᠷᠠᠯᠲᠠ ᠶᠢᠨ ᠡᠭᠦᠷᠭᠡ ᠶᠢ ᠵᠠᠳᠠᠯᠤᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠ ᠪᠠᠷᠢᠮᠵᠢᠶ᠎ᠠ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠵᠥᠪᠯᠡᠯ ᠠᠴᠠ ᠪᠥᠬᠦ ᠬᠤᠲᠠ ᠶᠢᠨ ᠬᠡᠮᠵᠢᠯᠲᠡ ᠶᠢᠨ ᠬᠥᠭᠵᠢᠯᠲᠡ ᠶᠢᠨ ᠠᠵᠢᠯ ᠳᠤ ᠵᠠᠳᠠᠯᠤᠯᠲᠠ ᠬᠢᠵᠦ᠂ ᠬᠡᠮᠵᠢᠯᠲᠡ ᠶᠢᠨ ᠬᠥᠭᠵᠢᠯᠲᠡ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ      ᠬᠡᠮᠵᠢᠯᠲᠡ ᠶᠢᠨ ᠰᠠᠭᠤᠷᠢ ᠪᠡᠯᠡᠳᠬᠡᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠳᠦᠷᠢᠮ ᠤᠨ ᠬᠡᠮᠵᠢᠯᠲᠡ ᠪᠠ ᠬᠡᠮᠵᠢᠶ᠎ᠡ ᠶᠢᠨ ᠳᠠᠮᠵᠢᠭᠤᠯᠭ᠎ᠠ ᠶᠢᠨ ᠡᠬᠢ ᠰᠤᠷᠪᠤᠯᠵᠢ ᠶᠢ ᠡᠷᠢᠬᠦ ᠰᠢᠰᠲ᠋ᠧᠮ ᠤᠨ ᠪᠦᠲᠦᠮᠵᠢᠲᠡᠶ ᠠᠵᠢᠯᠯᠠᠬᠤ ᠶᠢ ᠪᠠᠲᠤᠯᠠᠨ᠎ᠠ᠃ ᠬᠡᠮᠵᠢᠯᠲᠡ ᠶᠢᠨ ᠦᠢᠯᠡᠴᠢᠯᠡᠭᠡᠨ ᠤ ᠨᠡᠮᠡᠭᠳᠡᠯ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠶᠢᠨ ᠪᠠᠶᠢᠭᠤᠯᠤᠯᠲᠠ ᠵᠢᠴᠢ ᠬᠠᠮᠠᠭᠠᠯᠠᠯᠲᠠ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠵᠢᠴᠢ ᠬᠡᠮᠵᠢᠯᠲᠡ ᠶᠢᠨ ᠲᠤᠰᠬᠠᠢ ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠮᠵᠢᠯᠲᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ‌‍ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠠᠰᠢᠭᠯᠠᠵᠤ᠂ ᠪᠡᠯᠡᠳᠬᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠦᠢᠯᠡᠰ ᠤᠨ ᠬᠡᠮᠵᠢᠨ ᠰᠢᠯᠭᠠᠬᠤ ᠲᠥᠪ ᠢ ᠭᠤᠣᠯᠳᠠᠯᠭ᠎ᠠ ᠲᠠᠢ ᠳᠡᠮᠵᠢᠨ᠎ᠡ᠃ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠡᠮᠵᠢᠯᠲᠡ ᠶᠢᠨ ᠮᠡᠷᠭᠡᠵᠢᠯ᠂ ᠬᠡᠮᠵᠢᠯᠲᠡ ᠶᠢᠨ ᠲᠣᠨᠣᠭᠯᠠᠯ ᠢ ᠰᠤᠳᠤᠯᠤᠨ ᠨᠡᠭᠡᠭᠡᠬᠦ ᠪᠠ ᠬᠡᠷᠡᠭᠯᠡᠭᠡᠨ ᠤ ᠦᠢᠯᠡᠴᠢᠯᠡᠭᠡᠨ ᠳ᠋ᠦ‌‍ᠲ᠋ᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠷᠠᠭᠤᠯᠵᠤ᠂ ᠬᠡᠮᠵᠢᠨ ᠰᠢᠯᠭᠠᠬᠤ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠥᠯᠥᠪᠯᠡᠭᠡ ᠲᠠᠢ ᠪᠠᠷ ᠡᠯᠰᠡᠨ᠎ᠡ᠃      ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠯᠤᠰ ᠤᠨ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠦᠶᠯᠡ ᠠᠵᠢᠯᠯᠠᠭ᠎ᠠ ᠵᠢᠷᠤᠮᠵᠢᠯ ᠲᠠᠢ᠂ ᠬᠢᠨᠠᠯᠲᠠ ᠬᠠᠮᠢᠶᠠᠷᠤᠯᠲᠠ ᠪᠦᠲᠦᠮᠵᠢᠲᠡᠶ᠂ ᠪᠠᠲᠤᠯᠠᠭ᠎ᠠ ᠬᠦᠴᠦᠲᠡᠢ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠶ ᠪᠣᠯᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠢᠯᠤᠭᠤᠳᠬᠤ᠂ ᠬᠢᠨᠠᠨ ᠬᠡᠮᠵᠢᠬᠦ᠂ ᠦᠨᠡᠯᠡᠨ ᠵᠢᠱᠢᠬᠦ ᠶᠢ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠰᠤᠳᠤᠯᠤᠨ ᠰᠢᠢᠳᠪᠦᠷᠢᠯᠡᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠬᠡᠮᠵᠢᠯᠲᠡ ᠶᠢᠨ ᠬᠥᠭᠵᠢᠯᠲᠡ ᠶᠢᠨ ᠠᠵᠢᠯ ᠢ ᠵᠠᠰᠠᠭ ᠤᠨ ᠣᠷᠳᠣᠨ ᠤ ᠶᠠᠰᠤ ᠴᠢᠨᠠᠷ ᠤᠨ ᠠᠵᠢᠯ ᠤᠨ ᠬᠠᠷᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ︽ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠠᠷᠭ᠎ᠠ︾ ᠶᠣᠰᠣᠭᠠᠷ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ᠂ ᠨᠢᠭᠡᠨᠲᠡ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃   
ᠢᠷᠡᠯᠲᠡ᠄ ᠲᠣᠲᠣᠷᠬᠠᠢ ᠦᠭᠡᠢ