ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/12
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ  ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶  ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ︾ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃                          ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 6 ᠰᠠᠷ᠎ᠠ ᠶᠢᠨ 28 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶      ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ  ᠬᠡᠷᠡᠭᠵᠢᠭᠦᠯᠬᠦ ᠨᠠᠷᠢᠨ ᠳᠦᠷᠢᠮ        ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠬᠤᠲᠠ ᠰᠢᠶᠠᠨ ᠰᠢᠶᠠᠩ ᠭᠤᠷᠪᠠᠨ ᠱᠠᠲᠤ ᠶᠢ ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠵᠢᠷᠤᠮᠵᠢᠯ ᠲᠠᠢ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠵᠡᠷᠭᠡ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠢ ᠨᠢᠭᠡᠳᠦᠯᠲᠡᠢ ᠤᠳᠤᠷᠢᠳᠤᠨ᠎ᠠ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠤᠰ ᠱᠠᠲᠤᠨ ᠤ ᠠᠷᠠᠳ  ᠤᠨ  ᠵᠠᠰᠠᠭ  ᠤᠨ  ᠣᠷᠳᠣᠨ  ᠤ  ᠵᠠᠰᠠᠭ  ᠵᠠᠬᠢᠷᠭᠠᠨ  ᠤ  ᠬᠠᠤᠯᠢ  ᠬᠡᠷᠡᠭᠵᠢᠭᠦᠯᠬᠦ  ᠶᠢ  ᠵᠣᠬᠢᠴᠠᠭᠤᠯᠵᠤ  ᠬᠢᠨᠠᠯᠲᠠ  ᠲᠠᠯᠪᠢᠬᠤ  ᠪᠠᠶᠢᠭᠤᠯᠤᠮᠵᠢ  ᠪᠣᠯᠬᠤ  ᠲᠤᠯᠠ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠵᠤ ᠬᠢᠨᠠᠯᠲᠠ ᠲᠠᠯᠪᠢᠬᠤ ᠠᠵᠢᠯ ᠢ ᠪᠣᠳᠠᠲᠠᠢ ᠬᠠᠷᠢᠭᠤᠴᠠᠬᠤ ᠶᠢᠨ ᠬᠠᠮᠲᠤ ᠳᠡᠭᠡᠳᠦ ᠱᠠᠲᠤᠨ  ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ  ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰ ᠱᠠᠲᠤᠨ ᠤ ᠠᠷᠠᠳ  ᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠪᠣᠯ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠪᠣᠯᠬᠤ ᠲᠤᠯᠠ᠂ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠠᠵᠢᠯ  ᠢ ᠪᠣᠳᠠᠲᠠᠢ ᠬᠠᠷᠢᠭᠤᠴᠠᠬᠤ ᠶᠢᠨ ᠬᠠᠮᠲᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃      ᠬᠤᠲᠠ᠂ ᠬᠤᠰᠢᠭᠤ ᠰᠢᠶᠠᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠴᠠᠩᠭᠤᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠢ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠣᠬᠢᠴᠠᠩᠭᠤᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠢ᠃      ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠬᠤᠲᠠ ᠶᠢᠨ ᠨᠢᠭᠡᠳᠦᠯᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠬᠢᠨᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠢᠶᠠᠷᠬᠤ ᠶᠢ ᠬᠠᠷᠢᠭᠤᠴᠠᠨ᠎ᠠ᠃ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠵᠣᠯᠭᠠᠭᠤᠯᠤᠨ ᠬᠡᠷᠡᠭᠯᠡᠵᠦ᠂ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠪᠠ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠪᠠ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠲᠡᠭᠦᠯᠳᠡᠷᠵᠢᠭᠦᠯᠬᠦ ᠬᠡᠷᠡᠭᠲᠡᠢ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠬᠤᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠵᠦᠢᠯ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃      ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ      ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠬᠤ ᠵᠦᠢᠯᠡᠰ ᠲᠤ ᠭᠤᠣᠯᠳᠠᠭᠤ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠨᠡᠶᠢᠳᠡᠮ ᠤᠨ ᠴᠢᠨᠠᠷᠲᠠᠢ ᠴᠢᠬᠤᠯᠠ ᠴᠢᠨᠠᠷ ᠢ ᠵᠣᠬᠢᠴᠠᠭᠤᠯᠬᠤ ᠠᠰᠠᠭᠤᠳᠠᠯ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠵᠢᠯᠴᠠᠭ᠎ᠠ ᠶᠢ ᠠᠬᠢᠭᠤᠯᠤᠨ᠎ᠠ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠡᠭᠦᠰᠦᠭᠰᠡᠨ ᠮᠠᠷᠭᠤᠯᠳᠤᠭᠠᠨ ᠢ ᠵᠣᠬᠢᠴᠠᠭᠤᠯᠤᠨ᠎ᠠ︔      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠲᠣᠭᠲᠠᠭᠠᠬᠤ᠂ ᠡᠷᠡᠭᠦᠦ ᠶᠢᠨ ᠬᠡᠷᠡᠭ ᠤᠨ ᠬᠠᠤᠯᠢ ᠪᠠᠷᠢᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠵᠢᠯ ᠯᠤᠭ᠎ᠠ ᠵᠣᠯᠭᠠᠭᠤᠯᠤᠨ ᠬᠠᠮᠵᠢᠯᠴᠠᠬᠤ ᠶᠢ ᠠᠬᠢᠭᠤᠯᠤᠨ᠎ᠠ︔      ︵ᠲᠠᠪᠤ︶ ᠬᠠᠤᠯᠢ ᠶᠣᠰᠣᠭᠠᠷ ᠵᠣᠬᠢᠴᠠᠭᠤᠯᠬᠤ ᠴᠢᠬᠤᠯᠠᠲᠠᠢ ᠪᠤᠰᠤᠳ ᠵᠦᠢᠯᠡᠰ᠃      ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠵᠣᠬᠢᠴᠠᠭᠤᠯᠬᠤ ᠠᠵᠢᠯ ᠤᠨ ᠳᠤᠮᠳᠠᠬᠢ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠠᠪᠲᠠᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠳᠤᠮᠳᠠᠬᠢ ᠲᠦᠭᠡᠮᠡᠯ ᠴᠢᠨᠠᠷᠲᠠᠢ ᠴᠢᠬᠤᠯᠠ ᠴᠢᠨᠠᠷ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃      ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠮᠠᠷᠭᠤᠯᠳᠤᠭᠠᠨ ᠭᠠᠷᠪᠠᠯ᠂ ᠬᠠᠤᠯᠢ ᠶᠣᠰᠣᠭᠠᠷ ᠰᠠᠨᠠᠭᠠᠴᠢᠯᠠᠭ᠎ᠠ  ᠠᠴᠠ ᠪᠠᠨ ᠵᠥᠪᠳᠡᠯᠴᠡᠨ ᠰᠢᠢᠳᠪᠦᠷᠢᠯᠡᠬᠦ ᠬᠡᠷᠡᠭᠲᠡᠢ᠃ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠴᠠᠭᠤᠯᠤᠨ᠎ᠠ︔ ᠵᠣᠬᠢᠴᠠᠭᠤᠯᠤᠭᠠᠳ ᠰᠠᠨᠠᠯ ᠨᠢᠭᠡᠳᠴᠦ ᠳᠡᠶᠢᠯᠬᠦ ᠦᠭᠡᠢ ᠪᠠᠶᠢᠪᠠᠯ᠂ ᠵᠣᠬᠢᠴᠠᠭᠤᠯᠬᠤ ᠶᠢ ᠬᠠᠷᠢᠭᠤᠴᠠᠬᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠠᠨᠠᠯ ᠳᠤᠷᠠᠳᠴᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ︔  ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠣᠭᠲᠠᠭᠠᠬᠤ ᠡᠷᠬᠡ  ᠦᠭᠡᠢ ᠪᠣᠯ ᠲᠣᠭᠲᠠᠭᠠᠬᠤ ᠡᠷᠬᠡ ᠲᠠᠢ ᠪᠠᠶᠢᠭᠤᠯᠤᠯᠭ᠎ᠠ ᠳᠤ ᠮᠡᠳᠡᠭᠦᠯᠵᠦ ᠰᠢᠢᠳᠪᠦᠷᠢᠯᠡᠭᠦᠯᠦᠨ᠎ᠡ᠃      ᠳᠣᠯᠣᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠲᠣᠭᠲᠠᠭᠠᠬᠤ᠂ ᠬᠢᠨᠠᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ ᠯᠤᠭ᠎ᠠ ᠶᠢᠨ ᠠᠵᠢᠯ ᠤᠨ ᠵᠣᠯᠭᠠᠭᠤᠯᠤᠯᠲᠠ ᠪᠠᠨ ᠴᠢᠩᠭᠠᠳᠬᠠᠵᠤ᠂ ᠠᠰᠠᠭᠤᠳᠠᠯ ᠢ ᠲᠤᠰᠬᠠᠬᠤ᠂ ᠬᠡᠷᠡᠭ ᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠶᠢ ᠰᠣᠯᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠬᠠᠮᠢᠶ᠎ᠠ ᠪᠦᠬᠦᠢ ᠠᠵᠢᠯ ᠤᠨ ᠬᠠᠮᠵᠢᠯᠴᠠᠨ ᠬᠠᠮᠵᠢᠯᠴᠠᠬᠤ ᠶᠢ ᠴᠢᠩᠭᠠᠷᠠᠭᠤᠯᠬᠤ ᠬᠡᠷᠡᠭᠲᠡᠢ᠃      ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ      ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠤᠣᠯ ᠠᠭᠤᠯᠭ᠎ᠠ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ᠎ᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠭᠰᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠥᠬᠦ ᠶᠠᠪᠤᠴᠠ ᠶᠢ ᠲᠡᠮᠳᠡᠭᠯᠡᠭᠰᠡᠨ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠵᠦᠢᠯᠡᠰ ︵ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︶ ᠢ ᠨᠠᠶᠢᠷᠠᠭᠤᠯᠤᠨ ᠵᠣᠬᠢᠶᠠᠵᠤ ᠲᠣᠬᠢᠷᠠᠭᠤᠯᠤᠨ ᠢᠯᠡ ᠪᠣᠯᠭᠠᠭᠰᠠᠨ᠂ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠳᠠᠩᠰᠠᠯᠠᠯᠲᠠ ᠬᠢᠭᠰᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠳᠦᠷᠢᠮ ᠢ ᠲᠣᠭᠲᠠᠭᠠᠭᠰᠠᠨ ᠵᠢᠴᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠪᠠᠭᠲᠠᠨ᠎ᠠ︔      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠢᠯᠭᠠᠷᠠᠭᠤᠯᠬᠤ ᠪᠠ ᠨᠤᠲᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︵ᠬᠢᠨᠠᠯᠲᠠ ᠲᠠᠯᠪᠢᠬᠤ︶ ᠠᠵᠢᠯᠲᠠᠨ ᠤ ᠬᠢᠷᠢ ᠬᠡᠮ ᠤᠨ ᠭᠡᠷᠡᠴᠢᠯᠡᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠬᠢᠨᠠᠨ ᠬᠠᠮᠢᠶᠠᠷᠤᠨ᠎ᠠ︔      ︵ᠵᠢᠷᠭᠤᠭ᠎ᠠ︶ ᠵᠢᠷᠤᠮᠵᠢᠯ ᠤᠨ ᠴᠢᠨᠠᠷᠲᠠᠢ ᠪᠢᠴᠢᠭ  ᠮᠠᠲ᠋ᠧᠷᠢᠶᠠᠯ ᠤᠨ ᠬᠠᠤᠯᠢ ᠶᠣᠰᠣᠨ ᠤ  ᠴᠢᠨᠠᠷ ᠪᠣᠯᠣᠨ ᠲᠣᠬᠢᠷᠠᠮᠵᠢᠲᠤ ᠴᠢᠨᠠᠷ ᠢ ᠬᠢᠨᠠᠨ ᠪᠠᠶᠢᠴᠠᠭᠠᠬᠤ︔      ︵ᠳᠣᠯᠤᠭ᠎ᠠ︶ ᠵᠠᠰᠠᠭ  ᠵᠠᠬᠢᠷᠭᠠᠨ  ᠤ  ᠬᠠᠤᠯᠢ  ᠬᠡᠷᠡᠭᠵᠢᠭᠦᠯᠦᠯᠲᠡ  ᠶᠢᠨ  ᠪᠠᠶᠢᠴᠠᠭᠠᠯᠲᠠ  ᠶᠢ   ᠵᠣᠬᠢᠶᠠᠨ ᠪᠠᠶᠢᠭᠤᠯᠵᠤ᠂  ᠵᠢᠯᠤᠭᠤᠳᠬᠤ  ᠪᠠ ᠲᠡᠭᠦᠨ   ᠳᠤ  ᠣᠷᠣᠯᠴᠠᠵᠤ᠂ ᠪᠣᠳᠠᠲᠠᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ ᠪᠠ ᠵᠣᠬᠢᠰᠲᠠᠢ ᠴᠢᠨᠠᠷ ᠢ ᠬᠢᠨᠠᠨ ᠪᠠᠶᠢᠴᠠᠭᠠᠨ᠎ᠠ︔ ᠬᠠᠤᠯᠢ ᠠᠴᠠ ᠵᠥᠷᠢᠴᠡᠭᠰᠡᠨ᠂ ᠵᠦᠢ ᠵᠣᠬᠢᠰ  ᠦᠭᠡᠢ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠵᠠᠯᠠᠷᠠᠭᠤᠯᠤᠨ᠎ᠠ︔      ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠬᠦ ᠳᠤ ᠲᠣᠬᠢᠷᠠᠭᠤᠯᠤᠯᠲᠠ ᠬᠢᠵᠦ ᠨᠡᠶᠢᠲᠡᠯᠡᠭᠰᠡᠨ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔      ︵ᠶᠢᠰᠦ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠡᠷᠡᠭᠵᠢᠭᠦᠯᠵᠦ ᠪᠠᠶᠢᠭ᠎ᠠ ᠪᠠᠭᠲᠠᠭᠠᠮᠵᠢᠲᠠᠢ ᠪᠣᠯᠭᠤᠮᠵᠢᠲᠠᠢ ᠤᠶᠠᠨ ᠵᠥᠭᠡᠯᠡᠨ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠢ ᠪᠠᠶᠢᠴᠠᠭᠠᠨ᠎ᠠ᠂ ᠡᠭᠦᠨ ᠳᠤ ︽ᠳᠥᠷᠪᠡᠨ ᠨᠠᠷᠢᠨ ᠬᠠᠭᠤᠳᠠᠰᠤ︾ ᠲᠤᠬᠠᠶᠢᠯᠠᠪᠠᠯ ᠥᠯᠥ ᠰᠢᠢᠳᠬᠡᠬᠦ ᠵᠦᠢᠯᠡᠰ᠂ ᠬᠥᠩᠭᠡᠨ ᠢᠶᠠᠷ ᠰᠢᠢᠳᠬᠡᠬᠦ ᠵᠦᠢᠯᠡᠰ᠂ ᠬᠥᠩᠭᠡᠷᠡᠭᠦᠯᠦᠨ ᠰᠢᠢᠳᠬᠡᠬᠦ ᠵᠦᠢᠯᠡᠰ ᠪᠠ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠵᠢᠴᠢ ᠨᠡᠶᠢᠲᠡᠯᠡᠵᠦ ᠬᠡᠷᠡᠭᠵᠢᠭᠦᠯᠦᠭᠰᠡᠨ ᠪᠠᠶᠢᠳᠠᠯ ᠪᠠᠭᠲᠠᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠳᠥᠷᠪᠡᠨ ᠨᠠᠷᠢᠨ ᠲᠠᠩᠰᠠ︾ ᠶᠢ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾ ᠳᠤ ᠣᠷᠣᠭᠤᠯᠤᠭᠰᠠᠨ ᠪᠠᠶᠢᠳᠠᠯ︔      ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ᠂ ᠭᠤᠣᠯᠳᠠᠯᠭ᠎ᠠ ᠲᠠᠢ ᠠᠵᠢᠯ ᠲᠥᠷᠥᠯ ᠪᠠ ᠰᠢᠨ᠎ᠡ ᠪᠠᠷ ᠪᠣᠶ ᠪᠣᠯᠤᠭᠰᠠᠨ ᠬᠦᠷᠢᠶ᠎ᠡ ᠴᠠᠷᠠᠭ᠎ᠠ ᠳᠤ ᠴᠢᠭᠯᠡᠭᠦᠯᠦᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠭᠰᠠᠨ ᠵᠡᠷᠭᠡ ᠪᠠᠶᠢᠳᠠᠯ ᠢ ᠪᠠᠶᠢᠴᠠᠭᠠᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠲᠣᠭᠲᠠᠭᠠᠭᠰᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾ ᠳᠤ ᠣᠷᠣᠭᠤᠯᠤᠭᠰᠠᠨ ᠪᠠᠶᠢᠳᠠᠯ︔      ︵ᠠᠷᠪᠠᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠠᠶᠢᠳᠠᠯᠭ᠎ᠠ ᠶᠢᠨ ᠪᠠᠶᠢᠳᠠᠯ ᠢ ᠪᠠᠶᠢᠴᠠᠭᠠᠵᠤ᠂ ᠡᠭᠦᠨ ᠳᠤ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ᠂ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠶᠢᠨ ᠭᠠᠷ ᠤᠨ ᠥᠰᠥᠭ ᠵᠢᠷᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠶᠢᠨ ᠪᠢᠴᠢᠭ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠪᠠᠶᠢᠳᠠᠯ᠂ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠵᠢᠴᠢ ᠨᠡᠶᠢᠲᠡᠯᠡᠭᠰᠡᠨ ᠪᠠᠶᠢᠳᠠᠯ᠂ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠭᠰᠠᠨ ᠪᠠ ᠵᠢᠭᠠᠨ ᠵᠢᠯᠣᠭᠤᠳᠤᠭᠰᠠᠨ ᠪᠠᠶᠢᠳᠠᠯ᠂ ᠲᠣᠭᠲᠠᠭᠠᠯ ᠢ ᠵᠥᠷᠢᠴᠡᠨ ᠡᠷᠬᠡ ᠶᠢᠨ ᠬᠡᠪᠴᠢᠶ᠎ᠡ ᠠᠴᠠ ᠪᠠᠨ ᠳᠠᠪᠠᠵᠤ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ︔      ︵ᠠᠷᠪᠠᠨ ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠢᠴᠢ ᠬᠡᠷᠡᠭᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠵᠤ᠂ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠤᠯᠤᠭᠰᠠᠨ ᠲᠠᠪᠴᠠᠩ︾ ᠤᠨ ᠬᠡᠷᠡᠭᠯᠡᠯᠲᠡ᠂ ᠬᠠᠤᠯᠢ ᠶᠣᠰᠣᠭᠠᠷ ᠢᠯᠡ ᠪᠣᠯᠭᠠᠬᠤ ᠶᠣᠰᠣᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠪᠢᠴᠢᠵᠦ ᠣᠷᠣᠭᠤᠯᠬᠤ ᠲᠠᠪᠴᠠᠩ ᠢ ᠴᠤᠭᠯᠠᠭᠤᠯᠤᠨ ᠢᠯᠡ ᠨᠡᠶᠢᠲᠡᠯᠡᠭᠰᠡᠨ᠂ ᠰᠢᠯᠵᠢᠮᠡᠯ ᠬᠠᠤᠯᠢ ᠬᠡᠷᠡᠭᠵᠢᠭᠦᠯᠦᠯᠲᠡ ᠶᠢᠨ ᠦᠵᠦᠭᠦᠷ ᠤᠨ ᠬᠡᠷᠡᠭᠯᠡᠯᠲᠡ ᠵᠡᠷᠭᠡ ᠪᠠᠶᠢᠳᠠᠯ ᠢ ᠪᠠᠭᠲᠠᠭᠠᠨ᠎ᠠ︔      ︵ᠠᠷᠪᠠᠨ ᠭᠤᠷᠪᠠ︶ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠡᠭᠦᠨ ᠳᠤ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠭᠰᠡᠨ ᠵᠢᠴᠢ ᠬᠡᠷᠡᠭᠵᠢᠭᠦᠯᠦᠭᠰᠡᠨ ᠪᠠᠶᠢᠳᠠᠯ ᠪᠠᠭᠲᠠᠨ᠎ᠠ︔      ︵ᠠᠷᠪᠠᠨ ᠳᠥᠷᠪᠡ︶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠤ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ︔      ︵ᠠᠷᠪᠠᠨ ᠲᠠᠪᠤ︶  ᠬᠠᠤᠯᠢ  ᠶᠣᠰᠣᠭᠠᠷ  ᠭᠦᠢᠴᠡᠳᠬᠡᠬᠦ  ᠶᠣᠰᠣᠲᠠᠢ  ᠵᠠᠰᠠᠭ  ᠵᠠᠬᠢᠷᠭᠠᠨ  ᠤ  ᠬᠠᠤᠯᠢ  ᠬᠡᠷᠡᠭᠵᠢᠭᠦᠯᠬᠦ  ᠳᠤ  ᠬᠢᠨᠠᠯᠲᠠ  ᠲᠠᠯᠪᠢᠬᠤ  ᠪᠤᠰᠤᠳ  ᠵᠦᠢᠯᠡᠰ  ᠤᠳ᠃       ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠡᠯᠪᠡᠷᠢ ᠳᠤ ᠭᠤᠣᠯᠳᠠᠭᠤ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠨᠡᠯᠡᠯᠲᠡ︔      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠬᠢᠨᠠᠯᠲᠠ ᠲᠠᠯᠪᠢᠬᠤ︔      ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠴᠠᠭᠠᠶ ᠬᠡᠷᠡᠭ ᠲᠤ ᠬᠢᠨᠠᠯᠲᠠ ᠲᠠᠯᠪᠢᠬᠤ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠬᠢᠨᠠᠯᠲᠠ ᠲᠠᠯᠪᠢᠬᠤ ᠠᠷᠭ᠎ᠠ ᠮᠠᠶ᠋ᠢᠭ᠃       ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠠᠭᠠᠨ᠂ ᠳᠣᠣᠷᠠᠬᠢ ᠠᠷᠭ᠎ᠠ ᠮᠠᠶ᠋ᠢᠭ ᠢ ᠠᠪᠴᠤ ᠪᠠᠶᠢᠴᠠᠭᠠᠨ ᠭᠡᠷᠡᠴᠢ ᠠᠪᠴᠤ ᠪᠣᠯᠣᠨ᠎ᠠ᠄      ︵ᠨᠢᠭᠡ︶ ᠬᠢᠨᠠᠯᠲᠠ ᠲᠠᠯᠪᠢᠭᠳᠠᠵᠤ ᠪᠠᠶᠢᠭ᠎ᠠ ᠨᠢᠭᠡᠴᠢ ᠶᠢ ᠬᠠᠤᠯᠢ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢᠶᠠᠨ ᠮᠡᠳᠡᠭᠦᠯᠬᠦ ᠪᠠᠷ ᠱᠠᠭᠠᠷᠳᠠᠬᠤ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠴᠠᠩᠭᠤᠢ ᠬᠥᠮᠥᠨ ᠪᠠ ᠪᠤᠰᠤᠳ ᠬᠠᠮᠢᠶ᠎ᠠ ᠪᠦᠬᠦᠢ ᠬᠥᠮᠥᠰ ᠠᠴᠠ ᠯᠠᠪᠯᠠᠨ ᠠᠰᠠᠭᠤᠨ᠎ᠠ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ᠂ ᠦᠵᠡᠵᠦ ᠰᠣᠨᠣᠰᠬᠤ  ᠮᠠᠲ᠋ᠧᠷᠢᠶᠠᠯ᠂  ᠡᠯᠧᠺᠲᠷᠣᠨ ᠲᠤᠭ᠎ᠠ ᠪᠠᠷᠢᠮᠲᠠ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢ ᠠᠪᠴᠤ ᠦᠵᠡᠬᠦ︔᡾      ︵ᠳᠥᠷᠪᠡ︶ ᠴᠢᠬᠤᠯᠠ ᠪᠦᠬᠦᠢ ᠳᠠᠭᠤ ᠰᠢᠩᠭᠡᠭᠡᠬᠦ᠂ ᠳᠦᠷᠰᠦ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠭᠡᠷᠡᠴᠢ ᠪᠠᠷᠢᠮᠲᠠ ᠶᠢ ᠴᠤᠭᠯᠠᠭᠤᠯᠵᠤ᠂ ᠬᠠᠮᠠᠭᠠᠯᠠᠨ ᠬᠠᠳᠠᠭᠠᠯᠠᠬᠤ︔      ︵ᠲᠠᠪᠤ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠢᠨᠠᠨ ᠲᠣᠭᠲᠠᠭᠠᠯᠭᠠᠬᠤ᠂ ᠦᠨᠡᠯᠡᠨ ᠵᠢᠱᠢᠭᠦᠯᠬᠦ᠂ ᠰᠢᠯᠭᠠᠨ ᠬᠡᠮᠵᠢᠬᠦ᠂ ᠬᠠᠶᠢᠨ ᠰᠢᠯᠭᠠᠯᠲᠠ ᠬᠢᠯᠭᠡᠬᠦ︔      ︵ᠵᠢᠷᠭᠤᠭ᠎ᠠ︶ ᠭᠡᠷᠡᠴᠢᠯᠡᠭᠡ ᠰᠣᠨᠣᠰᠬᠤ ᠬᠤᠷᠠᠯ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ︔      ︵ᠲᠤᠯᠤᠭ᠎ᠠ︶ ᠬᠠᠤᠯᠢ ᠶᠣᠰᠣᠭᠠᠷ ᠠᠪᠴᠤ ᠪᠣᠯᠬᠤ ᠪᠤᠰᠤᠳ ᠬᠢᠨᠠᠯᠲᠠ ᠲᠠᠯᠪᠢᠬᠤ ᠠᠷᠭ᠎ᠠ ᠬᠡᠮᠵᠢᠶ᠎ᠡ᠃      ᠬᠢᠨᠠᠯᠲᠠ ᠲᠠᠯᠪᠢᠭᠳᠠᠵᠤ ᠪᠠᠶᠢᠭ᠎ᠠ ᠨᠢᠭᠡᠴᠢ ᠵᠢᠴᠢ ᠲᠡᠭᠦᠨ ᠤ ᠠᠵᠢᠯᠲᠠᠨ ᠪᠠᠶᠢᠴᠠᠭᠠᠯᠲᠠ ᠳᠤ ᠬᠠᠮᠵᠢᠯᠴᠠᠵᠤ᠂ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠪᠠᠶᠢᠳᠠᠯ ᠢᠶᠠᠨ ᠦᠨᠡᠨ ᠮᠥᠨ ᠢᠶᠠᠷ ᠨᠢ ᠲᠤᠰᠬᠠᠬᠤ ᠬᠡᠷᠡᠭᠲᠡᠢ᠂ ᠲᠡᠪᠴᠢᠵᠦ᠂ ᠬᠠᠷᠰᠢᠯᠠᠵᠤ ᠪᠣᠯᠬᠤ ᠦᠭᠡᠢ᠃      ᠠᠷᠪᠠᠨ ᠨᠢᠭᠡᠳᠦᠭᠡᠷ ᠵᠦᠢᠯ ᠬᠤᠳᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ  ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠪᠠᠶᠢᠴᠠᠭᠠᠬᠤ ᠳᠤᠮᠳᠠ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠬᠢᠭᠡᠳ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠨ᠂ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠥᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠪᠠᠶᠢᠴᠠᠭᠠᠬᠤ ᠳᠤᠮᠳᠠ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠡᠭᠡᠷ᠎ᠡ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃      ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠨᠠᠶᠢᠳᠠᠯᠭ᠎ᠠ ᠬᠦᠯᠢᠶᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠨᠠᠶᠢᠳᠠᠯᠭ᠎ᠠ ᠬᠦᠯᠢᠶᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ  ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠳᠡᠭᠡᠳᠦ ᠱᠠᠲᠤᠨ  ᠠᠴᠠ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠨᠢᠭᠡ ᠵᠢᠯ ᠳᠤ ᠨᠢᠭᠡ ᠤᠳᠠᠭ᠎ᠠ ᠦᠨᠡᠯᠡᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢᠶᠠᠨ ᠪᠠᠶᠢᠴᠠᠭᠠᠬᠤ ᠶᠢ ᠥᠷᠨᠢᠭᠦᠯᠬᠦ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠦᠷ᠎ᠡ ᠳ᠋ᠦᠩ ᠢ ᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠨᠡᠯᠡᠨ ᠶᠠᠷᠢᠯᠴᠠᠵᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃      ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠪᠤᠷᠤᠭᠤ ᠶᠢ ᠵᠠᠯᠠᠷᠠᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠬᠠᠤᠯᠢ  ᠠᠴᠠ ᠵᠥᠷᠢᠴᠡᠭᠰᠡᠨ ᠪᠠ ᠵᠦᠢ ᠵᠣᠬᠢᠰ ᠦᠭᠡᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢᠨ ᠪᠤᠷᠤᠭᠤ ᠶᠢ ᠵᠠᠯᠠᠷᠠᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃      ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠪᠠᠷ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠦᠨ᠎ᠡ᠃      ᠠᠷᠪᠠᠨ ᠭᠤᠷᠪᠠᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠤᠳᠤᠷᠢᠳᠤᠨ᠎ᠠ᠃      ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠠᠵᠢᠯ ᠤᠨ ᠬᠡᠷᠡᠭᠵᠢᠭᠦᠯᠦᠭᠳᠡᠬᠦ ᠶᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠦᠨᠡᠯᠡᠨ ᠶᠠᠷᠢᠯᠴᠠᠵᠤ ᠬᠢᠨᠠᠨ ᠰᠢᠯᠭᠠᠬᠤ ᠶᠢ ᠢᠯᠡ᠂ ᠡᠷᠬᠡ ᠲᠡᠭᠰᠢ᠂ ᠲᠥᠪ ᠭᠤᠥᠯᠴᠢ ᠪᠠᠷ ᠶᠠᠪᠤᠭᠳᠠᠭᠤᠯᠬᠤ ᠬᠡᠷᠡᠭᠲᠡᠢ ᠪᠥᠭᠡᠳ ᠣᠯᠠᠨ ᠨᠡᠶᠢᠲᠡ ᠶᠢᠨ ᠰᠠᠨᠠᠯ ᠢ ᠰᠣᠨᠣᠰᠬᠤ ᠬᠡᠷᠡᠭᠲᠡᠢ᠃ ᠦᠨᠡᠯᠡᠨ ᠶᠠᠷᠢᠯᠴᠠᠵᠤ ᠬᠢᠨᠠᠨ ᠰᠢᠯᠭᠠᠬᠤ  ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠦᠨᠡᠯᠡᠨ ᠶᠠᠷᠢᠯᠴᠠᠵᠤ ᠬᠢᠨᠠᠨ ᠰᠢᠯᠭᠠᠭᠰᠠᠨ ᠦᠷ᠎ᠡ ᠳ᠋ᠦᠩ ᠢᠶᠠᠨ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠢᠳᠡᠭᠡᠨ ᠪᠠ ᠡᠮ ᠤᠨ ᠵᠦᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠠᠶᠤᠯ ᠦᠭᠡᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠲᠣᠭᠤᠷᠢᠨ ᠳᠤ ᠲᠤᠰᠬᠠᠢ ᠬᠢᠨᠠᠯᠲᠠ ᠲᠠᠯᠪᠢᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠲᠦᠮᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠳᠤ ᠣᠷᠣᠯᠴᠠᠬᠤ ᠠᠷᠭ᠎ᠠ ᠵᠠᠮ ᠪᠠ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃      ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠡᠯ᠎ᠡ ᠭᠠᠵᠠᠷ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠤᠶᠤ ᠲᠣᠰ ᠰᠠᠯᠠᠭ᠎ᠠ ᠮᠥᠴᠢᠷ ᠤᠨ ᠢᠶᠠᠨ ᠠᠯᠪᠠᠨ ᠤ ᠰᠦᠯᠵᠢᠶᠡᠨ ᠳᠡᠭᠡᠷ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠭᠠᠯᠳᠤᠯᠭ᠎ᠠ ᠶᠢᠨ ᠳ᠋ᠢᠶᠠᠩᠬᠤᠸᠠ᠂ ᠡᠯᠧᠺᠲᠷᠣᠨ ᠰᠢᠤᠳᠠᠨ ᠤ ᠬᠠᠶᠢᠷᠴᠠᠭ ᠢ ᠢᠯᠡ ᠨᠡᠶᠢᠲᠡᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠰᠢᠢᠳᠪᠦᠷᠢᠯᠡᠨ᠎ᠡ᠃      ᠠᠷᠪᠠᠨ ᠵᠢᠷᠭᠤᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠬᠠᠢ ᠶᠢᠨ ᠲᠠᠯᠠᠪᠤᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠬᠡᠷᠡᠭᠵᠢᠭᠦᠯᠬᠦ ᠦᠶ᠎ᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠨᠢ ᠬᠤᠶᠠᠷ ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ ᠪᠥᠭᠡᠳ ᠬᠦᠴᠦᠨ ᠪᠦᠬᠦᠢ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃      ᠠᠷᠪᠠᠨ ᠳᠣᠯᠣᠳᠤᠭᠠᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢ ᠤᠷᠢᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠣᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠦᠨᠡᠮᠯᠡᠯ ᠢᠶᠠᠨ ᠠᠪᠴᠤ᠂ ᠲᠡᠭᠦᠨ ᠤ ᠤᠷᠢᠨ ᠲᠣᠮᠢᠯᠠᠭᠰᠠᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠨ ᠬᠢᠨᠠᠨ ᠪᠠᠶᠢᠴᠠᠭᠠᠬᠤ ᠪᠠ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠳᠡᠩᠰᠡᠯᠡᠨ ᠲᠡᠮᠳᠡᠭᠯᠡᠬᠦ ᠶᠢᠨ ᠵᠢᠯᠣᠭᠤᠳᠤᠯᠭ᠎ᠠ ᠪᠠ ᠬᠢᠨᠠᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠳᠦᠷᠢᠮᠵᠢᠯᠲᠡ ᠵᠢᠷᠦᠮᠵᠢᠯᠲᠡ ᠶᠢ ᠠᠬᠢᠭᠤᠯᠤᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠪᠠ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠳᠡᠩᠰᠡᠯᠡᠨ ᠲᠡᠮᠳᠡᠭᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠠᠤᠯᠢ ᠪᠠᠷ ᠵᠠᠰᠠᠬᠤ ᠪᠠᠶᠠᠨᠨᠠᠭᠤᠷ ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ︾ ᠢᠶᠠᠷ ᠳᠠᠮᠵᠢᠭᠤᠯᠤᠨ ᠳᠡᠩᠰᠡᠯᠡᠨ ᠲᠡᠮᠳᠡᠭᠯᠡᠬᠦ ᠬᠡᠷᠡᠭᠲᠡᠢ᠃      ᠠᠷᠪᠠ ᠶᠢᠰᠦᠳᠦᠭᠡᠷ ᠵᠦᠢᠯ ᠪᠠᠭᠲᠠᠭᠠᠮᠵᠢᠲᠠᠢ ᠪᠣᠯᠭᠤᠮᠵᠢᠲᠠᠢ ᠤᠶᠠᠨ ᠵᠥᠭᠡᠯᠡᠨ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠳᠦᠷᠢᠮᠵᠢᠭᠦᠯᠦᠨ᠎ᠡ᠃      ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠᠭᠲᠠᠭᠠᠮᠵᠢᠲᠠᠢ ᠪᠣᠯᠭᠤᠮᠵᠢᠲᠠᠢ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ ᠵᠠᠰᠠᠭ ᠵᠠᠬᠢᠷᠭᠠᠨ ᠤ   ᠰᠢᠢᠳᠬᠡᠯ  ᠢ  ᠬᠡᠷᠡᠭᠵᠢᠭᠦᠯᠬᠦ  ᠳᠤ ᠴᠢᠭᠯᠡᠭᠦᠯᠦᠨ  ︽ᠰᠢᠢᠳᠬᠡᠯ  ᠥᠯᠥ ᠥᠭᠬᠦ  ᠵᠦᠢᠯᠡᠰ  ᠤᠨ  ᠲᠣᠳᠣᠷᠬᠠᠢ  ᠬᠠᠭᠤᠳᠠᠰᠤ︾ ᠂  ︽ᠬᠥᠩᠭᠡᠨ ᠢᠶᠠᠷ ᠰᠢᠢᠳᠬᠡᠬᠦ  ᠵᠦᠢᠯᠡᠰ ᠤᠨ ᠲᠣᠳᠣᠷᠬᠠᠢ ᠬᠠᠭᠤᠳᠠᠰᠤ︾ ᠪᠠ ︽ᠬᠥᠩᠭᠡᠷᠡᠭᠦᠯᠦᠨ  ᠰᠢᠢᠳᠬᠡᠬᠦ ᠵᠦᠢᠯᠡᠰ ᠤᠨ ᠲᠣᠳᠣᠷᠬᠠᠢ ᠬᠠᠭᠤᠳᠠᠰᠤ︾ ᠶᠢ ᠲᠣᠭᠲᠠᠭᠠᠬᠤ ᠬᠡᠷᠡᠭᠲᠡᠢ︔ ᠵᠠᠰᠠᠭ ᠵᠠᠬᠢᠷᠭᠠᠨ ᠤ ᠠᠯᠪᠠᠳᠠᠯᠭ᠎ᠠ ᠳᠤ ᠴᠢᠭᠯᠡᠭᠦᠯᠦᠨ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠦᠯᠦ ᠬᠡᠷᠡᠭᠵᠢᠭᠦᠯᠬᠦ ᠵᠦᠢᠯᠡᠰ ᠤᠨ ᠲᠣᠳᠣᠷᠬᠠᠢ ᠬᠠᠭᠤᠳᠠᠰᠤ︾ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠪᠡ᠃      ᠬᠤᠷᠢᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠳᠡᠭᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠱᠠᠮᠰᠢᠵᠤ ᠬᠡᠭᠡᠯᠢ ᠢᠳᠡᠵᠦ ᠬᠠᠭ᠋ᠤᠤᠯᠢ ᠲᠦᠯᠬᠢᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠡᠷᠬᠡ ᠲᠤᠰᠢᠶᠠᠯ ᠢᠶᠠᠨ ᠠᠰᠢᠭᠯᠠᠨ ᠬᠠᠤᠯᠢ  ᠠᠴᠠ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠢᠨᠠᠨ ᠪᠠᠶᠢᠴᠠᠭᠠᠬᠤ ᠪᠠᠶᠢᠭᠤᠯᠭ᠎ᠠ  ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠬᠠᠤᠯᠢ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠶᠢᠨ ᠰᠢᠢᠳᠪᠦᠷᠢᠯᠡᠬᠦ ᠶᠣᠰᠣᠲᠠᠢ ᠵᠦᠢᠯᠡᠰ ᠢ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ︔ ᠬᠤᠯᠪᠣᠭᠳᠠᠯ ᠪᠦᠬᠦᠢ ᠪᠠᠶᠢᠭᠤᠯᠭ᠎ᠠ ᠰᠢᠢᠳᠪᠦᠷᠢᠯᠡᠭᠰᠡᠨ ᠤ ᠳᠠᠷᠠᠭ᠎ᠠ᠂ ᠰᠢᠢᠳᠪᠦᠷᠢᠯᠡᠭᠰᠡᠨ ᠪᠠᠶᠢᠳᠠᠯ ᠢᠶᠠᠨ ᠰᠢᠢᠳᠪᠦᠷᠢᠯᠡᠭᠰᠡᠨ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠤᠨ ᠳᠤᠮᠳᠠᠬᠢ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠲᠣᠪᠣᠶᠢᠮ᠎ᠠ ᠪᠠᠶᠢᠵᠤ᠂ ᠴᠢᠬᠤᠯᠠ ᠶᠡᠭᠡ ᠨᠥᠯᠥᠭᠡ ᠭᠠᠷᠭᠠᠭᠰᠠᠨ ᠢ ᠣᠯᠵᠤ ᠮᠡᠳᠡᠪᠡᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠪᠣᠯᠣᠨ᠎ᠠ᠃      ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠬᠦ ᠶᠠᠪᠤᠴᠠ ᠳᠠᠭᠠᠨ ᠬᠠᠤᠯᠢ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ  ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠪᠢᠴᠢᠭ ᠬᠠᠷ᠎ᠠ ᠶᠠᠪᠤᠭᠤᠯᠬᠤ ᠬᠡᠷᠡᠭᠲᠡᠢ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠪᠢᠴᠢᠭ ᠬᠠᠷ᠎ᠠ ᠶᠢ ᠣᠯᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠢᠢᠳᠪᠦᠷᠢᠯᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠢᠴᠢᠭ ᠬᠠᠷ᠎ᠠ ᠭᠠᠷᠭᠠᠭᠰᠠᠨ ᠬᠢᠨᠠᠯᠲᠠ ᠲᠠᠯᠪᠢᠬᠤ ᠪᠠᠶᠢᠭᠤᠯᠤᠮᠵᠢ  ᠠᠴᠠ ᠬᠠᠤᠯᠢ  ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢᠨ ᠰᠢᠨᠵᠢ ᠴᠢᠨᠠᠷ᠂ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ︾ ᠤᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠬᠦᠴᠦᠨ ᠢ ᠨᠢᠭᠡᠳᠦᠯᠲᠡᠢ ᠲᠥᠯᠥᠪᠯᠡᠵᠦ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠵᠢᠴᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠢ᠃      ᠬᠠᠤᠯᠢ ᠴᠠᠭᠠᠵᠠ ᠶᠢᠨ ᠭᠠᠵᠠᠷ ᠨᠢ ᠰᠤᠮᠤ ᠰᠢᠶᠠᠩ ᠪᠠᠯᠭᠠᠰᠤ ᠶᠢᠨ ᠠᠷᠠᠳ  ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠣᠮᠢᠯᠠᠨ ᠰᠠᠭᠤᠯᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠳᠤ ᠡᠳᠦᠷ ᠲᠤᠳᠤᠮ  ᠤᠨ  ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ᠃      ᠬᠠᠤᠯᠢ ᠴᠠᠭᠠᠵᠠ ᠶᠢᠨ ᠭᠠᠵᠠᠷ ᠨᠢ ᠬᠠᠤᠯᠢ ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠢᠴᠢᠭ ᠬᠠᠷ᠎ᠠ ᠭᠠᠷᠭᠠᠵᠤ ᠥᠭᠬᠦ ᠴᠢᠬᠤᠯᠠ ᠲᠠᠢ ᠪᠣᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠡᠪᠰᠢᠭᠦᠯᠦᠨ ᠰᠢᠢᠳᠪᠦᠷᠢᠯᠡᠭᠦᠯᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ  ᠶᠢ ᠲᠤᠰ ᠱᠠᠲᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠯᠲᠠ ᠶᠢᠨ ᠬᠢᠨᠠᠯᠲᠠ ᠲᠠᠯᠪᠢᠯᠲᠠ᠂ ᠪᠠᠶᠢᠴᠠᠭᠠᠬᠤ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠵᠢᠴᠢ ᠨᠡᠶᠢᠭᠡᠮ ᠤᠨ ᠬᠢᠨᠠᠯᠲᠠ ᠲᠠᠯᠪᠢᠯᠲᠠ ᠯᠤᠭ᠎ᠠ ᠣᠷᠭᠠᠨᠢᠭ ᠢᠶᠠᠷ ᠬᠠᠷᠢᠯᠴᠠᠨ ᠬᠠᠤᠯᠢ ᠪᠠᠷ ᠵᠠᠰᠠᠬᠤ ᠶᠡᠭᠡ ᠬᠢᠨᠠᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃      ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠲᠣᠰ ᠰᠢᠰᠲ᠋ᠧᠮ ᠤᠨ ᠢᠶᠠᠨ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠪᠠ ᠬᠢᠨᠠᠯᠲᠠ ᠲᠠᠯᠪᠢᠬᠤ ᠠᠵᠢᠯᠲᠠᠨ ᠢ ᠲᠣᠳᠣᠷᠬᠠᠶᠢᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠶᠢ ᠬᠠᠤᠯᠢ ᠶᠣᠰᠣᠭᠠᠷ ᠬᠡᠷᠡᠭᠵᠢᠭᠦᠯᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠪᠠᠨ ᠵᠣᠬᠢᠴᠠᠩᠭᠤᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠰᠢᠢᠳᠪᠦᠷᠢᠯᠡᠬᠦ ᠶᠣᠰᠣᠲᠠᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠢ᠃ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠪᠠᠨ ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠢᠢᠳᠪᠦᠷᠢᠯᠡᠬᠦ ᠶᠣᠰᠣᠲᠠᠢ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠢ᠃      ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠡᠷᠡᠭ ᠢ ᠰᠢᠯᠵᠢᠭᠦᠯᠦᠨ ᠬᠦᠷᠭᠡᠬᠦ ᠪᠠ ᠪᠠᠶᠢᠴᠠᠭᠠᠨ ᠰᠢᠢᠳᠪᠦᠷᠢᠯᠡᠬᠦ ᠶᠠᠪᠤᠴᠠ ᠳᠠᠬᠢ ᠵᠣᠯᠭᠠᠭᠤᠯᠵᠤ ᠬᠠᠮᠵᠢᠯᠴᠠᠭᠰᠠᠨ ᠪᠠᠶᠢᠳᠠᠯ ᠳᠤ ᠵᠣᠬᠢᠴᠠᠭᠤᠯᠤᠨ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃      ᠳᠥᠷᠪᠡᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ      ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ︾ ᠢ ᠵᠥᠷᠢᠴᠡᠭᠰᠡᠨ ᠦᠶᠯᠡ ᠠᠵᠢᠯᠯᠠᠭ᠎ᠠ ᠶᠢ ᠲᠣᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠤᠷᠢᠨ ᠨᠠᠢᠮᠠᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ