ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ  ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021  ᠠᠴᠠ 2035 ᠣᠨ︶﹀ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/12
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ  ︿ᠮᠡᠳᠡᠯᠭᠡ  ᠶᠢᠨ  ᠪᠦᠲᠦᠭᠡᠭᠳᠡᠬᠦᠨ  ᠤ  ᠥᠮᠴᠢᠯᠡᠬᠦ  ᠡᠷᠬᠡ  ᠶᠢᠨ  ᠬᠦᠴᠦᠷᠬᠡᠭ  ᠤᠯᠤᠰ  ᠤᠨ  ᠪᠦᠲᠦᠭᠡᠨ  ᠪᠠᠶᠢᠭᠤᠯᠤᠯᠲᠠ  ᠶᠢᠨ  ᠬᠥᠲᠥᠯᠪᠦᠷᠢ  ︵2021  ᠠᠴᠠ 2035 ᠣᠨ︶﹀ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠢ᠃                       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                           2023 ᠣᠨ 7 ᠰᠠᠷ᠎ᠠ ᠶᠢᠨ 3 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶      ᠪᠠᠶᠠᠨᠨᠠᠭᠤᠷ ᠬᠤᠲᠠ ᠶᠢᠨ ︽ᠮᠡᠳᠡᠯᠭᠡ  ᠶᠢᠨ  ᠪᠦᠲᠦᠭᠡᠭᠳᠡᠬᠦᠨ  ᠤ ᠥᠮᠴᠢᠯᠡᠬᠦ  ᠡᠷᠬᠡ  ᠶᠢᠨ ᠬᠦᠴᠦᠷᠬᠡᠭ  ᠤᠯᠤᠰ  ᠢ  ᠪᠦᠲᠦᠭᠡᠨ  ᠪᠠᠶᠢᠭᠤᠯᠬᠤ  ᠬᠥᠲᠥᠯᠪᠦᠷᠢ ︵2021  ᠠᠴᠠ 2035 ᠣᠨ︶︾ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021  ᠠᠴᠠ 2035 ᠣᠨ︶︾ ᠪᠠ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ᠠᠴᠠ 2035 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ ᠪᠣᠯᠬᠤ ᠳᠤ᠂ ᠬᠠᠮᠲᠤ ᠶᠢᠨ ᠲᠠᠸᠠᠷ ᠤᠨ ᠲᠡᠮᠳᠡᠭ ᠢ 120 ᠬᠤᠪᠢ ᠳᠤ ᠬᠦᠷᠦᠭᠦᠯᠵᠦ᠂ ᠭᠠᠵᠠᠷ ᠵᠦᠢ ᠶᠢᠨ ᠲᠡᠮᠳᠡᠭ ᠤᠨ ᠲᠤᠭ᠎ᠠ ᠬᠡᠮᠵᠢᠶ᠎ᠡ ᠶᠢ 28 ᠬᠤᠪᠢ ᠳᠤ ᠬᠦᠷᠦᠭᠦᠯᠵᠦ᠂ 4 ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠣᠶ ᠪᠣᠯᠭᠠᠵᠤ᠂ ᠲᠦᠮᠡᠨ ᠬᠥᠮᠥᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ 0.78 ᠬᠤᠪᠢ ᠳᠤ ᠬᠦᠷᠦᠭᠦᠯᠵᠦ᠂ ᠬᠡᠪᠯᠡᠯ ᠤᠨ ᠡᠷᠬᠡ ᠶᠢᠨ ᠪᠦᠲᠦᠭᠡᠯ ᠤᠨ ᠳᠠᠩᠰᠠᠯᠠᠯᠲᠠ ᠶᠢ ᠨᠡᠶᠢᠲᠡ 1000 ᠬᠤᠪᠢ ᠳᠤ ᠬᠦᠷᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠵᠤ ᠪᠡᠯᠡ ᠲᠣᠬᠢᠷᠠᠭᠤᠯᠬᠤ ᠵᠣᠭᠤᠰ ᠤᠨ ᠲᠤᠭ᠎ᠠ ᠶᠢ ᠨᠡᠶᠢᠲᠡ 7 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ 2035 ᠣᠨ ᠪᠣᠯᠬᠤ ᠳᠤ᠂ ᠪᠥᠬᠦ ᠬᠤᠲᠠ ᠳᠤ ᠡᠭᠦᠳᠦᠨ ᠪᠦᠲᠦᠭᠡᠵᠦ ᠴᠣᠯᠭᠤᠷᠠᠨ ᠭᠠᠷᠤᠭᠰᠠᠨ᠂ ᠬᠠᠮᠠᠭᠠᠯᠠᠯᠲᠠ ᠴᠢᠩᠭ᠎ᠠ᠂ ᠬᠡᠷᠡᠭᠯᠡᠯᠲᠡ ᠥᠨᠳᠥᠷ ᠪᠦᠲᠦᠮᠵᠢᠲᠡᠶ᠂ ᠦᠢᠯᠡᠴᠢᠯᠡᠭᠡ ᠰᠢᠯᠢᠳᠡᠭ ᠰᠠᠶᠢᠨ᠂ ᠨᠡᠭᠡᠭᠡᠯᠲᠡ ᠭᠦᠨᠵᠡᠭᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃      ᠨᠢᠭᠡ᠂ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ      ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠵᠢᠨ‌ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠭᠠᠵᠠᠷ ᠵᠦᠢ ᠶᠢᠨ ᠲᠡᠮᠳᠡᠭ᠂ ᠤᠷᠭᠤᠮᠠᠯ ᠤᠨ ᠰᠢᠨ᠎ᠡ ᠲᠥᠷᠥᠯ ᠵᠦᠢᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠰᠢᠨ᠎ᠡ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠶᠡᠬᠡᠪᠡᠷ ᠬᠠᠮᠠᠭᠠᠯᠠᠬᠤ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ︽ᠪᠠᠶᠠᠨᠨᠠᠭᠤᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠣᠭᠤᠰ ᠢᠶᠠᠷ ᠲᠤᠰᠠᠯᠠᠵᠤ ᠱᠠᠩᠨᠠᠬᠤ ᠠᠷᠭ᠎ᠠ︾ ᠶᠢ ᠤᠬᠠᠭᠤᠯᠤᠨ ᠲᠤᠤᠱᠯᠠᠭᠤᠯᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠳᠬᠦᠬᠦ᠂ ᠬᠥᠲᠥᠯᠥᠨ ᠵᠢᠯᠤᠭᠤᠳᠬᠤ ᠪᠠ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠤᠨ ᠪᠣᠶ ᠪᠣᠯᠭᠠᠵᠤ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠬᠤᠶᠠᠷ︶ ᠦᠢᠯᠡᠴᠢᠯᠡᠭᠡᠨ ᠤ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ᠂ ᠬᠡᠪᠯᠡᠯ ᠤᠨ ᠡᠷᠬᠡ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠨᠴᠠᠯᠢᠭᠲᠤ ᠴᠢᠳᠠᠮᠵᠢ ᠶᠢᠨ ᠳᠠᠪᠠᠭᠤᠯᠢᠭ ᠢ ᠶᠡᠷᠦᠩᠬᠡᠶᠢᠯᠡᠨ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠲᠠ ᠶᠢ ᠬᠦᠴᠦᠷᠬᠡᠭᠵᠢᠭᠦᠯᠬᠦ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠠᠵᠢᠯ ᠲᠥᠷᠥᠯ ᠥᠪᠡᠷ ᠢ ᠪᠠᠨ ᠱᠠᠭᠠᠷᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠦᠢᠯᠡᠴᠢᠯᠡᠭᠡᠨ ᠤ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠬᠤᠶᠠᠷ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠤᠯᠭᠠᠭᠤᠷᠢᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ      ︵ᠭᠤᠷᠪᠠ︶ ᠲᠥᠪ ᠭᠤᠣᠯᠴᠢ ᠡᠷᠬᠡ ᠰᠦᠷᠲᠦ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠰᠢᠭᠦᠨ ᠲᠠᠰᠤᠯᠬᠤ ᠲᠣᠭᠲᠠᠴᠠ ᠶᠢ ᠰᠢᠯᠢᠳᠡᠭᠵᠢᠭᠦᠯᠵᠦ᠂ ᠶᠠᠷᠰᠢᠭ ᠲᠦᠪᠡᠭ ᠢ ᠰᠠᠯᠭᠠᠬᠤ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠰᠢᠭᠦᠨ ᠲᠠᠰᠤᠯᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠬᠡᠷᠡᠭᠯᠡᠵᠦ᠂ ᠳᠥᠭᠦᠮ ᠬᠡᠷᠡᠭ ᠢ ᠲᠦᠷᠭᠡᠨ ᠰᠢᠭᠦᠬᠦ᠂ ᠶᠠᠷᠰᠢᠭ ᠲᠦᠪᠡᠭ ᠲᠠᠢ ᠬᠡᠷᠡᠭ ᠢ ᠨᠠᠷᠢᠯᠢᠭ ᠰᠢᠭᠦᠬᠦ ᠶᠢ ᠪᠡᠶᠡᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠡᠷᠡᠭᠦᠦ ᠶᠢᠨ ᠬᠡᠷᠡᠭ ᠤᠨ ᠡᠷᠬᠡᠲᠦ ᠬᠥᠮᠥᠨ ᠤ ᠵᠠᠷᠭᠤᠯᠳᠤᠬᠤ ᠡᠷᠬᠡ ᠡᠭᠦᠷᠭᠡ ᠶᠢ ᠮᠡᠳᠡᠭᠳᠡᠬᠦ ᠠᠵᠢᠯ ᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠳ ᠢ ᠵᠠᠯᠬᠠᠭᠠᠨ  ᠰᠢᠢᠳᠬᠡᠬᠦ ᠴᠢᠨᠠᠷᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠡᠷᠡᠭᠦᠦ  ᠰᠢᠢᠳᠬᠡᠯ ᠢ ᠵᠣᠯᠭᠠᠭᠤᠯᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠺᠦᠨᠯᠦ᠋ᠨ︾ ᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠢᠨᠵᠢᠨ ᠬᠡᠯᠪᠡᠷᠢ ᠶᠢᠨ᠂ ᠣᠷᠣᠨ ᠪᠦᠰᠡ ᠶᠢᠨ ᠴᠢᠨᠠᠷᠲᠠᠢ᠂ ᠠᠵᠤ ᠦᠢᠯᠡᠰᠵᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠪᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠲᠤᠷᠰᠢᠨ ᠪᠠᠶᠢᠴᠠᠭᠠᠬᠤ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ  ᠡᠷᠬᠡ ᠶᠢᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ︵ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠳᠥᠭᠦᠮ ᠳᠥᠲᠡ ᠥᠨᠳᠥᠷ ᠪᠦᠲᠦᠮᠵᠢᠲᠡᠶ᠂ ᠲᠥᠪ ᠴᠢᠩᠭ᠎ᠠ᠂ ᠢᠯᠡ ᠲᠣᠳᠣ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ︽ᠲᠡᠮᠦᠷ ᠨᠢᠳᠤᠷᠭ᠎ᠠ︾᠂ ︽ᠰᠡᠯᠡᠮ᠎ᠡ ᠶᠢᠨ ᠲᠣᠣᠷ︾᠂ ︽ᠯᠦᠩ ᠲᠧᠩ︾ ᠪᠠ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠵᠡᠷᠭᠡ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠷᠠᠳ ᠤᠨ ᠤᠳᠬ᠎ᠠ ᠤᠷᠠᠯᠢᠭ ᠤᠨ ᠪᠦᠲᠦᠭᠡᠯ ᠤᠨ ᠬᠡᠪᠯᠡᠯ ᠤᠨ ᠡᠷᠬᠡ ᠶᠢ ᠬᠠᠮᠠᠭᠠᠯᠠᠬᠤ ᠲᠤᠷᠰᠢᠯᠲᠠ ᠪᠠ ᠵᠥᠭᠡᠯᠡᠨ ᠬᠡᠷᠡᠭᠰᠡᠯ ᠢ ᠵᠢᠩᠬᠢᠨᠢ ᠬᠡᠪᠯᠡᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠨᠤᠲᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠮᠡᠷᠭᠡᠵᠢᠯ ᠤᠨ ᠪᠠᠶᠢᠴᠠᠭᠠᠯᠲᠠ ᠶᠢᠨ ᠲᠤᠰᠢᠶᠠᠯᠲᠠᠨ ᠤ ᠳᠦᠷᠢᠮ ᠢ ᠪᠠᠶᠢᠭᠤᠯᠵᠤ᠂ ᠬᠠᠤᠯᠢ ᠴᠠᠭᠠᠵᠠ ᠶᠢᠨ ᠰᠢᠭᠦᠨ ᠲᠠᠰᠤᠯᠤᠯᠳᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠬᠥᠨᠳᠡᠯᠡᠨ ᠠᠴᠠ ᠲᠠᠰᠤᠯᠤᠯᠲᠠ᠂ ᠡᠶᠡᠳᠡᠭᠦᠯᠭᠡ ᠵᠡᠷᠭᠡ ᠳᠤ ᠪᠥᠬᠦ ᠬᠤᠲᠠ ᠶᠢᠨ ᠬᠡᠪᠴᠢᠶᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠶᠢ ᠲᠤᠰᠠᠯᠠᠬᠤ ᠠᠵᠢᠯ ᠤᠨ ᠥᠷᠲᠡᠭᠡ ᠶᠢ ᠪᠠᠶᠢᠷᠢᠯᠠᠭᠤᠯᠤᠨ ᠪᠠᠶᠢᠭᠤᠯᠵᠤ᠂ ᠡᠷᠬᠡ ᠪᠠᠨ ᠲᠦᠷᠭᠡᠨ ᠬᠠᠮᠠᠭᠠᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠭᠤᠮᠲᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠤᠥᠯᠴᠢ ᠪᠠᠷ ᠥᠷᠢᠰᠦᠯᠳᠦᠬᠦ ᠭᠠᠳᠠᠭᠠᠳᠤ ᠠᠷᠠᠯᠵᠢᠶ᠎ᠠ ᠶᠢᠨ ᠡᠮᠬᠢ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠷᠠᠳ ᠪᠣᠭᠤᠮᠲᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠲᠠᠪᠤ︶ ᠨᠢᠭᠡᠳᠦᠯᠲᠡᠢ ᠤᠳᠤᠷᠢᠳᠤᠭᠰᠠᠨ᠂ ᠵᠣᠯᠭᠠᠭᠤᠯᠬᠤ ᠶᠢ ᠢᠯᠭᠤᠮ ᠰᠢᠯᠤᠭᠤᠨ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠵᠢᠯᠴᠠᠨ ᠬᠠᠮᠠᠭᠠᠯᠠᠬᠤ ᠪᠠᠶᠢᠷᠢᠰᠢᠯ ᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠷᠭᠡᠨ ᠬᠤᠯᠪᠤᠭᠠᠯᠠᠨ ᠬᠥᠳᠡᠯᠦᠯᠴᠡᠵᠦ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠠᠯᠪᠠᠨ ᠭᠡᠷᠡᠴᠢᠯᠡᠭᠡ ᠬᠢᠬᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠪᠠ ᠡᠷᠬᠡ ᠪᠠᠨ ᠬᠠᠮᠠᠭᠠᠯᠠᠬᠤ ᠲᠤᠰᠠᠯᠠᠮᠵᠢ ᠦᠵᠡᠭᠦᠯᠬᠦ ᠰᠢᠰᠲ᠋ᠧᠮ ᠢ ᠪᠠᠶᠢᠭᠤᠯᠵᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠪᠠᠶᠠᠨᠨᠠᠭᠤᠷ᠂  ᠬᠥᠬᠡᠬᠤᠲᠠ᠂  ᠪᠤᠭᠤᠲᠤ᠂  ᠣᠷᠳᠣᠰ᠂  ᠤᠯᠠᠭᠠᠨᠴᠠᠪ   ᠤᠨ  ︽ᠲᠠᠪᠤᠨ ᠬᠤᠲᠠ︾ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠵᠢᠯᠴᠠᠨ ᠬᠠᠮᠠᠭᠠᠯᠠᠵᠤ ᠬᠠᠮᠵᠢᠯᠴᠠᠬᠤ ᠵᠥᠪᠯᠡᠯᠴᠡᠭᠡᠷ ᠪᠣᠯᠣᠨ ᠪᠠᠶᠠᠨᠨᠠᠭᠤᠷ᠂ ᠦᠬᠠᠢ᠂ ᠠᠯᠠᠱᠠ ᠶᠢᠨ ︽ᠭᠤᠷᠪᠠᠨ ᠠᠶᠢᠮᠠᠭ ᠬᠤᠲᠠ︾ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭᠠᠨ ᠤ ᠵᠥᠪᠯᠡᠯᠴᠡᠭᠡᠷ ᠵᠢᠴᠢ ᠬᠥᠬᠡᠬᠤᠲᠠ᠂ ᠪᠠᠶᠠᠨᠨᠠᠭᠤᠷ ᠤᠨ ︽  ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠬᠠᠮᠠᠭᠠᠯᠠᠵᠤ ᠬᠠᠮᠵᠢᠯᠴᠠᠬᠤ ᠵᠥᠪᠯᠡᠯᠴᠡᠭᠡᠷ ᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ ᠶᠢᠨ ᠬᠤᠭᠤᠷᠣᠨᠳᠣᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠪᠠᠶᠢᠴᠠᠭᠠᠨ ᠭᠦᠢᠴᠡᠳᠬᠡᠬᠦ ᠳᠤ ᠬᠠᠮᠵᠢᠯᠴᠠᠬᠤ᠂ ᠬᠠᠮᠲᠤᠷᠠᠨ ᠬᠠᠤᠯᠢ ᠬᠡᠷᠡᠭᠵᠢᠭᠦᠯᠦᠨ ᠬᠠᠮᠠᠭᠠᠯᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤᠪᠠᠷ ᠭᠥᠷᠳᠡᠬᠦ ᠶᠢ ᠠᠬᠢᠭᠤᠯᠵᠤ᠂ ᠣᠷᠣᠨ ᠪᠦᠰᠡ ᠠᠯᠤᠰᠯᠠᠨ ᠰᠠᠯᠠᠭ᠎ᠠ ᠮᠥᠴᠢᠷ ᠠᠯᠤᠰᠯᠠᠨ ᠲᠦᠷᠭᠡᠨ ᠬᠠᠮᠵᠢᠯᠴᠠᠨ ᠬᠠᠮᠠᠭᠠᠯᠠᠬᠤ ᠪᠠᠶᠢᠷᠢᠰᠢᠯ ᠢ ᠪᠣᠶ ᠪᠣᠯᠭᠠᠨ᠎ᠠ᠃ ᠦᠵᠡᠭᠦᠯᠦᠯᠭᠡ ᠶᠢᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠮᠣ ᠬᠡᠯᠪᠡᠷᠢ ᠶᠢᠨ ᠦᠵᠡᠭᠦᠯᠦᠯᠭᠡ ᠶᠢᠨ ᠴᠤᠭᠯᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠩᠭᠠᠳᠬᠠᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠠᠰ ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢ ᠪᠠᠶᠢᠭᠤᠯᠤᠨ᠂ ᠲᠠᠰ ᠲᠥᠷᠥᠯ ᠬᠤᠪᠢᠶᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ︽ᠬᠥᠬᠡ ᠣᠭᠲᠠᠷᠭᠤᠢ︾ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠪᠠ ᠮᠠᠭᠤ ᠰᠠᠨᠠᠭ᠎ᠠ ᠲᠠᠢ ᠪᠠᠷ ᠲᠠᠸᠠᠷ ᠤᠨ ᠲᠡᠮᠳᠡᠭ ᠳᠠᠩᠰᠠᠯᠠᠭᠤᠯᠬᠤ ᠦᠶᠯᠡ ᠠᠵᠢᠯᠯᠠᠭ᠎ᠠ ᠳᠤ  ᠴᠢᠩᠭ᠎ᠠ ᠴᠣᠬᠢᠯᠲᠠ ᠥᠭᠭᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠰᠢᠨ᠎ᠡ ᠶᠢ ᠡᠭᠦᠳᠬᠦ ᠬᠥᠭᠵᠢᠯᠲᠡ ᠶᠢ ᠤᠷᠮᠠᠰᠢᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠪᠠᠶᠢᠭᠤᠯᠤᠮᠵᠢ ᠶᠢ ᠬᠦᠴᠦᠯᠡᠨ ᠪᠠᠶᠢᠭᠤᠯᠤᠨ᠎ᠠ      ︵ᠳᠣᠯᠤᠭ᠎ᠠ︶ ᠴᠢᠨᠠᠷ ᠰᠠᠶᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠲᠣᠭᠲᠠᠴᠠ ᠶᠢ ᠪᠠᠶᠢᠭᠤᠯᠤᠨ‌ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠲᠡᠮᠳᠡᠭ᠂ ᠲᠤᠰᠬᠠᠢ ᠠᠰᠢᠭ᠂ ᠬᠡᠪᠯᠡᠯ ᠤᠨ ᠡᠷᠬᠡ᠂ ᠭᠠᠵᠠᠷ ᠵᠦᠢ ᠶᠢᠨ ᠲᠡᠮᠳᠡᠭ ᠵᠡᠷᠭᠡ ᠣᠯᠠᠨ ᠲᠥᠷᠥᠯ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠯᠡᠮᠡᠯ ᠦᠢᠯᠡᠳᠦᠯ ᠢ ᠪᠠᠳᠠᠷᠠᠭᠤᠯᠵᠤ᠂ ᠭᠤᠣᠯ ᠪᠣᠯᠬᠤ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠨᠢᠭᠡ ᠪᠦᠯᠦᠭ ᠰᠢᠨ᠎ᠡ ᠶᠢ ᠡᠭᠦᠳᠬᠦ ᠬᠢᠷᠢ ᠬᠡᠮᠵᠢᠶ᠎ᠡ ᠪᠠᠷ ᠥᠨᠳᠥᠷ᠂ ᠡᠷᠬᠡ ᠶᠢᠨ ᠪᠠᠶᠢᠳᠠᠯ ᠨᠢ ᠲᠣᠭᠲᠠᠭᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠥᠨᠳᠥᠷ ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠣᠶᠢᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ  ᠤᠨ  ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠤᠷᠭᠤᠮᠠᠯ ᠤᠨ ᠰᠢᠨ᠎ᠡ ᠡᠭᠦᠯᠳᠡᠷ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠰᠢᠯᠢᠳᠡᠭ ᠰᠠᠶᠢᠨ ᠤᠷᠭᠤᠮᠠᠯ ᠤᠨ ᠰᠢᠨ᠎ᠡ ᠡᠭᠦᠯᠳᠡᠷ ᠢ ᠪᠣᠶᠢᠵᠢᠭᠤᠯᠬᠤ ᠪᠠ ᠠᠭᠤᠳᠠᠯᠵᠤ᠂ ᠡᠷᠬᠡ ᠣᠯᠭᠤᠭᠰᠠᠨ ᠡᠭᠦᠯᠳᠡᠷ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠬᠡᠪᠯᠡᠯ ᠤᠨ ᠡᠷᠬᠡ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ᠂ ᠠᠵᠢᠯᠯᠠᠭᠠᠨ ᠨᠢ ᠢᠯᠭᠤᠮ ᠤᠷᠤᠭᠰᠢᠲᠠᠢ ᠪᠠᠶᠢᠬᠤ ᠬᠡᠷᠡᠭᠯᠡᠭᠡᠨ ᠤ ᠲᠣᠭᠲᠠᠴᠠ ᠶᠢ ᠪᠦᠷᠢᠨᠰᠢᠭᠦᠯᠦᠨ᠎ᠡ᠃ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠥᠪᠯᠡᠷᠡᠯ ᠤᠨ ᠣᠷᠣᠨ ᠳᠤ ᠲᠤᠰᠬᠠᠢ ᠠᠰᠢᠭ ᠨᠢᠭᠲᠠᠷᠠᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠠᠵᠢᠯ ᠢ ᠠᠬᠢᠭᠤᠯᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠵᠦ᠂ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠠᠵᠢᠯ ᠢ ᠥᠷᠨᠢᠭᠦᠯᠦᠨ᠂ ᠲᠤᠰᠬᠠᠢ ᠠᠰᠢᠭ ᠤᠨ ᠬᠤᠪᠢᠷᠠᠭᠤᠯᠤᠯᠲᠠ  ᠶᠢ  ᠠᠬᠢᠭᠤᠯᠵᠤ᠂  ᠳᠤᠮᠳᠠ  ᠵᠢᠵᠢᠭ  ᠠᠵᠤ  ᠠᠬᠤᠶᠢᠯᠠᠯ  ᠤᠨ  ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠨ᠎ᠡ᠃  ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠠᠨᠨᠠᠭᠤᠷ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠪᠡᠯᠡᠳᠬᠡᠯ ᠺᠣᠮᠢᠰ ᠤᠨ ᠠᠯᠪᠠᠨ ᠭᠡᠷ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠤᠯᠠᠷᠢᠭᠤᠯᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠬᠤᠳᠠᠯᠳᠤᠭᠠᠨ ᠤ ᠪᠠᠩᠬᠢ ᠶᠢᠨ ᠬᠠᠤᠯᠢ ᠲᠣᠭᠲᠠᠭᠠᠯ ᠶᠣᠰᠣᠭᠠᠷ ᠪᠠ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭᠰᠠᠨ ᠵᠢᠭᠡᠯᠡᠯᠭᠡ ᠶᠢᠨ ᠬᠡᠪᠴᠢᠶ᠎ᠡ ᠶᠢ ᠥᠷᠭᠡᠳᠬᠡᠬᠦ ᠶᠢ ᠵᠣᠷᠢᠭᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠴᠠᠭᠠᠯᠠᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠤᠯᠠᠮᠵᠢᠯᠠᠯᠲᠤ ᠨᠠᠷᠠᠲᠤ ᠲᠥᠷᠥᠯ ᠲᠡᠮᠳᠡᠭᠲᠦ ᠶᠢᠨ ᠬᠠᠭᠤᠴᠢᠨ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠤᠯᠠᠮᠵᠢᠯᠠᠨ ᠬᠥᠭᠵᠢᠭᠦᠯᠵᠦ᠂ ᠣᠨᠴᠠᠯᠢᠭ ᠢᠶᠠᠷ ᠢᠯᠡ ᠲᠣᠳᠣ᠂ ᠥᠷᠢᠰᠦᠯᠳᠦᠬᠦ ᠬᠦᠴᠦᠨ ᠢᠶᠠᠷ ᠴᠢᠩᠭ᠎ᠠ᠂ ᠵᠠᠬ᠎ᠠ ᠳᠡᠯᠭᠡᠭᠦᠷ ᠤᠨ ᠢᠲᠡᠭᠡᠯ ᠬᠦᠨᠳᠦ ᠪᠠᠷ ᠰᠠᠶᠢᠨ ᠠᠵᠤ ᠦᠢᠯᠡᠰ ᠤᠨ ᠪᠥᠭᠡᠮᠨᠡᠷᠡᠯ ᠤᠨ ᠨᠠᠷᠠᠲᠤ ᠲᠥᠷᠥᠯ ᠲᠡᠮᠳᠡᠭᠲᠦ ᠪᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠶᠡᠬᠡᠪᠡᠷ ᠪᠣᠶᠢᠵᠢᠭᠤᠯᠵᠤ᠂ ︽  ᠲᠡᠭᠷᠢ ᠶᠢᠨ ᠬᠡᠰᠢᠭᠲᠦ ᠪᠣᠷᠣᠳᠣᠬᠤᠢ︾ ︽  ᠱᠠᠮᠪᠠ ᠶᠢᠨ ᠦᠨᠦᠷ ᠠᠮᠲᠠ︾ ᠵᠡᠷᠭᠡ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ ︽  ᠮᠧᠩ︾ ᠥᠰᠥᠭ ᠤᠨ ᠲᠡᠮᠳᠡᠭ ᠢᠶᠠᠷ ᠭᠡᠷᠡᠴᠢᠯᠡᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠩ ᠣᠯᠠᠨ ᠠᠵᠤ ᠠᠬᠤᠶᠢᠯᠠᠯ ᠪᠤᠶᠤ ᠦᠢᠯᠡᠳᠬᠦᠨ ᠢ ︽  ᠮᠧᠩ︾ ᠥᠰᠥᠭ ᠤᠨ ᠲᠡᠮᠳᠡᠭ ᠢᠶᠠᠷ ᠭᠡᠷᠡᠴᠢᠯᠡᠬᠦ ᠶᠢ ᠪᠠᠲᠤᠯᠠᠭᠤᠯᠬᠤ ᠪᠠᠷ ᠴᠢᠷᠮᠠᠶᠢᠨ᠎ᠠ᠃ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢ ᠴᠢᠩᠭᠠᠳᠬᠠᠵᠤ᠂ ︽  ᠦᠶᠤᠸᠠᠨ ᠤ ᠨᠡᠷᠡᠨ ᠬᠤᠸᠠᠷ︾ ᠤᠨ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠮᠠᠨ ᠤ ᠬᠤᠳᠠ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠨᠣᠭᠤᠭᠠᠨ ᠥᠩᠭᠡ ᠶᠢ ᠨᠢᠭᠡᠳᠦᠯᠲᠡᠢ ᠬᠠᠮᠢᠶᠠᠷᠬᠤ ᠠᠯᠪᠠᠨ ᠭᠡᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ      ︵ᠠᠷᠪᠠᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ ᠶᠢ ᠴᠢᠩᠭᠠᠷᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠨᠡᠭᠡᠭᠡᠯᠲᠡ ᠶᠢᠨ ᠲᠣᠭᠤᠷᠢᠭ᠂ ᠵᠢᠱᠢᠶ᠎ᠡ ᠦᠵᠡᠭᠦᠯᠬᠦ ᠲᠣᠭᠤᠷᠢᠭ ᠵᠡᠷᠭᠡ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠷᠢᠶᠡᠯᠡᠩ ᠲᠣᠭᠤᠷᠢᠭ ᠲᠤ ᠣᠷᠣᠬᠤ ᠶᠢ ᠵᠣᠷᠢᠭᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ ᠢ ᠲᠤᠤᠱᠯᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ 2 - 3 ᠲᠣᠣᠷ ᠴᠢᠭ᠋ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠭᠡᠮ ᠤᠨ ᠦᠢᠯᠡᠴᠢᠯᠡᠭᠡᠨ ᠤ 1 -  2 ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠯᠬᠢᠶᠡᠵᠢᠯ ᠢ ᠪᠦᠲᠦᠮᠵᠢᠲᠡᠢ ᠪᠠᠷ ᠤᠷᠲᠤᠳᠬᠠᠨ᠎ᠠ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠠᠭᠤᠯᠢᠭ ᠠᠵᠤ  ᠠᠬᠤᠢ ᠶᠢᠨ ᠰᠢᠨ᠎ᠡ  ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ  ᠶᠢ ᠭᠦᠨᠵᠡᠭᠡᠢ ᠬᠡᠷᠡᠭᠵᠢᠭᠦᠯᠵᠦ᠂ ︽ᠰᠦ᠋ ᠶᠢᠨ ᠦᠢᠯᠡᠰ᠂ ᠠᠯᠠᠰᠢᠨ ᠬᠤᠨᠢ᠂ ᠠᠯᠠᠰᠢᠨ ᠦᠬᠡᠷ᠂ ᠢᠮᠠᠭᠠᠨ ᠨᠣᠯᠤᠥᠷ᠂ ᠨᠡᠷᠡᠨ ᠬᠤᠸᠠᠷ᠂ ᠪᠤᠭᠤᠳᠠᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠵᠡᠰ ᠴᠠᠶᠢᠷ ᠨᠠᠷᠢᠯᠢᠭ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ︾ ᠵᠡᠷᠭᠡ 12 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠵᠤ᠂ ᠲᠤᠰᠬᠠᠢ ᠠᠰᠢᠭ ᠤᠨ ᠪᠠᠶᠢᠷᠢᠰᠢᠭᠤᠯᠤᠯᠲᠠ᠂ ᠲᠤᠰᠬᠠᠢ ᠠᠰᠢᠭ ᠤᠨ ᠠᠭᠤᠳᠠᠯᠤᠯᠲᠠ ᠪᠠ ᠥᠨᠳᠥᠷ ᠥᠷᠲᠡᠭᠲᠦ ᠲᠤᠰᠬᠠᠢ ᠠᠰᠢᠭ ᠤᠨ ᠪᠣᠶᠢᠵᠢᠭᠤᠯᠤᠯᠲᠠ ᠵᠡᠷᠭᠡ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠬᠦᠯᠢ ᠴᠣᠭᠴᠠ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠶᠢ ᠡᠭᠦᠳᠬᠦ ᠭᠤᠣᠯ ᠴᠣᠭᠴᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠯᠬᠢᠶ᠎ᠡ ᠶᠢ ᠠᠵᠤ ᠦᠢᠯᠡᠰ ᠤᠨ ᠬᠥᠭᠵᠢᠯᠲᠡ ᠪᠠ ᠮᠡᠷᠭᠡᠵᠢᠯ ᠤᠨ ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠬᠢᠭᠡᠳ ᠭᠤᠣᠯᠳᠠᠯᠭ᠎ᠠ  ᠲᠠᠢ ᠠᠵᠤ  ᠦᠢᠯᠡᠰ  ᠤᠨ  ᠳᠠᠪᠠᠭᠤᠯᠢᠭ  ᠲᠠᠯ᠎ᠠ ᠪᠠᠷ  ᠢᠶᠠᠨ  ᠬᠠᠷᠢᠯᠴᠠᠨ  ᠨᠥᠬᠦᠪᠥᠷᠢᠯᠡᠬᠦ᠂  ᠬᠠᠮᠵᠢᠯᠴᠠᠨ  ᠬᠥᠭᠵᠢᠬᠦ  ᠶᠢ  ᠠᠬᠢᠭᠤᠯᠤᠨ᠎ᠠ᠃  ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶      ᠲᠠᠪᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠮᠥᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ      ︵ᠠᠷᠪᠠᠨ ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠨᠣᠯᠵᠢᠬᠤᠨ ᠢ ᠭᠦᠨ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠭᠤᠥᠯᠴᠢ ᠪᠠᠷ ᠥᠷᠢᠰᠦᠯᠳᠦᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠨᠣᠯᠵᠢᠬᠤᠨ ᠢ ᠶᠡᠬᠡᠪᠡᠷ ᠰᠠᠨᠠᠭᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠬᠢᠭᠡᠳ ᠤᠯᠠᠮᠵᠢᠯᠠᠯᠲᠤ ᠰᠣᠶᠣᠯ᠂ ᠰᠢᠨ᠎ᠡ ᠶᠢ ᠡᠭᠦᠳᠬᠦ ᠰᠣᠶᠣᠯ᠂ ᠬᠠᠤᠯᠢ ᠪᠠᠷ ᠵᠠᠰᠠᠬᠤ ᠰᠣᠶᠣᠯ᠂ ᠦᠨᠡᠨᠴᠢ ᠢᠲᠡᠭᠡᠮᠵᠢ ᠶᠢᠨ ᠰᠣᠶᠣᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ  ᠠᠴᠠ ᠪᠠᠨ ᠭᠦᠢᠴᠡᠳᠬᠡᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠳᠡᠭᠡᠳᠦ ᠰᠤᠷᠭᠠᠭᠤᠯᠢ ᠵᠡᠷᠭᠡ ᠲᠠᠯᠠᠪᠤᠷ ᠭᠠᠵᠠᠷ ᠲᠤ ᠭᠦᠨᠵᠡᠭᠡᠶᠢᠷᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠵᠢᠨ‌‍ᠲ᠋ᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠭᠡᠳᠬᠡᠨ᠂ ︽ᠵᠠᠰᠠᠭ ᠤᠨ ᠣᠷᠳᠣᠨ + ᠳᠤᠮᠳᠠᠳᠤ ᠪᠠᠭ᠎ᠠ ᠰᠤᠷᠭᠠᠭᠤᠯᠢ + ᠳᠡᠭᠡᠳᠦ ᠰᠤᠷᠭᠠᠭᠤᠯᠢ + ᠠᠵᠤ ᠠᠬᠤᠶᠢᠯᠠᠯ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠢ ᠬᠠᠮᠲᠤᠪᠠᠷ ᠠᠬᠢᠭᠤᠯᠬᠤ ᠪᠠᠶᠠᠨᠨᠠᠭᠤᠷ ᠤᠨ ᠵᠠᠭᠪᠤᠷ ᠢ‌ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠰᠦᠯᠵᠢᠶ᠎ᠡ ᠳᠤ ᠣᠷᠣᠭᠤᠯᠬᠤ ᠶᠢ ᠠᠬᠢᠭᠤᠯᠵᠤ᠂ ᠪᠥᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠲᠠᠨᠢᠬᠤᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠢᠨ‌ᠡᠯ᠎ᠡ ᠬᠤᠰᠢᠭᠤ ᠰᠢᠶᠠᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠨᠣᠯ ᠪᠠ ᠪᠣᠳᠠᠲᠤ ᠶᠠᠪᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃  ︵ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠵᠢᠷᠭᠤᠭ᠎ᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠳᠡᠮᠵᠢᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠤᠨ᠎ᠠ      ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠬᠠᠮᠵᠢᠯᠴᠡᠨ‌ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠭ᠎ᠠ᠂ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠩᠭᠠᠯᠭ᠎ᠠ ᠬᠡᠷᠡᠭᠴᠡᠭᠡ ᠶᠢᠨ ᠪᠦᠲᠦᠮᠵᠢᠲᠡᠶ ᠵᠣᠯᠭᠠᠯᠴᠠᠭ᠎ᠠ᠂ ᠰᠠᠶᠢᠨ ᠣᠷᠴᠢᠯ ᠢ ᠠᠬᠢᠭᠤᠯᠤᠨ᠎ᠠ‌ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠥᠷᠨᠢᠭᠦᠯᠵᠦ᠂ ᠲᠤᠰᠬᠠᠢ ᠠᠰᠢᠭ ᠤᠨ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ᠂ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠢ ᠪᠠᠶᠠᠵᠢᠭᠤᠯᠬᠤ᠂ ᠭᠠᠵᠠᠷ ᠵᠦᠢ ᠶᠢᠨ ᠪᠡᠯᠭᠡ ᠲᠡᠮᠳᠡᠭ ᠢᠶᠠᠷ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠵᠤ᠂ ᠮᠡᠳᠡᠯᠭᠡ ᠵᠢᠨ‌‍ᠪᠦ᠋ᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠤᠯᠤᠰ ‍ᠤᠨ‌ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠤᠯᠤᠰ ᠤᠨ ᠭᠡᠷ᠎ᠡ ᠶᠢ ᠬᠡᠷᠡᠭᠯᠡᠨ ᠭᠠᠳᠠᠭᠠᠳᠤ  ᠠᠴᠠ ᠡᠷᠬᠡ ᠣᠯᠭᠤᠬᠤ ᠶᠢ ᠳᠡᠮᠵᠢᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠮᠡᠷᠭᠡᠵᠢᠯ᠂ ᠦᠢᠯᠡᠳᠬᠦᠨ ᠪᠠ ᠨᠠᠷᠠᠲᠤ ᠲᠥᠷᠥᠯ ᠲᠡᠮᠳᠡᠭᠲᠦ ᠶᠢᠨ ︽ᠭᠠᠳᠠᠭᠰᠢ ᠭᠠᠷᠬᠤ︾ ᠶᠢ ᠬᠥᠲᠥᠯᠥᠨ ᠵᠢᠯᠤᠭᠤᠳᠴᠤ᠂ ᠭᠠᠳᠠᠭᠠᠳᠤ ᠳᠤ ᠪᠠᠶᠠᠨᠨᠠᠭᠤᠷ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠪᠠ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ ᠢᠳᠡᠪᠬᠢᠲᠡᠢ ᠪᠠᠷ ᠲᠠᠨᠢᠯᠴᠠᠭᠤᠯᠵᠤ᠂ ᠪᠠᠶᠠᠨᠨᠠᠭᠤᠷ ᠤᠨ ᠣᠨᠴᠠᠯᠢᠭᠲᠤ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠠᠨᠨᠠᠭᠤᠷ ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ︵ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠠᠨᠨᠠᠭᠤᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠵᠣᠬᠢᠴᠠᠭᠤᠯᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃      ︵ᠬᠤᠶᠠᠷ︶ ᠳᠡᠮᠵᠢᠵᠦ ᠪᠠᠲᠤᠯᠠᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢᠨ ᠬᠠᠮᠲᠤ ᠡᠳ᠋ ᠤᠨ ᠬᠦᠴᠦᠨ ᠢ ᠦᠨᠳᠦᠰᠦᠯᠡᠨ ᠪᠡᠯᠡ‌ᠡᠳ᠋ ᠤᠨ ᠵᠠᠰᠠᠭ ᠭᠠᠶᠢᠯᠢ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠤᠯᠠᠨ ᠡᠰᠢᠵᠢᠭᠰᠡᠨ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠣᠷᠣᠭᠤᠯᠬᠤ ᠰᠢᠰᠲ᠋ᠧᠮ ᠢ ᠪᠤᠢ ᠪᠣᠯᠭᠠᠵᠤ᠂ ᠭᠤᠣᠯᠳᠠᠯᠭ᠎ᠠ ᠶᠢ ᠲᠣᠪᠤᠶᠢᠯᠭᠠᠨ᠂  ᠪᠦᠲᠦᠴᠡ  ᠶᠢ  ᠰᠢᠯᠢᠳᠡᠭᠵᠢᠭᠦᠯᠵᠦ  ᠂  ᠡᠭᠦᠷᠭᠡ  ᠶᠢᠨ  ᠨᠠᠶᠢᠳᠠᠪᠤᠷᠢᠵᠢᠭᠤᠯᠤᠯᠲᠠ  ᠶᠢ  ᠪᠠᠲᠤᠯᠠᠬᠤ  ᠬᠡᠷᠡᠭᠲᠡᠢ᠃      ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠨᠤᠭᠤᠳ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠬᠦ ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠳ ᠲᠣᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤᠮᠳᠠᠬᠢ ᠴᠢᠬᠤᠯᠠ ᠪᠠᠶᠢᠳᠠᠯ ᠢᠶᠠᠨ ᠴᠠᠭ ᠲᠤᠬᠠᠢ ᠳᠤᠨᠢ ᠲᠠᠰ ᠳᠠᠷᠠᠭᠠᠯᠠᠯ ᠶᠣᠰᠣᠭᠠᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ