ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ ᠤ 1 ᠰᠠᠷ᠎ᠠ ᠶᠢᠨ 20 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠪᠠᠶᠠᠨᠨᠠᠭᠤᠷ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠪᠠ ᠪᠠᠴᠢᠮ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠲᠤᠬᠠᠢ ᠬᠡᠷᠡᠭᠵᠢᠭᠦᠯᠬᠦ ᠠᠷᠭ᠎ᠠ | ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ︽ᠲᠠᠪᠤᠨ ᠥᠨᠳᠥᠷ ᠲᠠᠪᠤᠨ ᠰᠢᠨ᠎ᠡ︾ ᠶᠢᠨ ᠲᠡᠮᠡᠴᠡᠬᠦ ᠬᠠᠷᠠᠯᠲᠠ ᠪᠠ ︽ᠳᠥᠷᠪᠡᠨ | ᠲᠣᠭᠤᠷᠢᠭ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠤᠶᠠᠷ ᠰᠠᠭᠤᠷᠢᠨ ᠭᠠᠵᠠᠷ᠂ ᠳᠥᠷᠪᠡᠨ | ᠪᠦᠯᠦᠭᠯᠡᠯ︾ ᠢ ᠪᠦᠲᠦᠭᠡᠨ ᠪᠠᠶᠢᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠬᠠᠮᠢᠶ᠎ᠠ ᠪᠦᠬᠦᠢ ᠬᠦᠷᠢᠶᠡᠨ ᠤ ᠠᠵᠤ ᠠᠬᠤᠶᠢᠯᠠᠯ ᠤᠨ ᠳᠡᠭᠡᠳᠦ ᠳᠡᠰ ᠳᠠᠪᠬᠤᠷᠭ᠎ᠠ ᠶᠢᠨ | ᠪᠠᠴᠢᠮ ᠬᠡᠷᠡᠭᠴᠡᠭᠡᠲᠡᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠴᠢᠳᠠᠪᠤᠷᠢᠲᠠᠨ ᠤ | ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠴᠢᠳᠠᠪᠤᠷᠢᠲᠠᠨ ᠤ ᠡᠬᠢ ᠪᠠᠶᠠᠯᠢᠭ | ᠪᠣᠯᠣᠨ ᠠᠵᠤ ᠦᠢᠯᠡᠰ ᠤᠨ ᠡᠬᠢ ᠪᠠᠶᠠᠯᠢᠭ ᠢ ᠠᠭᠤᠰᠤᠯᠴᠠᠭᠤᠯᠤᠨ ᠬᠥᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2017﹈ 31 ᠳ᠋ᠦᠭᠡᠷ ᠲᠣᠭᠠᠲᠤ︶ ᠪᠠ ︽ᠪᠠᠶᠠᠨᠨᠠᠭᠤᠷ ᠬᠤᠲᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠵᠢᠭᠦᠯᠬᠦ ᠠᠷᠭ᠎ᠠ︾ ︵ ᠪᠠᠶᠠᠨᠨᠠᠭᠤᠷ ᠬᠤᠲᠠ ᠶᠢᠨ ᠴᠢᠳᠠᠪᠤᠷᠢᠲᠠᠨ ᠣᠷᠣᠭᠤᠯᠤᠨ | ᠠᠪᠴᠢᠷᠠᠬᠤ ﹇2023﹈ 3 ᠳ᠋ᠤᠭᠠᠷ ᠲᠣᠭᠠᠲᠤ︶ ᠶᠢ ᠦᠨᠳᠦᠰᠦᠯᠡᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠡᠳᠦᠭᠡ ᠲᠣᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠡᠷᠡᠭᠵᠢᠭᠦᠯᠬᠦ ᠬᠡᠪᠴᠢᠶ᠎ᠡ | ︵ᠨᠢᠭᠡ︶ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ᠃ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠥᠨᠳᠥᠷ ᠬᠢᠷᠢ ᠲᠦᠪᠰᠢᠨ ᠪᠦᠬᠦᠢ ᠠᠮᠢ | ᠠᠬᠤᠢ ᠶᠢᠨ ᠬᠠᠮᠠᠭᠠᠯᠠᠯᠲᠠ ᠶᠢᠨ ᠲᠣᠭᠤᠷᠢᠨ ᠳᠤ ᠰᠢᠨ᠎ᠡ ᠦᠷ᠎ᠡ ᠪᠦᠲᠦᠮᠵᠢ ᠣᠯᠵᠤ᠂ ᠥᠨᠳᠥᠷ ᠶᠠᠰᠤ ᠴᠢᠨᠠᠷ ᠲᠠᠢ ᠠᠵᠤ ᠠᠬᠤᠢ ᠶᠢᠨ ᠬᠥᠭᠵᠢᠯᠲᠡ ᠰᠢᠨ᠎ᠡ | ᠳᠠᠪᠠᠭᠤᠯᠢᠭ ᠢ ᠡᠭᠦᠳᠴᠦ᠂ ᠥᠨᠳᠥᠷ ᠶᠠᠰᠤ ᠴᠢᠨᠠᠷ ᠲᠠᠢ ᠠᠷᠠᠳ ᠤᠨ ᠠᠮᠢᠳᠤᠷᠠᠯ ᠰᠢᠨ᠎ᠡ ᠲᠦᠪᠰᠢᠨ ᠳᠤ ᠬᠦᠷᠴᠦ᠂ ᠥᠨᠳᠥᠷ ᠦᠷ᠎ᠡ ᠪᠦᠲᠦᠮᠵᠢ ᠲᠠᠢ ᠨᠡᠶᠢᠭᠡᠮ ᠤᠨ | ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠲᠡᠮᠡᠴᠡᠯ ᠤᠨ | ᠬᠠᠷᠠᠯᠲᠠ ᠪᠣᠯᠣᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠶᠢ ᠤᠷᠢᠳᠠᠪᠠᠷ ᠬᠡᠷᠡᠭᠵᠢᠭᠦᠯᠬᠦ ᠣᠷᠣᠨ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠲᠥᠪᠯᠡᠷᠡᠭᠰᠡᠨ ᠣᠷᠣᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠪᠣᠬᠢᠷᠲᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠴᠡᠪᠡᠷ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ | ᠶᠡᠷᠦᠩᠬᠡᠶᠢᠯᠡᠨ ᠨᠡᠭᠡᠭᠡᠨ ᠠᠰᠢᠭᠯᠠᠬᠤ ︽ᠬᠤᠶᠠᠷ ᠰᠠᠭᠤᠷᠢᠨ ᠭᠠᠵᠠᠷ︾ ᠵᠢᠴᠢ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ | ᠦᠢᠯᠡᠳᠬᠦ᠂ ᠰᠢᠨ᠎ᠡ ᠬᠡᠯᠪᠡᠷᠢ ᠶᠢᠨ ᠲᠡᠮᠦᠷᠯᠢᠭ ᠬᠢᠮᠢ ᠶᠢᠨ ᠠᠵᠤ ᠦᠢᠯᠡᠳᠪᠦᠷᠢ ᠶᠢᠨ ︽ᠳᠥᠷᠪᠡᠨ ᠪᠦᠯᠦᠭᠯᠡᠯ︾ ᠢ ᠪᠦᠲᠦᠭᠡᠨ ᠪᠠᠶᠢᠭᠤᠯᠬᠤ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠬᠦᠷᠢᠶ᠎ᠡ ᠪᠠ ᠭᠤᠣᠯᠳᠠᠯᠭ᠎ᠠ ᠲᠠᠢ ᠲᠥᠷᠥᠯ ᠵᠦᠢᠯ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ︵ᠬᠤᠶᠠᠷ︶ ᠴᠢᠳᠠᠪᠤᠷᠢᠲᠠᠨ ᠣᠷᠣᠭᠤᠯᠬᠤ ᠠᠷᠭ᠎ᠠ ᠮᠠᠶ᠋ᠢᠭ᠃ ᠠᠵᠢᠯ ᠦᠢᠯᠡᠰ ᠤᠨ ᠨᠢᠭᠡᠴᠡ ᠶᠢᠨ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ | ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯᠯᠠᠭ᠎ᠠ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠭᠡᠳᠦ ᠲᠠᠰ | ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠬᠤ ᠶᠢ ᠳᠡᠮᠵᠢᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ | ᠣᠷᠣᠭᠤᠯᠤᠨ ᠠᠪᠴᠢᠷᠠᠬᠤ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠠᠵᠢᠯᠲᠠᠨ ᠤ ᠶᠠᠪᠤᠳᠠᠯ ᠤᠨ | ᠬᠠᠷᠢᠴᠠᠭ᠎ᠠ ᠬᠢᠭᠡᠳ ᠣᠷᠣᠨ ᠲᠤᠭ᠎ᠠ ᠶᠢ ᠠᠵᠤ ᠠᠬᠤᠶᠢᠯᠠᠯ ᠤᠨ ᠪᠠᠶᠢᠭ᠎ᠠ ᠠᠵᠤ ᠦᠢᠯᠡᠰ ᠤᠨ ᠬᠦᠷᠢᠶ᠎ᠡ ᠴᠠᠷᠠᠭ᠎ᠠ ᠯᠤᠭ᠎ᠠ ᠬᠤᠯᠪᠣᠭ᠎ᠠ ᠲᠠᠢ ᠬᠤᠭᠤᠰᠤᠨ ᠣᠷᠣᠨ | ᠲᠤᠭ᠎ᠠ ᠲᠠᠢ ᠠᠵᠢᠯ ᠦᠢᠯᠡᠰ ᠤᠨ ᠨᠢᠭᠡᠴᠡ ᠳᠤ ᠨᠠᠶᠢᠳᠠᠪᠤᠷᠢᠵᠢᠭᠤᠯᠵᠤ᠂ ᠲᠤᠰᠢᠶᠠᠯ ᠡᠭᠦᠷᠭᠡᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠣᠴᠢᠵᠤ ᠠᠵᠢᠯᠯᠠᠨ᠎ᠠ᠂ ᠭᠤᠣᠯᠳᠠᠭᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠬᠢᠬᠦ ᠪᠤᠶᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠵᠡᠷᠭᠡ ᠠᠵᠢᠯ ᠢ ᠬᠢᠨ᠎ᠡ᠃ ᠠᠵᠤ ᠠᠬᠤᠶᠢᠯᠠᠯ ᠳᠤ ᠣᠷᠣᠭᠤᠯᠤᠨ ᠠᠪᠴᠢᠷᠠᠵᠤ ᠠᠵᠢᠯᠯᠠᠭᠤᠯᠬᠤ ᠴᠢᠳᠠᠪᠤᠷᠢᠲᠠᠨ ᠢ ᠠᠵᠢᠯᠲᠠᠨ ᠤ ᠶᠠᠪᠤᠳᠠᠯ ᠤᠨ | ᠬᠠᠷᠢᠴᠠᠭ᠎ᠠ ᠶᠢᠨ ᠪᠠᠶᠢᠭ᠎ᠠ ᠠᠵᠢᠯ ᠦᠢᠯᠡᠰ ᠤᠨ ᠨᠢᠭᠡᠴᠡ ᠠᠴᠠ ᠣᠷᠣᠨ ᠲᠤᠭ᠎ᠠ ᠶᠢᠨ ᠰᠠᠯᠠᠭ᠎ᠠ ᠮᠥᠴᠢᠷ ᠲᠤ ᠬᠤᠭᠤᠰᠤᠨ ᠣᠷᠣᠨ ᠲᠤᠭ᠎ᠠ ᠶᠢ ᠬᠡᠷᠡᠭᠯᠡᠬᠦ ᠭᠤᠶᠤᠴᠢᠯᠠᠯ | ᠭᠠᠷᠭᠠᠵᠤ᠂ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠲᠠᠰ ᠳᠠᠷᠠᠭᠠᠯᠠᠯ ᠶᠣᠰᠣᠭᠠᠷ ᠬᠤᠭᠤᠰᠤᠨ ᠣᠷᠣᠨ ᠲᠤᠭ᠎ᠠ ᠶᠢ ᠬᠡᠷᠡᠭᠯᠡᠬᠦ ᠲᠥᠯᠥᠪᠯᠡᠭᠡ ᠶᠢ ᠬᠢᠨᠠᠨ | ᠵᠥᠪᠰᠢᠶᠡᠷᠡᠬᠦ ᠶᠢᠨ ᠬᠠᠮᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠭᠠᠷᠭᠠᠭᠰᠠᠨ ᠬᠠᠮᠢᠶ᠎ᠠ ᠪᠦᠬᠦᠢ ᠭᠠᠷᠳᠠᠮ ᠢ ᠦᠨᠳᠦᠰᠦᠯᠡᠨ᠂ ᠣᠷᠣᠭᠤᠯᠤᠨ ᠠᠪᠴᠢᠷᠠᠬᠤ ᠴᠢᠳᠠᠪᠤᠷᠢᠲᠠᠨ ᠳᠤ ᠣᠷᠣᠨ ᠲᠤᠭ᠎ᠠ ᠶᠢ ᠵᠢᠭᠰᠠᠭᠠᠬᠤ ᠭᠠᠷᠳᠠᠮ ᠢ | ᠭᠦᠢᠴᠡᠳᠬᠡᠨ᠎ᠡ᠃ | ︵ᠭᠤᠷᠪᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠷᠢᠶ᠎ᠡ ᠬᠡᠪᠴᠢᠶ᠎ᠡ᠃ ᠴᠢᠳᠠᠪᠤᠷᠢᠲᠠᠨ ᠢ ᠠᠵᠤ ᠠᠬᠤᠶᠢᠯᠠᠯ ᠳᠤ ᠣᠷᠣᠭᠤᠯᠤᠨ | ᠠᠵᠢᠯᠯᠠᠭᠤᠯᠬᠤ ᠶᠢᠨ ᠵᠣᠷᠢᠯᠭ᠎ᠠ ᠪᠣᠯ ᠮᠠᠨ ᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠠᠮᠢᠶ᠎ᠠ ᠪᠦᠬᠦᠢ ᠠᠵᠤ ᠠᠬᠤᠶᠢᠯᠠᠯ ᠢ ᠬᠠᠪᠰᠤᠷᠴᠤ᠂ | ᠳᠡᠭᠡᠳᠦ ᠲᠠᠰ ᠤᠨ ᠪᠠᠴᠢᠮ ᠬᠡᠷᠡᠭᠴᠡᠭᠡ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠠᠵᠤ | ᠠᠬᠤᠶᠢᠯᠠᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ᠂ ᠵᠠᠬ᠎ᠠ ᠳᠡᠯᠭᠡᠭᠦᠷ ᠤᠨ ᠠᠵᠢᠯᠲᠠᠨ ᠡᠯᠰᠡᠬᠦ ᠵᠡᠷᠭᠡ ᠠᠷᠭ᠎ᠠ ᠵᠠᠮ ᠢᠶᠠᠷ ᠳᠡᠮᠵᠢᠨ ᠥᠪᠡᠰᠦᠪᠡᠨ | ᠣᠷᠣᠭᠤᠯᠤᠨ ᠠᠪᠴᠢᠷᠠᠵᠤ ᠳᠡᠶᠢᠯᠬᠦ ᠴᠢᠳᠠᠪᠤᠷᠢᠲᠠᠨ ᠨᠢ ᠡᠨᠡ ᠲᠥᠷᠥᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠪᠴᠢᠶᠡᠨ ᠳᠤ ᠪᠠᠭᠲᠠᠬᠤ ᠦᠭᠡᠢ᠃ ᠠᠵᠤ | ᠠᠬᠤᠶᠢᠯᠠᠯ ᠳᠤ ᠣᠷᠣᠭᠤᠯᠤᠨ ᠠᠪᠴᠢᠷᠠᠵᠤ ᠠᠵᠢᠯᠯᠠᠭᠤᠯᠬᠤ ᠴᠢᠳᠠᠪᠤᠷᠢᠲᠠᠨ ᠨᠢ ᠡᠷᠬᠡᠪᠰᠢ ᠠᠵᠤ ᠦᠢᠯᠡᠰ ᠤᠨ ᠬᠥᠭᠵᠢᠯᠲᠡ᠂ ᠮᠡᠷᠭᠡᠵᠢᠯ ᠤᠨ ᠪᠣᠭᠤᠮᠲᠠ ᠰᠢᠪᠲᠤᠯᠬᠤ᠂ | ᠡᠵᠡᠩᠨᠡᠯᠲᠡ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ᠂ | ᠭᠤᠣᠯᠯᠠᠭᠴᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠᠶᠢᠬᠤ ᠬᠡᠷᠡᠭᠲᠡᠢ᠃ | ᠭᠤᠷᠪᠠᠳᠤᠭᠠᠷ ᠵᠦᠢᠯ ᠦᠨᠳᠦᠰᠦᠨ ᠨᠥᠬᠦᠴᠡᠯ | ( ᠨᠢᠭᠡ ) ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠤ︔ | ︵ᠬᠤᠶᠠᠷ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠰᠠᠶᠢᠨ ᠰᠠᠶᠢᠬᠠᠨ ᠦᠵᠡᠯ ᠰᠠᠨᠠᠭ᠎ᠠ ᠤᠯᠤᠰ ᠲᠦᠷᠦ ᠶᠢᠨ | ᠬᠡᠪ ᠴᠢᠨᠠᠷ ᠪᠠ ᠶᠣᠰᠣ ᠮᠣᠷᠠᠯ ᠵᠠᠩ ᠴᠢᠨᠠᠷ ᠲᠠᠢ ᠪᠠᠶᠢᠵᠤ᠂ ᠮᠠᠭᠤ ᠠᠵᠢᠯ ᠮᠡᠷᠭᠡᠵᠢᠯ ᠤᠨ ᠶᠣᠰᠣ ᠮᠣᠷᠠᠯ ᠤᠨ ᠲᠡᠮᠳᠡᠭᠯᠡᠯ ᠦᠭᠡᠢ᠂ ᠬᠠᠤᠯᠢ ᠰᠠᠬᠢᠯᠭ᠎ᠠ ᠶᠢ ᠵᠥᠷᠢᠴᠡᠭᠰᠡᠨ | ᠦᠭᠡᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠢᠲᠡᠭᠡᠯ ᠠᠯᠳᠠᠭᠰᠠᠨ ᠵᠡᠷᠭᠡ ᠪᠠᠶᠢᠳᠠᠯ ᠦᠭᠡᠢ︔ | ︵ᠭᠤᠷᠪᠠ︶ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠬᠡᠪ ᠤᠨ ᠪᠠᠶᠢᠳᠠᠯ ᠢᠶᠠᠷ ᠭᠦᠢᠴᠡᠳᠬᠡᠬᠦ ᠪᠡᠶ᠎ᠡ | ᠮᠠᠬᠠᠪᠤᠳ ᠤᠨ ᠨᠥᠬᠦᠴᠡᠯ ᠲᠠᠢ ᠪᠠᠶᠢᠬᠤ︔ | ︵ᠳᠥᠷᠪᠡ︶ ᠠᠵᠤ ᠠᠬᠤᠶᠢᠯᠠᠯ ᠤᠨ ᠬᠡᠷᠡᠭᠰᠡᠬᠦ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯ ᠤᠨ ᠬᠡᠷᠡᠭᠴᠡᠭᠡ ᠶᠢ ᠬᠠᠩᠭᠠᠬᠤ︔ | ︵ᠲᠠᠪᠤ︶ ᠡᠩ ᠤᠨ ᠳᠡᠭᠡᠳᠦ ᠰᠤᠷᠭᠠᠭᠤᠯᠢ ᠶᠢᠨ ᠠᠰᠫᠢᠷᠠᠨᠲ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠡᠷᠳᠡᠮ ᠤᠨ ᠴᠣᠯᠠ ᠣᠯᠬᠤ︔ | ︵ᠵᠢᠷᠭᠤᠭ᠎ᠠ︶ ᠴᠢᠳᠠᠪᠤᠷᠢᠲᠠᠨ ᠣᠷᠣᠭᠤᠯᠵᠤ ᠢᠷᠡᠬᠦ ᠨᠠᠰᠤ ᠨᠢ ᠡᠷᠬᠡᠪᠰᠢ ᠪᠦᠬᠦᠯᠢ 30 ᠨᠠᠰᠤᠨ ᠠᠴᠠ ᠳᠣᠷᠣᠭᠰᠢ ︵ᠪᠦᠬᠦᠯᠢ 30 ᠨᠠᠰᠤ ᠪᠠᠭᠲᠠᠨ᠎ᠠ︶ | ᠪᠠᠶᠢᠬᠤ ᠬᠡᠷᠡᠭᠲᠡᠢ ︔ ᠳ᠋ᠣᠺᠲ᠋ᠣᠷ ᠤᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠪᠤᠶᠤ ᠳᠡᠳ᠋ ᠳᠡᠭᠡᠳᠦ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠲᠤᠰᠬᠠᠢ | ᠮᠡᠷᠭᠡᠵᠢᠯ ᠤᠨ ᠴᠣᠯᠠ ᠲᠠᠢ ᠪᠣᠯ ᠪᠦᠬᠦᠯᠢ 35 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ︔ | ︵ᠳᠣᠯᠤᠭ᠎ᠠ︶ ᠠᠵᠢᠯ ᠤᠨ ᠪᠠᠶᠢᠷᠢ ᠶᠢ ᠣᠷᠣᠭᠤᠯᠤᠨ ᠠᠪᠴᠢᠷᠠᠬᠤ ᠱᠠᠭᠠᠷᠳᠠᠯᠭ᠎ᠠ ᠳᠤ ᠨᠡᠶᠢᠴᠡᠭᠰᠡᠨ ᠲᠤᠰᠬᠠᠢ ᠮᠡᠷᠭᠡᠵᠢᠯ᠂ ᠠᠵᠢᠯ ᠮᠡᠷᠭᠡᠵᠢᠯ ᠤᠨ ᠬᠢᠷᠢ ᠬᠡᠮ᠂ | ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠵᠡᠷᠭᠡ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠣᠷᠣᠭᠤᠯᠵᠤ ᠢᠷᠡᠬᠦ ᠦᠭᠡᠢ᠄ | ︵ᠨᠢᠭᠡ︶ ᠵᠢᠩᠬᠢᠨᠢ ᠠᠯᠪᠠᠨ ᠤ ᠴᠡᠷᠢᠭ︔ ᠰᠤᠷᠤᠯᠴᠠᠵᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠣᠶᠤᠲᠠᠨ ᠪᠠ ᠠᠰᠫᠢᠷᠠᠨᠲ︔ | ︵ᠬᠤᠶᠠᠷ︶ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ | ᠬᠥᠮᠥᠰ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔ | ︵ᠭᠤᠷᠪᠠ︶ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠢ ᠬᠠᠷᠠᠬᠠᠨ ᠬᠦᠴᠦᠨ ᠦᠭᠡᠢ ᠪᠣᠯᠭᠠᠭᠠᠳᠤᠢ ᠪᠤᠶᠤ ᠳᠤᠮᠳᠠᠳᠤ ᠤᠯᠤᠰ ᠤᠨ ᠡᠪ ᠬᠠᠮᠲᠤ ᠨᠠᠮ ᠠᠴᠠ | ᠬᠥᠭᠡᠭᠡᠭᠳᠡᠭᠰᠡᠨ ᠬᠥᠮᠥᠰ︔ | ︵ᠳᠥᠷᠪᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠠᠴᠠ ᠪᠣᠯᠵᠤ ᠬᠠᠤᠯᠢ ᠴᠠᠭᠠᠵᠠ ᠶᠢᠨ ᠪᠠᠶᠢᠴᠠᠭᠠᠯᠲᠠ ᠶᠢ ᠬᠦᠯᠢᠶᠡᠵᠦ ᠪᠠᠶᠢᠲᠠᠯ᠎ᠠ ᠬᠠᠷᠠᠬᠠᠨ | ᠳ᠋ᠦᠩᠨᠡᠯᠲᠡ ᠭᠠᠷᠭᠠᠭᠠᠳᠤᠢ ᠬᠥᠮᠥᠰ︔ | ︵ᠲᠠᠪᠤ︶ ᠡᠯ᠎ᠡ ᠱᠠᠲᠤᠨ ᠤ ᠠᠯᠪᠠᠲᠠᠨ ᠪᠤᠶᠤ ᠠᠵᠢᠯ ᠦᠢᠯᠡᠰ ᠤᠨ ᠨᠢᠭᠡᠴᠡ ᠶᠢᠨ ᠰᠢᠯᠭᠠᠨ ᠡᠯᠰᠡᠬᠦ ᠰᠢᠯᠭᠠᠯᠲᠠ ᠳᠤ ᠬᠡᠮ ᠦᠢᠯᠡᠳᠦᠭᠰᠡᠨ ᠵᠡᠷᠭᠡ ᠰᠠᠬᠢᠯᠭ᠎ᠠ | ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠬᠤ ᠨᠢ ᠬᠠᠷᠠᠬᠠᠨ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ︔ | ︵ᠵᠢᠷᠭᠤᠭ᠎ᠠ︶ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠵᠢᠯ ᠳᠤ ᠪᠠᠶᠢᠭ᠎ᠠ ᠣᠷᠣᠨ ᠲᠤᠭ᠎ᠠ ᠳᠤ ᠪᠠᠶᠢᠭ᠎ᠠ | ᠠᠯᠪᠠᠲᠠᠨ ᠪᠠ ᠠᠵᠢᠯ ᠦᠢᠯᠡᠰ ᠤᠨ ᠨᠢᠭᠡᠴᠡ ᠳᠤ ᠵᠢᠩᠬᠢᠨᠢ ᠪᠠᠷ ᠤᠷᠢᠨ ᠬᠡᠷᠡᠭᠯᠡᠬᠦ ᠠᠵᠢᠯᠲᠠᠨ︔ ᠮᠠᠨ ᠤ ᠬᠤᠲᠠ ᠶᠢᠨ ᠲᠤᠰᠢᠶᠠᠯ ᠠᠴᠠ ᠪᠠᠨ ᠰᠠᠯᠤᠭᠠᠳ ᠲᠠᠪᠤᠨ ᠵᠢᠯ | ᠪᠣᠯᠤᠭ᠎ᠠ ᠦᠭᠡᠢ ᠤᠤᠯ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠵᠢᠯ ᠳᠤ ᠪᠠᠶᠢᠭ᠎ᠠ ᠣᠷᠣᠨ ᠲᠤᠭ᠎ᠠ ᠳᠤ ᠪᠠᠶᠢᠭ᠎ᠠ ᠠᠯᠪᠠᠲᠠᠨ ᠪᠠ ᠠᠵᠢᠯ ᠦᠢᠯᠡᠰ ᠤᠨ | ᠨᠢᠭᠡᠴᠡ ᠠᠴᠠ ᠵᠢᠩᠬᠢᠨᠢ ᠪᠠᠷ ᠠᠵᠢᠯᠲᠠᠨ ᠤᠷᠢᠵᠤ ᠬᠡᠷᠡᠭᠯᠡᠨ᠎ᠡ︔ | ︵ᠳᠣᠯᠤᠭ᠎ᠠ︶ ᠴᠢᠳᠠᠪᠤᠷᠢᠲᠠᠨ ᠡᠯᠰᠡᠬᠦ ᠠᠵᠢᠯᠯᠠᠭ᠎ᠠ ᠶᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠤᠷᠢᠨ ᠬᠡᠷᠡᠭᠯᠡᠬᠦ ᠭᠠᠷᠳᠠᠮ | ᠭᠦᠢᠴᠡᠳᠬᠡᠬᠦ ᠠᠴᠠ ᠡᠮᠦᠨ᠎ᠡ᠂ ᠪᠤᠰᠤᠳ ᠠᠯᠪᠠᠲᠠᠨ ︵ᠠᠯᠪᠠᠨ ᠳᠤ ᠣᠷᠣᠯᠴᠠᠭᠴᠢ︶ ᠤ ᠰᠢᠯᠭᠠᠨ ᠡᠯᠰᠡᠯᠲᠡ ᠳᠤ ᠣᠷᠣᠯᠴᠠᠭᠰᠠᠨ ᠪᠤᠶᠤ ᠠᠵᠢᠯ ᠦᠢᠯᠡᠰ ᠤᠨ | ᠨᠢᠭᠡᠴᠡ ᠶᠢᠨ ᠣᠷᠣᠨ ᠲᠣᠭᠠᠨ ᠤ ᠳᠣᠲᠣᠷ᠎ᠠ ᠢᠯᠡ ᠪᠠᠷ ᠤᠷᠢᠨ ᠬᠡᠷᠡᠭᠯᠡᠭᠰᠡᠨ ᠠᠴᠠ ᠪᠣᠯᠵᠤ᠂ ᠪᠤᠰᠤᠳ ᠪᠠᠶᠢᠭᠤᠯᠤᠯᠭ᠎ᠠ ︵ᠠᠯᠪᠠᠨ ᠳᠤ ᠣᠷᠣᠯᠴᠠᠭᠴᠢ ᠨᠢᠭᠡᠴᠡ︶ | ᠳᠤ ᠡᠯᠰᠡᠭᠳᠡᠭᠰᠡᠨ ᠪᠤᠶᠤ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠣᠷᠣᠵᠤ ᠤᠷᠢᠨ ᠬᠡᠷᠡᠭᠯᠡᠭᠰᠡᠨ ᠠᠴᠠ ᠪᠣᠯᠤᠭᠰᠠᠨ︔ ᠲᠣᠰ ᠤᠳᠠᠭᠠᠨ ᠤ | ᠴᠢᠳᠠᠪᠤᠷᠢᠲᠠᠨ ᠡᠯᠰᠡᠬᠦ ᠠᠵᠢᠯᠯᠠᠭ᠎ᠠ ᠶᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠠᠴᠠ ᠡᠮᠦᠨ᠎ᠡ᠂ ᠪᠦᠬᠦᠯᠢ | ᠡᠳᠦᠷ ᠤᠨ ᠳᠦᠷᠢᠮᠲᠦ ᠰᠣᠷᠣᠭᠴᠢ ᠪᠣᠯᠤᠭᠰᠠᠨ︔ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ | ᠦᠭᠡᠢ ᠪᠤᠰᠤᠳ ᠪᠠᠶᠢᠳᠠᠯ ᠲᠠᠢ ᠬᠥᠮᠥᠰ᠃ | ᠲᠠᠪᠤᠳᠤᠭᠠᠷ ᠵᠦᠢᠯ ᠣᠷᠣᠭᠤᠯᠬᠤ ᠵᠢᠷᠤᠮ | ︵ᠨᠢᠭᠡ︶ ᠠᠵᠢᠯ ᠤᠨ ᠪᠠᠶᠢᠷᠢ ᠲᠣᠭᠲᠠᠭᠠᠬᠤ | 1. ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ ᠵᠢᠭᠰᠠᠭᠠᠬᠤ ᠶᠢ ᠥᠷᠨᠢᠭᠦᠯᠦᠨ᠎ᠡ᠃ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ | ᠬᠤᠯᠪᠤᠭᠠᠯᠠᠨ᠂ ︽ᠳᠥᠷᠪᠡᠨ ᠲᠣᠭᠤᠷᠢᠭ︾ ︽ᠬᠤᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ︾ ᠢ ᠪᠦᠲᠦᠭᠡᠨ ᠪᠠᠶᠢᠭᠤᠯᠤᠭᠰᠠᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠨᠠᠷᠢᠨ ᠲᠣᠳᠣᠷᠬᠠᠢ ᠬᠡᠷᠡᠭᠴᠡᠭᠡ | ᠱᠠᠭᠠᠷᠳᠠᠯᠭ᠎ᠠ ᠶᠢᠨ ᠪᠠᠶᠢᠳᠠᠯ ᠢ ᠡᠵᠡᠮᠳᠡᠪᠡ᠃ ᠮᠡᠳᠡᠭᠦᠯᠦᠭᠰᠡᠨ ᠠᠵᠤ ᠠᠬᠤᠶᠢᠯᠠᠯ ᠨᠢ ︽ᠭᠤᠣᠯᠳᠠᠯᠭ᠎ᠠ ᠲᠠᠢ ᠠᠵᠤ ᠠᠬᠤᠶᠢᠯᠠᠯ ᠤᠨ ᠣᠷᠣᠭᠤᠯᠵᠤ ᠢᠷᠡᠬᠦ ᠳᠡᠭᠡᠳᠦ | ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ | ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠨ᠎ᠠ᠃ | 2. ᠴᠢᠳᠠᠪᠤᠷᠢᠲᠠᠨ ᠣᠷᠣᠭᠤᠯᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ᠂ ᠴᠢᠳᠠᠪᠤᠷᠢᠲᠠᠨ ᠣᠷᠣᠭᠤᠯᠬᠤ ᠠᠵᠤ ᠠᠬᠤᠶᠢᠯᠠᠯ ᠯᠤᠭ᠎ᠠ ᠬᠤᠯᠪᠣᠭ᠎ᠠ ᠲᠠᠢ ᠠᠵᠢᠯ ᠦᠢᠯᠡᠰ ᠤᠨ | ᠨᠢᠭᠡᠴᠡ ᠶᠢᠨ ᠬᠤᠭᠤᠰᠤᠨ ᠣᠷᠣᠨ ᠲᠤᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠴᠢᠳᠠᠪᠤᠷᠢᠲᠠᠨ ᠣᠷᠣᠭᠤᠯᠬᠤ ᠠᠵᠢᠯ ᠤᠨ ᠪᠠᠶᠢᠷᠢ᠂ | ᠴᠢᠳᠠᠪᠤᠷᠢᠲᠠᠨ ᠣᠷᠣᠭᠤᠯᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠨᠢ ᠠᠵᠤ | ᠠᠬᠤᠶᠢᠯᠠᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠷᠡᠭᠴᠡᠭᠡ ᠱᠠᠭᠠᠷᠳᠠᠯᠭ᠎ᠠ ᠶᠢ ᠬᠤᠷᠢᠶᠠᠩᠭᠤᠶᠢᠯᠠᠵᠤ᠂ ᠬᠤᠲᠠ ᠶᠢᠨ ᠵᠣᠬᠢᠶᠠᠨ ᠪᠠᠶᠢᠭᠤᠯᠬᠤ᠂ ᠣᠷᠣᠨ | ᠲᠤᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠢᠯ ᠪᠦᠷᠢ ᠶᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠤ ᠠᠬᠤᠶᠢᠯᠠᠯ ᠵᠢᠴᠢ ᠣᠷᠣᠭᠤᠯᠤᠨ ᠠᠪᠴᠢᠷᠠᠬᠤ | ᠲᠤᠭ᠎ᠠ ᠬᠡᠮᠵᠢᠶ᠎ᠡ ᠶᠢ ᠵᠥᠪᠳᠡᠯᠴᠡᠨ ᠲᠣᠭᠲᠠᠭᠠᠨ᠎ᠠ᠃ | ︵ᠬᠤᠶᠠᠷ︶ ᠠᠯᠪᠠᠨ ᠵᠠᠷ ᠨᠡᠶᠢᠲᠡᠯᠡᠨ᠎ᠡ᠃ ᠬᠤᠲᠠ ᠶᠢᠨ ᠲᠠᠰ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠪᠠᠶᠠᠨᠨᠠᠭᠤᠷ ᠬᠤᠲᠠ ᠶᠢᠨ ᠠᠵᠢᠯᠲᠠᠨ ᠤ | ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ᠳᠤ᠂ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ | ᠱᠠᠭᠠᠷᠳᠠᠯᠭ᠎ᠠ ᠶᠢ ᠨᠡᠶᠢᠲᠡᠯᠡᠨ᠎ᠡ᠃ | ︵ᠭᠤᠷᠪᠠ︶ ᠨᠡᠷ᠎ᠡ ᠮᠡᠳᠡᠭᠦᠯᠵᠦ ᠲᠡᠮᠳᠡᠭᠯᠡᠭᠦᠯᠬᠦ᠂ ᠬᠢᠷᠢ ᠬᠡᠮ ᠤᠨ ᠠᠩᠬᠠᠨ ᠤ ᠬᠢᠨᠠᠯᠲᠠ ᠬᠢᠬᠦ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ︽ᠪᠠᠶᠠᠨᠨᠠᠭᠤᠷ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠡᠷ᠎ᠡ ᠮᠡᠳᠡᠭᠦᠯᠬᠦ ᠬᠦᠰᠦᠨᠦᠭᠲᠦ ︾ ︵ᠳᠠᠭᠠᠯᠳᠤᠭᠤᠯᠤᠯ 2︶ ᠶᠢ ᠲᠠᠭᠯᠠᠵᠤ᠂ ᠨᠡᠷ᠎ᠡ ᠮᠡᠳᠡᠭᠦᠯᠵᠦ | ᠳᠠᠩᠰᠠᠯᠠᠬᠤ᠂ ᠬᠢᠷᠢ ᠬᠡᠮ ᠤᠨ ᠠᠩᠬᠠᠨ ᠤ ᠬᠢᠨᠠᠯᠲᠠ ᠶᠢ ᠥᠷᠨᠢᠭᠦᠯᠦᠨ᠎ᠡ᠃ | ︵ᠳᠥᠷᠪᠡ︶ ᠰᠢᠯᠭᠠᠨ ᠦᠨᠡᠯᠡᠬᠦ ᠶᠢ ᠥᠷᠨᠢᠭᠦᠯᠦᠨ᠎ᠡ᠃ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠠᠴᠠ | ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠦᠢᠯᠡᠰ ᠤᠨ ᠬᠠᠭᠤᠳᠠᠰᠤ ᠲᠠᠢ ᠬᠠᠮᠲᠤᠷᠠᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯᠲᠠᠨ ᠲᠠᠲᠠᠵᠤ | ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠢ ᠪᠦᠷᠢᠯᠳᠦᠭᠦᠯᠦᠨ᠎ᠡ᠃ ᠰᠢᠯᠭᠠᠨ ᠦᠨᠡᠯᠡᠬᠦ ᠶᠢ ᠡᠩ ᠤᠨ ᠪᠠᠶᠢᠳᠠᠯ ᠳᠤ ᠨᠢᠭᠤᠷᠲᠠᠨ ᠰᠢᠯᠭᠠᠬᠤ ᠪᠤᠶᠤ ᠪᠢᠷ ᠤᠨ | ᠰᠢᠯᠭᠠᠯᠲᠠ ᠶᠢᠨ ᠨᠢᠭᠤᠷᠲᠠᠨ ᠰᠢᠯᠭᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠂ ᠪᠣᠳᠠᠲᠠᠢ ᠰᠢᠯᠭᠠᠨ ᠦᠨᠡᠯᠡᠬᠦ ᠬᠡᠯᠪᠡᠷᠢ ᠶᠢ ᠨᠡᠷ᠎ᠡ ᠮᠡᠳᠡᠭᠦᠯᠦᠭᠰᠡᠨ | ᠲᠤᠭ᠎ᠠ ᠬᠡᠮᠵᠢᠶ᠎ᠡ ᠪᠠ ᠠᠵᠢᠯ ᠤᠨ ᠪᠠᠶᠢᠷᠢ ᠶᠢᠨ ᠴᠢᠳᠠᠪᠤᠷᠢᠲᠠᠨ ᠡᠯᠰᠡᠬᠦ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠪᠠᠶᠢᠳᠠᠯ ᠢ ᠨᠢ ᠦᠵᠡᠵᠦ ᠲᠣᠭᠲᠠᠭᠠᠨ᠎ᠠ᠃ | ︵ᠲᠠᠪᠤ︶ ᠪᠡᠶ᠎ᠡ ᠶᠢᠨ ᠪᠠᠶᠢᠴᠠᠭᠠᠯᠲᠠ᠃ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠬᠥᠮᠥᠰ ᠤᠨ ᠪᠡᠶ᠎ᠡ ᠶᠢᠨ ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ | ᠡᠯᠰᠡᠵᠦ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠢᠨ᠎ᠡ᠂ ᠪᠡᠶ᠎ᠡ ᠶᠢᠨ ᠪᠠᠶᠢᠴᠠᠭᠠᠯᠲᠠ ᠶᠢᠨ | ᠠᠵᠢᠯ ᠢ ᠴᠢᠳᠠᠪᠤᠷᠢᠲᠠᠨ ᠡᠯᠰᠡᠵᠦ ᠣᠷᠣᠨ ᠲᠤᠭ᠎ᠠ ᠳᠤ ᠬᠠᠷᠢᠭᠤᠴᠠᠬᠤ ᠶᠢᠨ ᠬᠠᠮᠲᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠭᠠᠷᠭᠠᠨ᠎ᠠ᠃ | ( ᠵᠢᠷᠭᠤᠭ᠎ᠠ ) ᠬᠢᠨᠠᠨ ᠪᠠᠶᠢᠴᠠᠭᠠᠵᠤ ᠲᠡᠬᠢᠠ ᠬᠢᠨᠠᠬᠤ᠃ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠰ ᠲᠤ ᠴᠢᠳᠠᠪᠤᠷᠢᠲᠠᠨ ᠣᠷᠣᠭᠤᠯᠬᠤ ᠠᠵᠢᠯ | ᠦᠢᠯᠡᠰ ᠤᠨ ᠨᠢᠭᠡᠴᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠬᠠᠮᠲᠤᠷᠠᠨ ᠪᠠᠶᠢᠴᠠᠭᠠᠯᠲᠠ ᠬᠢᠬᠦ ᠪᠠ ᠬᠢᠷᠢ ᠬᠡᠮ ᠢ ᠨᠢ ᠳᠠᠬᠢᠨ | ᠬᠢᠨᠠᠬᠤ ᠠᠵᠢᠯ ᠢ ᠥᠷᠨᠢᠭᠦᠯᠦᠨ᠎ᠡ᠃ ᠰᠢᠯᠭᠠᠨ ᠪᠠᠶᠢᠴᠠᠭᠠᠬᠤ ᠪᠠ ᠬᠢᠷᠢ ᠬᠡᠮ ᠢ ᠳᠠᠬᠢᠨ ᠬᠢᠨᠠᠬᠤ ᠳᠤ ᠡᠷᠬᠡᠪᠰᠢ ᠰᠤᠷᠭᠠᠭᠤᠯᠢ ᠶᠢᠨ ᠬᠠᠷᠢᠶ᠎ᠠ ᠶᠢᠨ ᠲᠠᠩᠰᠠ ᠡᠪᠬᠡᠮᠡᠯ᠂ | ᠬᠠᠮᠢᠶ᠎ᠠ ᠪᠦᠬᠦᠢ ᠮᠠᠲ᠋ᠧᠷᠢᠶᠠᠯ ᠤᠨ ᠤᠭ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ ᠶᠠᠷᠢᠯᠴᠠᠵᠤ ᠪᠠᠶᠢᠳᠠᠯ ᠢ | ᠣᠶᠢᠯᠠᠭᠠᠵᠤ ᠪᠣᠯᠣᠨ᠎ᠠ᠃ ᠬᠢᠨᠠᠨ ᠪᠠᠶᠢᠴᠠᠭᠠᠬᠤ ᠪᠠ ᠬᠢᠷᠢ ᠬᠡᠮ ᠤᠨ ᠳᠠᠬᠢᠨ ᠬᠢᠨᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠡᠯ᠎ᠡ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠳ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠤᠷᠠᠯ ᠬᠤᠷᠠᠯᠳᠤᠭᠤᠯᠵᠤ ᠣᠷᠣᠭᠤᠯᠤᠨ ᠠᠪᠴᠢᠷᠠᠬᠤ ᠪᠠᠷ ᠪᠠᠶᠢᠭ᠎ᠠ ᠬᠥᠮᠥᠰ ᠢ | ᠰᠤᠳᠤᠯᠤᠨ ᠲᠣᠭᠲᠠᠭᠠᠵᠤ᠂ ᠣᠷᠣᠭᠤᠯᠤᠨ ᠠᠪᠴᠢᠷᠠᠬᠤ ᠨᠥᠬᠦᠴᠡᠯ ᠳᠤ ᠨᠡᠶᠢᠴᠡᠬᠦ ᠦᠭᠡᠢ ᠶᠢ ᠨᠢ ᠬᠢᠷᠢ ᠬᠡᠮ ᠢ ᠨᠢ ᠬᠠᠰᠤᠬᠤ ᠶᠢᠨ ᠬᠠᠮᠲᠤ ᠲᠠᠰ ᠳᠠᠷᠠᠭᠠᠯᠠᠨ | ᠨᠥᠬᠦᠪᠦᠷᠢᠯᠡᠬᠦ ᠬᠡᠷᠡᠭᠲᠡᠢ᠃ | ︵ᠳᠣᠯᠤᠭ᠎ᠠ︶ ᠢᠯᠡ ᠨᠡᠶᠢᠲᠡᠯᠡᠨ᠎ᠡ᠃ ᠣᠷᠣᠭᠤᠯᠵᠤ ᠠᠪᠴᠢᠷᠠᠬᠤ ᠪᠠᠷ ᠪᠠᠶᠢᠭ᠎ᠠ ᠬᠥᠮᠥᠰ ᠢ ᠲᠣᠭᠲᠠᠭᠠᠭᠰᠠᠨ ᠤ ᠳᠠᠷᠠᠭ᠎ᠠ᠂ ᠡᠯ᠎ᠡ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠠᠯᠪᠠᠨ ᠤ ᠰᠦᠯᠵᠢᠶ᠎ᠡ ᠳᠤ 5 ᠠᠵᠢᠯᠯᠠᠬᠤ ᠡᠳᠦᠷ ᠤᠨ ᠬᠤᠭᠤᠴᠠᠭ᠎ᠠ ᠲᠠᠢ ᠵᠠᠷᠯᠠᠨ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ | ᠲᠤᠰᠬᠠᠭᠰᠠᠨ ᠭᠠᠳᠠᠭᠠᠳᠤ ᠠᠴᠠ ᠣᠷᠣᠭᠤᠯᠬᠤ ᠶᠢ ᠨᠥᠯᠥᠭᠡᠯᠡᠬᠦ ᠠᠰᠠᠭᠤᠳᠠᠯ ᠢ ᠪᠠᠶᠢᠴᠠᠭᠠᠬᠤ ᠶᠢᠨ ᠬᠠᠮᠲᠤ ᠪᠣᠳᠠᠲᠤ ᠪᠠᠷᠢᠮᠲᠠ ᠲᠠᠢ ᠪᠣᠯ ᠭᠠᠳᠠᠭᠠᠳᠤ ᠠᠴᠠ | ᠣᠷᠣᠭᠤᠯᠬᠤ ᠦᠭᠡᠢ︔ ᠲᠤᠰᠬᠠᠭᠰᠠᠨ ᠠᠰᠠᠭᠤᠳᠠᠯ ᠢ ᠲᠦᠷ ᠴᠠᠭ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠠᠶᠢᠪᠠᠯ᠂ ᠭᠠᠳᠠᠭᠠᠳᠤ ᠠᠴᠠ ᠣᠷᠣᠭᠤᠯᠬᠤ ᠶᠢ ᠲᠦᠷ | ᠬᠤᠶᠢᠰᠢᠯᠠᠭᠤᠯᠵᠤ᠂ ᠠᠰᠠᠭᠤᠳᠠᠯ ᠢ ᠪᠠᠶᠢᠴᠠᠭᠠᠨ ᠲᠣᠳᠣᠯᠠᠭᠰᠠᠨ ᠤ ᠲᠠᠷᠠᠭ᠎ᠠ ᠭᠠᠳᠠᠭᠠᠳᠤ ᠠᠴᠠ ᠣᠷᠣᠭᠤᠯᠬᠤ ᠡᠰᠡᠬᠦ ᠪᠠᠨ ᠲᠣᠭᠲᠠᠭᠠᠨ᠎ᠠ᠃ | ︵ᠨᠠᠢᠮᠠ︶ ᠤᠷᠢᠨ ᠬᠡᠷᠡᠭᠯᠡᠬᠦ᠃ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠶᠢ ᠨᠢ ᠵᠢᠩᠬᠢᠨᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠢᠶᠠᠷ | ᠲᠣᠭᠲᠠᠭᠠᠵᠤ᠂ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠣᠭᠲᠠᠭᠠᠯ ᠶᠣᠰᠣᠭᠠᠷ ᠤᠷᠢᠨ ᠬᠡᠷᠡᠭᠯᠡᠬᠦ ᠭᠠᠷᠳᠠᠮ ᠢ ᠭᠦᠢᠴᠡᠳᠬᠡᠨ᠎ᠡ᠃ | ᠴᠢᠳᠠᠪᠤᠷᠢᠲᠠᠨ ᠢ ᠠᠵᠤ ᠠᠬᠤᠶᠢᠯᠠᠯ ᠳᠤ ᠣᠷᠣᠭᠤᠯᠤᠨ ᠠᠵᠢᠯᠯᠠᠭᠤᠯᠬᠤ ᠳᠤ᠂ ᠠᠵᠤ ᠠᠬᠤᠶᠢᠯᠠᠯ ᠠᠴᠠ ᠴᠠᠯᠢᠩ ᠬᠥᠯᠥᠰᠦ ᠣᠯᠭᠤᠵᠤ᠂ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ | ᠠᠯᠳᠠᠭᠰᠠᠳ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠵᠢᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ ᠶᠢᠨ | ᠬᠠᠮᠲᠤ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠳᠤ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠭᠦᠨ᠎ᠡ᠃ | | ᠵᠢᠷᠭᠤᠳᠤᠭᠠᠷ ᠵᠦᠢᠯ ᠬᠠᠮᠢᠶᠠᠷᠤᠯᠲᠠ ᠶᠢᠨ ᠲᠣᠭᠲᠠᠴᠠ | ︵ᠨᠢᠭᠡ︶ ᠡᠳᠦᠷ ᠲᠤᠲᠤᠮ ᠤᠨ ᠬᠠᠮᠢᠶᠠᠷᠤᠯᠲᠠ᠃ ᠴᠢᠳᠠᠪᠤᠷᠢᠲᠠᠨ ᠢ ᠠᠵᠤ ᠠᠬᠤᠶᠢᠯᠠᠯ ᠳᠤ ᠣᠷᠣᠭᠤᠯᠤᠨ ᠠᠵᠢᠯᠯᠠᠭᠤᠯᠬᠤ ᠬᠡᠯᠡᠯᠴᠡᠭᠡᠷ ᠤᠨ ᠬᠤᠭᠤᠴᠠᠭ᠎ᠠ | ᠪᠦᠷᠢ ᠳᠤ 3 ᠵᠢᠯ ᠠᠵᠢᠯᠯᠠᠨ᠎ᠠ᠂ ᠠᠵᠤ ᠠᠬᠤᠶᠢᠯᠠᠯ ᠳᠤ ᠠᠵᠢᠯᠯᠠᠬᠤ ᠬᠤᠭᠤᠴᠠᠭᠠᠨ ᠳᠤ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢᠨ ᠪᠠᠶᠢᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠬᠥᠮᠥᠰ ᠯᠦᠭᠡ ᠠᠳᠠᠯᠢ ᠲᠡᠭᠰᠢ ᠡᠷᠬᠡ ᠶᠢ ᠡᠳ᠋ᠯᠡᠵᠦ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ᠂ | ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠠᠵᠢᠯ ᠤᠨ ᠪᠠᠶᠢᠷᠢ ᠳᠤ ᠥᠷᠢᠰᠦᠯᠳᠦᠨ ᠤᠷᠢᠬᠤ ᠵᠡᠷᠭᠡ ᠳᠤ ᠡᠷᠬᠡ ᠲᠡᠭᠰᠢ ᠪᠠᠷ ᠣᠷᠣᠯᠴᠠᠨ᠎ᠠ᠃ᠣᠷᠣᠭᠤᠯᠤᠨ | ᠠᠪᠴᠢᠷᠠᠭᠰᠠᠨ ᠴᠢᠳᠠᠪᠤᠷᠢᠲᠠᠨ ᠨᠢ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠬᠤᠭᠤᠴᠠᠭᠠᠨ ᠳᠤ᠂ ᠠᠵᠤ ᠠᠬᠤᠶᠢᠯᠠᠯ ᠠᠴᠠ ᠡᠳᠦᠷ ᠲᠤᠲᠤᠮ ᠤᠨ | ᠬᠠᠮᠢᠶᠠᠷᠤᠯᠲᠠ ᠪᠠᠨ ᠰᠠᠶᠢᠲᠤᠷ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢᠨ ᠪᠠᠶᠢᠭ᠎ᠠ ᠠᠵᠢᠯ ᠦᠢᠯᠡᠰ ᠤᠨ ᠨᠢᠭᠡᠴᠡ ᠳᠤ | ᠪᠠᠶᠢᠳᠠᠯ ᠢ ᠬᠠᠷᠢᠭᠤ ᠲᠤᠰᠬᠠᠨ᠎ᠠ᠃ | ︵ᠬᠤᠶᠠᠷ︶ ᠣᠯᠭᠤᠮᠵᠢ ᠶᠢᠨ ᠪᠠᠲᠤᠯᠠᠭ᠎ᠠ᠃ ᠠᠵᠢᠯ ᠦᠢᠯᠡᠰ ᠤᠨ ᠨᠢᠭᠡᠴᠢ ᠴᠢᠳᠠᠪᠤᠷᠢᠲᠠᠨ ᠢ ᠠᠵᠤ ᠠᠬᠤᠶᠢᠯᠠᠯ ᠳᠤ ᠣᠷᠣᠭᠤᠯᠤᠨ ᠠᠵᠢᠯᠯᠠᠭᠤᠯᠬᠤ ᠳᠠᠭᠠᠨ | ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠯᠤᠭ᠎ᠠ ᠬᠤᠯᠪᠣᠭᠳᠠᠯ ᠪᠦᠬᠦᠢ ᠬᠡᠯᠡᠯᠴᠡᠭᠡᠷ ᠲᠣᠭᠲᠠᠭᠠᠵᠤ᠂ ᠠᠵᠢᠯ ᠤᠨ | ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠬᠢᠨᠠᠨ ᠰᠢᠯᠭᠠᠯᠲᠠ᠂ ᠴᠠᠯᠢᠩ ᠣᠯᠭᠤᠮᠵᠢ ᠵᠡᠷᠭᠡ ᠤᠴᠢᠷ ᠶᠠᠪᠤᠳᠠᠯ ᠤᠨ ᠲᠤᠬᠠᠢ ᠪᠣᠯᠵᠣᠨ ᠲᠣᠭᠲᠠᠭᠠᠬᠤ ᠬᠡᠷᠡᠭᠲᠡᠢ᠃ | ᠠᠵᠢᠯ ᠦᠢᠯᠡᠰ ᠤᠨ ᠨᠢᠭᠡᠴᠢ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠤ ᠠᠬᠤᠶᠢᠯᠠᠯ ᠨᠢ ᠠᠵᠢᠯᠯᠠᠬᠤ ᠬᠤᠭᠤᠴᠠᠭ᠎ᠠ᠂ ᠬᠥᠯᠥᠰᠦ ᠣᠯᠭᠤᠮᠵᠢ᠂ ᠱᠠᠩᠨᠠᠯ | ᠬᠥᠬᠢᠭᠦᠯᠦᠯ ᠵᠡᠷᠭᠡ ᠡᠷᠬᠡ ᠡᠭᠦᠷᠭᠡ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠰᠢᠯᠵᠢᠭᠦᠯᠦᠨ ᠥᠭᠬᠦ᠂ ᠡᠷᠬᠡ ᠠᠰᠢᠭ ᠢ ᠬᠤᠪᠢᠶᠠᠷᠢᠯᠠᠬᠤ ᠵᠡᠷᠭᠡ ᠠᠭᠤᠯᠭ᠎ᠠ ᠶᠢ ᠪᠣᠯᠵᠣᠨ ᠲᠣᠭᠲᠠᠭᠠᠬᠤ ᠬᠡᠷᠡᠭᠲᠡᠢ᠃ | ︵ᠭᠤᠷᠪᠠ︶ ᠰᠢᠯᠭᠠᠨ ᠬᠢᠨᠠᠵᠤ ᠦᠨᠡᠯᠡᠨ᠎ᠡ᠃ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠬᠢᠨᠠᠨ ᠰᠢᠯᠭᠠᠯᠲᠠ ᠶᠢ ᠣᠨ ᠤ ᠬᠢᠨᠠᠨ ᠰᠢᠯᠭᠠᠯᠲᠠ ᠪᠠ | ᠬᠤᠭᠤᠴᠠᠭᠠᠨ ᠡᠴᠦᠰ ᠤᠨ ᠬᠢᠨᠠᠨ ᠰᠢᠯᠭᠠᠯᠲᠠ ᠭᠡᠵᠦ ᠬᠤᠪᠢᠶᠠᠨ᠎ᠠ᠃ ᠣᠨ ᠤ ᠬᠢᠨᠠᠨ ᠰᠢᠯᠭᠠᠯᠲᠠ ᠶᠢ ᠵᠢᠯ ᠪᠦᠷᠢ ᠠᠵᠤ ᠠᠬᠤᠶᠢᠯᠠᠯ ᠠᠴᠠ ᠬᠠᠷᠢᠭᠤᠴᠠᠨ ᠵᠣᠬᠢᠶᠠᠨ | ᠪᠠᠶᠢᠭᠤᠯᠵᠤ ᠥᠷᠨᠢᠭᠦᠯᠦᠨ᠎ᠡ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠶᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠰᠤᠳᠤᠯᠵᠤ ᠬᠢᠨᠠᠨ ᠶᠠᠷᠢᠯᠴᠠᠭᠤᠯᠤᠭᠰᠠᠨ ᠤ ᠳᠠᠷᠠᠭ᠎ᠠ᠂ ᠠᠵᠢᠯ ᠠᠴᠠ ᠨᠢ ᠵᠣᠭᠰᠣᠭᠠᠨ᠎ᠠ᠃ ᠬᠤᠭᠤᠴᠠᠭᠠᠨ | ᠡᠴᠦᠰ ᠤᠨ ᠬᠢᠨᠠᠨ ᠰᠢᠯᠭᠠᠯᠲᠠ ᠶᠢ 3 ᠵᠢᠯ ᠤᠨ ᠬᠡᠯᠡᠯᠴᠡᠭᠡᠷ ᠤᠨ ᠬᠤᠭᠤᠴᠠᠭ᠎ᠠ ᠳᠦᠭᠦᠷᠬᠦ ᠦᠶ᠎ᠡ ᠳᠤ ᠨᠢᠭᠡ ᠤᠳᠠᠭ᠎ᠠ ᠶᠠᠪᠤᠭᠳᠠᠭᠤᠯᠤᠨ᠎ᠠ᠂ ᠬᠤᠲᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ ᠭᠡᠷ ᠠᠴᠠ ᠲᠤᠰᠬᠠᠢ ᠬᠥᠮᠥᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠵᠤ᠂ ᠴᠢᠳᠠᠪᠤᠷᠢᠲᠠᠨ ᠤ 3 | ᠵᠢᠯ ᠤᠨ ᠳᠣᠲᠣᠷᠠᠬᠢ ᠰᠤᠷᠤᠯᠭ᠎ᠠ᠂ ᠠᠵᠢᠯ᠂ ᠠᠵᠢᠯ ᠤᠨ ᠪᠦᠲᠦᠮᠵᠢ ᠵᠡᠷᠭᠡ ᠪᠠᠶᠢᠳᠠᠯ ᠳᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠨ᠎ᠡ᠃ ᠤᠷᠢᠵᠤ | ᠣᠷᠣᠭᠤᠯᠤᠭᠰᠠᠨ ᠴᠢᠳᠠᠪᠤᠷᠢᠲᠠᠨ ᠨᠢ ᠠᠵᠤ ᠠᠬᠤᠶᠢᠯᠠᠯ ᠤᠨ ᠠᠵᠢᠯ ᠤᠨ ᠬᠤᠭᠤᠴᠠᠭ᠎ᠠ ᠨᠢ ᠳᠦᠭᠦᠷᠦᠭᠰᠡᠨ ᠪᠥᠭᠡᠳ ᠬᠤᠭᠤᠴᠠᠭᠠᠨ ᠡᠴᠦᠰ ᠤᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠠᠵᠤ ᠠᠬᠤᠶᠢᠯᠠᠯ ᠲᠠᠢ ᠵᠥᠪᠳᠡᠯᠴᠡᠭᠡᠳ ᠰᠠᠨᠠᠯ ᠨᠢᠭᠡᠳᠪᠡᠯ᠂ ᠦᠷᠭᠦᠯᠵᠢᠯᠡᠨ ᠠᠵᠤ ᠠᠬᠤᠶᠢᠯᠠᠯ ᠳᠤ ᠦᠯᠡᠳᠡᠵᠦ | ᠠᠵᠢᠯᠯᠠᠬᠤ ᠶᠢ ᠰᠣᠩᠭᠤᠵᠤ ᠪᠣᠯᠣᠨ᠎ᠠ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢᠨ ᠪᠠᠶᠢᠭ᠎ᠠ ᠠᠵᠢᠯ ᠦᠢᠯᠡᠰ ᠤᠨ ᠨᠢᠭᠡᠴᠡ ᠨᠢ ᠲᠡᠭᠦᠨ ᠲᠠᠢ ᠴᠠᠭ ᠲᠤᠬᠠᠢ ᠳᠤᠨᠢ | ᠤᠷᠢᠨ ᠬᠡᠷᠡᠭᠯᠡᠬᠦ ᠭᠡᠷ᠎ᠡ ᠪᠠᠨ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠠᠴᠠ ᠪᠠᠨ ᠰᠠᠯᠬᠤ ᠭᠠᠷᠳᠠᠮ ᠢ ᠭᠦᠢᠴᠡᠳᠬᠡᠬᠦ ᠬᠡᠷᠡᠭᠲᠡᠢ︔ ᠠᠵᠢᠯ | ᠦᠢᠯᠡᠰ ᠤᠨ ᠨᠢᠭᠡᠴᠡ ᠳᠡᠭᠡᠨ ᠪᠤᠴᠠᠵᠤ ᠠᠵᠢᠯᠯᠠᠬᠤ ᠶᠢ ᠰᠣᠩᠭᠤᠵᠤ ᠪᠣᠯᠣᠨ᠎ᠠ᠂ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠯᠪᠠᠨ | ᠭᠡᠷ ᠠᠴᠠ ᠲᠡᠭᠦᠨ ᠤ ᠰᠣᠷᠣᠭᠰᠠᠨ ᠲᠤᠰᠬᠠᠢ ᠮᠡᠷᠭᠡᠵᠢᠯ᠂ ᠠᠵᠢᠯ ᠤᠨ ᠪᠠᠶᠢᠳᠠᠯ ᠪᠣᠯᠣᠨ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠶᠢ | ᠦᠨᠳᠦᠰᠦᠯᠡᠨ᠂ ᠠᠵᠢᠯᠲᠠᠨ ᠢ ᠰᠢᠯᠵᠢᠭᠦᠯᠬᠦ ᠬᠤᠯᠪᠣᠭᠳᠠᠯ ᠪᠦᠬᠦᠢ ᠲᠠᠰ ᠳᠠᠷᠠᠭᠠᠯᠠᠯ ᠤᠨ ᠶᠣᠰᠣᠭᠠᠷ ᠵᠣᠬᠢᠬᠤ ᠬᠤᠭᠤᠰᠤᠨ ᠣᠷᠣᠨ ᠲᠤᠭ᠎ᠠ ᠲᠠᠢ ᠠᠵᠢᠯ ᠦᠢᠯᠡᠰ ᠤᠨ | ᠨᠢᠭᠡᠴᠡ ᠳᠤ ᠲᠣᠬᠢᠷᠠᠭᠤᠯᠬᠤ ᠪᠤᠶᠤ ᠤᠤᠯ ᠤᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠭᠰᠠᠨ ᠠᠵᠢᠯ ᠦᠢᠯᠡᠰ ᠤᠨ ᠨᠢᠭᠡᠴᠡ ᠳᠤ ᠪᠤᠴᠠᠭᠠᠬᠤ ᠶᠢᠨ ᠬᠠᠮᠲᠤ᠂ ᠵᠣᠬᠢᠬᠤ | ᠠᠵᠢᠯ ᠦᠢᠯᠡᠰ ᠤᠨ ᠨᠢᠭᠡᠴᠡ ᠠᠴᠠ ᠴᠠᠯᠢᠩ ᠢ ᠬᠢᠨᠠᠨ ᠲᠣᠭᠲᠠᠭᠠᠬᠤ᠂ ᠡᠯ᠎ᠡ ᠲᠥᠷᠥᠯ ᠤᠨ ᠳᠠᠭᠠᠳᠬᠠᠯ ᠢ ᠵᠠᠯᠭᠠᠨ ᠳᠠᠮᠵᠢᠭᠤᠯᠬᠤ ᠵᠡᠷᠭᠡ ᠭᠠᠷᠳᠠᠮ ᠢ | ᠰᠠᠶᠢᠲᠤᠷ ᠬᠢᠵᠦ᠂ ᠴᠢᠳᠠᠪᠤᠷᠢᠲᠠᠨ ᠤ ᠪᠤᠴᠠᠵᠤ ᠢᠷᠡᠵᠦ ᠳᠡᠶᠢᠯᠬᠦ ᠪᠠ ᠦᠯᠡᠳᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠳᠣᠯᠣᠳᠤᠭᠠᠷ ᠵᠦᠢᠯ ᠣᠷᠣᠭᠤᠯᠤᠭᠰᠠᠨ ᠴᠢᠳᠠᠪᠤᠷᠢᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠭᠠᠳᠠᠭᠠᠳᠤ ᠠᠴᠠ | ᠣᠷᠣᠭᠤᠯᠬᠤ ᠬᠢᠷᠢ ᠬᠡᠮ ᠢ ᠨᠢ ᠬᠠᠰᠤᠨ᠎ᠠ᠃ | ︵ᠨᠢᠭᠡ︶ ᠬᠤᠯᠪᠣᠭᠳᠠᠯ ᠪᠦᠬᠦᠢ ᠦᠨᠡᠮᠯᠡᠯ ᠭᠡᠷᠡᠴᠢ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠡᠰᠡᠬᠦᠯ᠎ᠡ ᠪᠤᠰᠤᠳ ᠵᠦᠢ ᠪᠤᠰᠤ ᠠᠷᠭ᠎ᠠ ᠪᠠᠷᠢᠯ ᠢᠶᠠᠷ | ᠣᠷᠣᠭᠤᠯᠵᠤ ᠢᠷᠡᠬᠦ ᠪᠤᠶᠤ ᠬᠢᠨᠠᠨ ᠰᠢᠯᠭᠠᠬᠤ ᠬᠢᠷᠢ ᠬᠡᠮ ᠣᠯᠣᠭᠰᠠᠨ︔ | ︵ᠬᠤᠶᠠᠷ︶ ᠬᠢᠨᠠᠨ ᠰᠢᠯᠭᠠᠬᠤ ᠪᠤᠶᠤ ᠪᠡᠶ᠎ᠡ ᠶᠢᠨ ᠪᠠᠶᠢᠴᠠᠭᠠᠯᠲᠠ ᠬᠢᠬᠦ ᠶᠠᠪᠤᠴᠠ ᠳᠤ ᠭᠡᠮ ᠬᠢᠭᠰᠡᠨ︔ | ︵ᠭᠤᠷᠪᠠ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠤᠰᠤᠳ ᠪᠠᠶᠢᠳᠠᠯ ᠤᠳ᠃ | ᠨᠠᠢᠮᠠᠳᠤᠭᠠᠷ ᠵᠦᠢᠯ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠰᠠᠬᠢᠯᠭ᠎ᠠ ᠪᠠᠲᠤ᠃ ᠣᠷᠣᠭᠤᠯᠬᠤ ᠠᠵᠢᠯ | ᠤᠨ ᠳᠤᠮᠳᠠ ᠰᠠᠬᠢᠯᠭ᠎ᠠ ᠪᠠᠲᠤ ᠠᠴᠠ ᠵᠥᠷᠢᠴᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠭᠠᠷᠤᠭᠰᠠᠨ ᠡᠯ᠎ᠡ ᠲᠥᠷᠥᠯ ᠤᠨ ᠨᠢᠭᠡᠴᠡ ᠪᠣᠯᠣᠨ ᠬᠤᠪᠢ | ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠯ᠎ᠠ ᠳᠤ ᠬᠥᠷᠥᠭᠰᠡᠨ ᠪᠣᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠶᠢᠰᠦᠳᠦᠭᠡᠷ ᠵᠦᠢᠯ ᠲᠤᠰ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |