ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035 ᠣᠨ︶︾ ᠪᠠ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035 ᠣᠨ︶﹀ ᠶᠢ ᠳᠠᠷᠤᠮᠠᠯᠯᠠᠨ ᠲᠠᠷᠬᠠᠭᠠᠵᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠠᠨᠨᠠᠭᠤᠷ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰ ᠬᠤᠳᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠪᠠᠶᠠᠨᠨᠠᠭᠤᠷ ᠬᠤᠳᠠ ᠶᠢᠨ ︿ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠬᠥᠲᠥᠯᠪᠦᠷᠢ ︵ 2021 - 2035 ᠣᠨ︶ ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ︾ | ︵ᠳᠣᠷᠣᠭᠰᠢ ︽ᠠᠵᠢᠯ ᠤᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ | ᠬᠤᠶᠠᠷ᠂ ᠬᠥᠭᠵᠢᠯᠲᠡ ᠶᠢᠨ ᠬᠠᠷᠠᠯᠲᠠ | ︽ᠠᠵᠢᠯ ᠤᠨ ᠠᠷᠭ᠎ᠠ ᠬᠡᠮᠵᠢᠶ᠎ᠡ︾ ᠳᠤ ︽ᠬᠤᠶᠠᠷ ᠠᠯᠬᠤᠮ ᠢᠶᠠᠷ ᠶᠠᠪᠤᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠨ ᠭᠠᠷᠭᠠᠪᠠ᠄ | 2025 ᠣᠨ ᠪᠣᠯᠬᠤ ᠳᠤ᠂ ᠪᠠᠶᠠᠨᠨᠠᠭᠤᠷ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢ ᠤᠯᠠᠮ ᠨᠢᠭᠡ | ᠠᠯᠬᠤᠮ ᠳᠡᠭᠡᠭᠰᠢᠯᠡᠵᠦ᠂ ᠬᠠᠮᠠᠭᠠᠯᠠᠯᠲᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ | ᠰᠢᠨ᠎ᠡ ᠶᠢ ᠡᠭᠦᠳᠬᠦ ᠶᠢ ᠤᠷᠮᠠᠰᠢᠭᠤᠯᠬᠤ ᠦᠨᠳᠦᠰᠦᠨ ᠪᠠᠲᠤᠯᠠᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ ᠤᠨ ᠥᠷᠲᠡᠭ ᠢ | ᠪᠡᠶᠡᠯᠡᠭᠦᠯᠵᠦ᠂ ᠬᠠᠮᠲᠤ ᠶᠢᠨ ᠲᠠᠸᠠᠷ ᠤᠨ ᠲᠡᠮᠳᠡᠭ ᠢ 120 ᠬᠤᠪᠢ ᠳᠤ ᠬᠦᠷᠦᠭᠦᠯᠵᠦ᠂ ᠭᠠᠵᠠᠷ ᠵᠦᠢ ᠶᠢᠨ ᠲᠡᠮᠳᠡᠭ ᠤᠨ ᠲᠤᠭ᠎ᠠ ᠬᠡᠮᠵᠢᠶ᠎ᠡ ᠶᠢ 28 ᠬᠤᠪᠢ ᠳᠤ | ᠬᠦᠷᠦᠭᠦᠯᠵᠦ᠂ 4 ᠣᠷᠣᠨ ᠨᠤᠲᠤᠭ ᠤᠨ ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠬᠦᠴᠦᠨ ᠢᠶᠠᠷ ᠴᠢᠩᠭ᠎ᠠ ᠣᠷᠣᠨ ᠪᠦᠰᠡ ᠶᠢᠨ ᠨᠠᠷᠠᠲᠤ ᠲᠥᠷᠥᠯ | ᠲᠡᠮᠳᠡᠭᠲᠦ ᠶᠢ ᠪᠣᠶᠢᠵᠢᠭᠤᠯᠤᠨ ᠪᠣᠶ ᠪᠣᠯᠭᠠᠵᠤ᠂ ᠲᠦᠮᠡᠨ ᠬᠥᠮᠥᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ | ᠬᠡᠮᠵᠢᠶ᠎ᠡ ᠶᠢ 0.78 ᠬᠤᠪᠢ ᠳᠤ ᠬᠦᠷᠦᠭᠦᠯᠵᠦ᠂ ᠬᠡᠪᠯᠡᠯ ᠤᠨ ᠡᠷᠬᠡ ᠶᠢᠨ ᠪᠦᠲᠦᠭᠡᠯ ᠢ 1000 ᠬᠤᠪᠢ ᠳᠤ ᠳᠡᠩᠰᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠳᠠᠨᠵᠢᠯᠠᠵᠤ ᠪᠡᠯᠡ ᠲᠣᠬᠢᠷᠠᠭᠤᠯᠬᠤ ᠵᠣᠭᠤᠰ ᠤᠨ ᠲᠤᠭ᠎ᠠ ᠶᠢ ᠨᠡᠶᠢᠲᠡ 7 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ 2035 ᠣᠨ | ᠪᠣᠯᠬᠤ ᠳᠤ᠂ ᠡᠭᠦᠳᠦᠨ ᠪᠦᠲᠦᠭᠡᠯᠲᠡ ᠴᠣᠯᠭᠤᠷᠠᠨ ᠭᠠᠷᠤᠭᠰᠠᠨ᠂ ᠬᠠᠮᠠᠭᠠᠯᠠᠯᠲᠠ ᠴᠢᠩᠭ᠎ᠠ᠂ ᠬᠡᠷᠡᠭᠯᠡᠯᠲᠡ ᠥᠨᠳᠥᠷ ᠪᠦᠲᠦᠮᠵᠢᠲᠡᠶ᠂ ᠦᠢᠯᠡᠴᠢᠯᠡᠭᠡ | ᠰᠢᠯᠢᠳᠡᠭ ᠰᠠᠶᠢᠨ᠂ ᠨᠡᠭᠡᠭᠡᠯᠲᠡ ᠭᠦᠨᠵᠡᠭᠡᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ | ᠪᠣᠯᠭᠠᠨ᠎ᠠ᠃ | ᠭᠤᠷᠪᠠ᠂ ᠲᠣᠭᠲᠠᠭᠠᠬᠤ ᠦᠨᠳᠦᠰᠦᠯᠡᠯ | 1. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ︽ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠠᠶᠢᠭᠤᠯᠬᠤ ᠬᠥᠲᠥᠯᠪᠦᠷᠢ ︵2021 ᠠᠴᠠ2035︶︾ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳ ᠤᠨ ᠵᠠᠰᠠᠭ ᠤᠨ ᠣᠷᠳᠣᠨ ᠤ ︽ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠲᠤᠬᠠᠢ ᠬᠡᠷᠡᠭᠵᠢᠭᠦᠯᠬᠦ ᠲᠥᠰᠥᠯ︾ | ᠳᠥᠷᠪᠡ᠂ ᠭᠤᠣᠯ ᠪᠣᠯᠬᠤ ᠠᠷᠭ᠎ᠠ ᠬᠡᠮᠵᠢᠶ᠎ᠡ | ︽ᠠᠵᠢᠯ ᠤᠨ ᠠᠷᠭ᠎ᠠ ᠬᠡᠮᠵᠢᠶ᠎ᠡ︾ ᠨᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠥᠲᠥᠯᠪᠦᠷᠢ ︵2021 - 2035 ᠣᠨ︶ ᠶᠢ ᠳᠠᠷᠤᠮᠠᠯᠯᠠᠨ ᠲᠠᠷᠬᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠥᠯ︾ ᠢ ᠪᠥᠬᠦ ᠲᠠᠯ᠎ᠠ ᠪᠠᠷ ᠨᠠᠷᠢᠯᠢᠭᠵᠢᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ᠂ ︽ᠪᠠᠶᠠᠨᠨᠠᠭᠤᠷ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠥᠯᠦᠪᠵᠢᠭᠦᠯᠭᠡ︾ ᠲᠠᠢ ᠵᠣᠯᠭᠠᠭᠤᠯᠵᠤ᠂ ᠵᠢᠷᠭᠤᠭᠠᠨ ᠶᠡᠭᠡ ᠭᠤᠣᠯᠳᠠᠯᠭ᠎ᠠ ᠲᠠᠢ ᠡᠭᠦᠷᠭᠡ᠂ ᠠᠷᠪᠠᠨ ᠲᠤᠯᠤᠭᠠᠨ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠ | ᠭᠤᠷᠪᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠶᠢᠷᠢᠯᠠᠭᠤᠯᠪᠠ᠃ | ᠨᠢᠭᠡ ᠳᠤ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠦᠷᠢᠮ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠦᠨ᠎ᠡ᠃ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠶᠡᠭᠡ ᠪᠠᠷ | ᠬᠠᠮᠠᠭᠠᠯᠠᠬᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠭᠤᠰ ᠢᠶᠠᠷ ᠲᠤᠰᠠᠯᠠᠵᠤ ᠱᠠᠩᠨᠠᠬᠤ ᠠᠷᠭ᠎ᠠ︾ ᠶᠢ ᠤᠬᠠᠭᠤᠯᠤᠨ ᠲᠤᠤᠱᠯᠠᠭᠤᠯᠬᠤ | ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠳᠬᠦᠬᠦ᠂ ᠬᠥᠲᠥᠯᠥᠨ | ᠵᠢᠯᠤᠭᠤᠳᠬᠤ ᠪᠠ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠥᠨᠳᠥᠷ ᠪᠦᠲᠦᠮᠵᠢᠲᠡᠶ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠯ ᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠰᠢᠭ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠤᠯᠭᠠᠭᠤᠷᠢᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠲᠥᠪ ᠭᠤᠣᠯᠴᠢ ᠡᠷᠬᠡ ᠰᠦᠷ ᠲᠠᠢ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠭᠲᠠᠴᠠ ᠶᠢ | ᠪᠠᠶᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ᠂ ᠲᠥᠪ ᠴᠢᠩᠭ᠎ᠠ ᠲᠥᠪ ᠭᠤᠣᠯᠴᠢ᠂ ᠢᠯᠡ ᠲᠣᠳᠣ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠨᠢᠭᠡᠳᠦᠯᠲᠡᠢ ᠤᠳᠤᠷᠢᠳᠬᠤ᠂ ᠵᠣᠯᠭᠠᠭᠤᠯᠬᠤ ᠶᠢ ᠰᠢᠯᠤᠭᠤᠳᠬᠠᠬᠤ᠂ ᠲᠦᠷᠭᠡᠨ ᠪᠥᠭᠡᠳ ᠥᠨᠳᠥᠷ ᠪᠦᠲᠦᠮᠵᠢᠲᠡᠢ ᠬᠠᠮᠵᠢᠯᠴᠠᠨ ᠬᠠᠮᠠᠭᠠᠯᠠᠬᠤ | ᠪᠠᠶᠢᠷᠢᠰᠢᠯ ᠢ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ︽ᠬᠥᠬᠡ ᠣᠭᠲᠠᠷᠭᠤᠢ︾ ᠶᠢ | ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠪᠠ ᠮᠠᠭᠤ ᠰᠠᠨᠠᠭ᠎ᠠ ᠲᠠᠢ ᠪᠠᠷ | ᠲᠠᠸᠠᠷ ᠤᠨ ᠲᠡᠮᠳᠡᠭ ᠳᠠᠩᠰᠠᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠪ ᠤᠨ ᠪᠤᠰᠤ ᠭᠤᠶᠤᠴᠢᠯᠠᠯ ᠢ ᠢᠯᠡᠷᠡᠭᠦᠯᠬᠦ ᠪᠠ ᠴᠣᠬᠢᠯᠲᠠ ᠥᠭᠬᠦ ᠶᠢᠨ | ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠷᠪᠠ ᠳᠤ᠂ ᠰᠢᠨ᠎ᠡ ᠶᠢ ᠡᠭᠦᠳᠬᠦ ᠬᠥᠭᠵᠢᠯᠲᠡ ᠶᠢ ᠤᠷᠮᠠᠰᠢᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ | ᠲᠣᠭᠲᠠᠴᠠ ᠶᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ᠂ ᠠᠵᠢᠯᠯᠠᠭᠠᠨ ᠨᠢ ᠤᠷᠤᠭᠰᠢᠲᠠᠢ ᠬᠡᠷᠡᠭᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠠᠬᠢᠭᠤᠯᠵᠤ᠂ ᠲᠦᠷᠦᠯ ᠲᠡᠮᠳᠡᠭ ᠢ ᠪᠣᠶᠢᠵᠢᠭᠤᠯᠬᠤ ᠲᠣᠭᠲᠠᠴᠠ ᠶᠢ | ᠪᠠᠶᠢᠭᠤᠯᠤᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠸᠠᠷ ᠤᠨ ᠲᠡᠮᠳᠡᠭ ᠤᠨ ᠨᠠᠷᠠᠲᠤ | ᠲᠥᠷᠥᠯ ︽ᠦᠶᠤᠸᠠᠨ ᠤ ᠨᠡᠷᠡᠨ ᠬᠤᠸᠠᠷ︾ ᠤᠨ ᠤᠯᠤᠰ ᠤᠨ ᠭᠠᠵᠠᠷ ᠵᠦᠢ ᠶᠢᠨ ᠲᠡᠮᠳᠡᠭ ᠲᠠᠢ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠶᠢᠨ ᠭᠠᠵᠠᠷ ᠵᠦᠢ ᠶᠢᠨ ᠲᠡᠮᠳᠡᠭ ᠲᠠᠢ ᠪᠦᠲᠦᠭᠡᠭᠳᠡᠬᠦᠨ ᠤ ᠠᠯᠳᠠᠷᠰᠢᠯ ᠪᠠ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠳᠥᠷᠪᠡ ᠳᠤ ᠠᠷᠠᠳ ᠲᠤ ᠲᠥᠬᠦᠮ ᠦᠵᠡᠭᠦᠯᠬᠦ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠣᠷᠣᠨ ᠪᠦᠰᠡ ᠶᠢᠨ | ᠬᠥᠭᠵᠢᠯᠲᠡ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠳᠠᠪᠠᠭᠤᠯᠢᠭ ᠠᠵᠤ ᠦᠢᠯᠡᠰ ᠢ ᠴᠢᠩᠭᠠᠷᠠᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠬᠥᠬᠢᠭᠦᠯᠦᠨ ᠳᠡᠮᠵᠢᠨ᠎ᠡ᠃ | ᠲᠠᠪᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠣᠶᠣᠯ ᠢᠷᠭᠡᠨᠰᠢᠯ ᠤᠨ ᠨᠡᠶᠢᠭᠡᠮ ᠤᠨ | ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠶᠢᠯᠠᠭᠠᠭᠳᠠᠬᠤᠨ ᠢ ᠵᠤᠵᠠᠭᠠᠳᠬᠠᠵᠤ᠂ | ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ᠂ ᠡᠷᠬᠡ ᠲᠡᠭᠰᠢ ᠪᠠᠷ ᠥᠷᠢᠰᠦᠯᠳᠦᠬᠦ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠶᠢᠯᠠᠭᠠᠭᠳᠠᠬᠤᠨ ᠢ ᠶᠡᠬᠡᠪᠡᠷ ᠰᠠᠨᠠᠭᠠᠴᠢᠯᠠᠵᠤ᠂ ᠴᠢᠬᠤᠯᠠ ᠶᠡᠭᠡ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠤᠬᠠᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠨ᠂ | ᠨᠠᠩ ᠣᠯᠠᠨ ᠮᠡᠳᠡᠯᠭᠡ ᠶᠢᠨ ᠮᠡᠷᠭᠡᠵᠢᠯ ᠤᠨ ᠪᠠᠶᠢᠴᠠᠭᠠᠯᠲᠠ ᠶᠢᠨ ᠲᠤᠰᠢᠶᠠᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠶᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠨ᠎ᠡ᠃ | ᠵᠢᠷᠭᠤᠭ᠎ᠠ ᠳᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠳᠡᠮᠵᠢᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠭ᠎ᠠ᠂ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ | ᠠᠬᠢᠭᠤᠯᠵᠤ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠩᠭᠠᠯᠭ᠎ᠠ ᠬᠡᠷᠡᠭᠴᠡᠭᠡ ᠶᠢᠨ ᠪᠦᠲᠦᠮᠵᠢᠲᠡᠢ ᠵᠣᠯᠭᠠᠯᠴᠠᠭ᠎ᠠ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠮᠡᠷᠭᠡᠵᠢᠯ᠂ ᠦᠢᠯᠡᠳᠬᠦᠨ ᠪᠠ ᠨᠠᠷᠠᠲᠤ ᠲᠥᠷᠥᠯ ᠲᠡᠮᠳᠡᠭᠲᠦ ᠶᠢᠨ ︽ᠭᠠᠷᠴᠤ | ᠶᠠᠪᠤᠬᠤ︾ ᠶᠢ ᠬᠥᠲᠥᠯᠥᠨ ᠵᠢᠯᠤᠭᠤᠳᠴᠤ᠂ ᠪᠠᠶᠠᠨᠨᠠᠭᠤᠷ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠶᠠᠨᠨᠠᠭᠤᠷ ᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠵᠣᠬᠢᠴᠠᠭᠤᠯᠬᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ | ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ | ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ | ᠬᠤᠶᠠᠷ ᠲᠤ ᠳᠡᠮᠵᠢᠯᠭᠡ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢᠨ ᠬᠠᠮᠲᠤ | ᠡᠳ᠋ ᠤᠨ ᠬᠦᠴᠦᠨ ᠢ ᠦᠨᠳᠦᠰᠦᠯᠡᠨ ᠪᠡᠯᠡᠡᠳ᠋ ᠤᠨ ᠵᠠᠰᠠᠭ ᠭᠠᠶᠢᠯᠢ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠤᠯᠠᠨ ᠡᠰᠢᠵᠢᠭᠰᠡᠨ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠣᠷᠣᠭᠤᠯᠬᠤ | ᠰᠢᠰᠲ᠋ᠧᠮ ᠢ ᠪᠤᠢ ᠪᠣᠯᠭᠠᠵᠤ᠂ ᠭᠤᠣᠯᠳᠠᠯᠭ᠎ᠠ ᠶᠢ ᠲᠣᠪᠤᠶᠢᠯᠭᠠᠨ᠂ ᠪᠦᠲᠦᠴᠡ ᠶᠢ ᠰᠢᠯᠢᠳᠡᠭᠵᠢᠭᠦᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ | ᠬᠡᠷᠡᠭᠲᠡᠢ᠃ | ᠭᠤᠷᠪᠠ ᠳᠤ ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ | ᠵᠢᠷᠭᠤᠭ᠎ᠠ᠂ ᠲᠣᠭᠲᠠᠭᠠᠭᠰᠠᠨ ᠶᠠᠪᠤᠴᠠ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ 1 ᠳ᠋ᠦᠭᠡᠷ ᠰᠠᠷ᠎ᠠ ᠠᠴᠠ ᠡᠬᠢᠯᠡᠨ ︽ᠪᠠᠶᠠᠨᠨᠠᠭᠤᠷ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 - 2035 ᠣᠨ︶ | ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠪᠠ᠃ ᠲᠣᠭᠲᠠᠭᠠᠭᠰᠠᠨ ᠤ ᠳᠠᠷᠠᠭ᠎ᠠ ᠣᠯᠠᠨ ᠤᠳᠠᠭ᠎ᠠ ᠵᠣᠬᠢᠶᠠᠨ | ᠪᠠᠶᠢᠭᠤᠯᠤᠨ ᠶᠠᠷᠢᠯᠴᠠᠭᠰᠠᠨ ᠪᠥᠭᠡᠳ ᠪᠢᠴᠢᠭ ᠮᠠᠲ᠋ᠧᠷᠢᠶᠠᠯ ᠤᠨ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠪᠠᠶᠢᠨ᠎ᠠ᠃ ᠲᠠᠰ ᠳᠠᠷᠠᠭᠠᠯᠠᠯ ᠶᠣᠰᠣᠭᠠᠷ ᠡᠯ᠎ᠡ ᠬᠤᠰᠢᠭᠤ | ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠵᠤ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ ᠳᠤ ᠢᠯᠡ ᠪᠠᠷ ᠰᠠᠨᠠᠯ ᠬᠤᠷᠢᠶᠠᠵᠤ᠂ | ᠬᠤᠲᠠ ᠶᠢᠨ ᠵᠠᠰᠠᠭ ᠤᠨ ᠣᠷᠳᠣᠨ ᠤ ᠠᠷᠭ᠎ᠠ ᠲᠣᠭᠲᠠᠭᠠᠯ ᠰᠠᠯᠠᠭ᠎ᠠ ᠬᠠᠤᠯᠢ ᠶᠣᠰᠣᠨ ᠤ ᠬᠢᠨᠠᠨ ᠬᠠᠷᠭᠤᠭᠤᠯᠤᠯᠲᠠ ᠬᠢᠵᠦ᠂ ᠬᠢᠨᠠᠨ ᠬᠠᠷᠭᠤᠭᠤᠯᠤᠯᠲᠠ ᠪᠠ ᠬᠠᠷᠢᠭᠤ | ᠲᠤᠰᠬᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠵᠤ ︽ᠠᠵᠢᠯ ᠤᠨ ᠠᠷᠭ᠎ᠠ ᠬᠡᠮᠵᠢᠶ᠎ᠡ ︵ᠶᠠᠷᠢᠯᠴᠠᠬᠤ ᠨᠣᠣᠷᠠᠭ︶︾ ᠶᠢ ᠪᠣᠶ ᠪᠣᠯᠭᠠᠬᠤ ᠶᠢᠨ ᠬᠠᠮᠲᠤ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠳᠡᠮᠵᠢᠨ ᠰᠤᠳᠤᠯᠵᠤ ᠬᠢᠨᠠᠨ ᠲᠣᠭᠲᠠᠭᠠᠪᠠ᠃ | | | |