ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2023 ᠣᠨ ᠤ ᠪᠠᠶᠠᠨᠨᠠᠭᠤᠷ ᠬᠤᠲᠠ ᠶᠢᠨ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠠᠵᠢᠯ ᠤᠨ ᠪᠠᠶᠢᠳᠠᠯ ᠢᠶᠠᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠭᠡᠷᠡᠢ᠃ | 2023 ᠣᠨ ᠤ 2 ᠰᠠᠷ᠎ᠠ ᠶᠢᠨ 22 ᠤᠨ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | 2023 ᠣᠨ ᠤ ᠪᠠᠶᠠᠨᠨᠠᠭᠤᠷ ᠬᠤᠲᠠ ᠶᠢᠨ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠬᠤ ᠠᠵᠢᠯ ᠤᠨ ᠭᠤᠣᠯᠳᠠᠯᠭ᠎ᠠ | ᠨᠢᠭᠡ᠂ ᠳᠠᠪᠠᠭᠤᠯᠢᠭ ᠣᠨᠴᠠᠯᠢᠭ ᠪᠦᠬᠦᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | 1. ᠦᠢᠯᠡᠳᠬᠦ ᠦᠢᠯᠡᠰ ᠤᠨ ᠳᠡᠭᠡᠳᠦ ᠦᠵᠦᠭᠦᠷᠵᠢᠭᠰᠡᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠲᠥᠷᠥᠯ ᠵᠦᠢᠯ ᠢ 12 ᠬᠡᠷᠡᠭᠵᠢᠭᠦᠯᠵᠦ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠷᠥᠯ | ᠵᠦᠢᠯ ᠢ 2 ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ 4 | ᠬᠡᠷᠡᠭᠵᠢᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠷᠥᠯ ᠵᠦᠢᠯ ᠢ 3 ᠬᠡᠷᠡᠭᠵᠢᠭᠦᠯᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠲᠥᠷᠥᠯ ᠵᠦᠢᠯ ᠢ 2 ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 2. ᠦᠢᠯᠡᠳᠬᠦ ᠦᠢᠯᠡᠰ ᠤᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠵᠤ᠂ ︽ᠲᠦᠮᠡᠨ ᠠᠵᠤ ᠠᠬᠤᠶᠢᠯᠠᠯ ᠢ ᠡᠭᠦᠯᠡᠨ ᠳᠤ ᠭᠠᠷᠭᠠᠬᠤ︾ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠡᠭᠦᠨ ᠳᠤ ᠭᠠᠷᠬᠤ ᠠᠵᠤ ᠠᠬᠤᠶᠢᠯᠠᠯ ᠢ 300 ᠰᠢᠨ᠎ᠡ ᠪᠠᠷ ᠨᠡᠮᠡᠭᠳᠡᠭᠦᠯᠦᠨ᠂ ᠭᠤᠣᠯᠳᠠᠯᠭ᠎ᠠ ᠲᠠᠢ ᠠᠵᠢᠯ ᠲᠥᠷᠥᠯ ᠤᠨ | ︽ᠮᠠᠰᠢᠨ ᠢᠶᠠᠷ ᠬᠥᠮᠥᠨ ᠰᠣᠯᠢᠬᠤ︾ ᠶᠢ ᠠᠬᠢᠭᠤᠯᠵᠤ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠪᠦᠷᠢᠯᠡᠯ ᠤᠨ ᠱᠤᠭᠤᠮ ᠪᠠ ᠲᠡᠷᠭᠡ | ᠠᠴᠢᠶᠠᠯᠠᠬᠤ ᠵᠠᠩᠭᠢᠯᠠᠭ᠎ᠠ ᠶᠢᠨ ︽ᠮᠠᠰᠢᠨ ᠢᠶᠠᠷ ᠬᠥᠮᠥᠨ ᠰᠣᠯᠢᠬᠤ︾ ᠶᠢ 100% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 3. ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2022 ᠣᠨ ᠳᠤ ᠬᠡᠷᠡᠭᠵᠢᠭᠦᠯᠬᠦ ᠪᠠᠷ ᠪᠠᠶᠢᠭ᠎ᠠ ᠢᠯᠴᠢ ᠶᠢᠨ | ᠴᠠᠬᠢᠯᠭᠠᠨ ᠤ ᠠᠮᠢᠳᠤᠯᠢᠭ ᠴᠢᠨᠠᠷ ᠢ ᠥᠭᠡᠷᠡᠴᠢᠯᠡᠨ ᠲᠣᠬᠢᠷᠠᠭᠤᠯᠬᠤ ᠰᠢᠨ᠎ᠡ ᠡᠨᠧᠷᠭᠢ ᠶᠢᠨ ᠰᠤᠷᠪᠤᠯᠵᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷᠲᠤᠯ ᠦᠭᠡᠢ ᠪᠠᠷ ᠴᠠᠬᠢᠯᠭᠠᠨ ᠬᠠᠩᠭᠠᠬᠤ᠂ ᠥᠩᠭᠡ ᠦᠵᠡᠮᠵᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2023 ᠣᠨ ᠤ ᠪᠥᠬᠦ ᠵᠢᠯ ᠳᠤ ᠰᠢᠨ᠎ᠡ ᠪᠠᠷ ᠨᠡᠮᠡᠭᠳᠡᠭᠦᠯᠬᠦ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢ 100 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | | 4. ᠰᠢᠨ᠎ᠡ ᠡᠨᠧᠷᠭᠢ ᠶᠢ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠨ᠎ᠡ ᠡᠨᠧᠷᠭᠢ ᠶᠢ | ᠶᠡᠭᠡ ᠬᠡᠪᠴᠢᠶ᠎ᠡ ᠪᠠᠷ ᠰᠢᠩᠭᠡᠬᠡᠨ ᠠᠪᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ᠨᠥᠬᠦᠴᠡᠯ ᠪᠦᠷᠢᠳᠦᠭᠰᠡᠨ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠣᠷᠭᠢᠯ ᠦᠶ᠎ᠡ ᠶᠢ ᠲᠣᠬᠢᠷᠠᠭᠤᠯᠬᠤ ᠳᠤ | ᠣᠷᠣᠯᠴᠠᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠨ ᠠᠰᠢᠭᠯᠠᠬᠤ ᠶᠢ ᠳᠡᠯᠭᠡᠷᠡᠭᠦᠯᠦᠨ᠂ ᠰᠢᠨ᠎ᠡ ᠡᠨᠧᠷᠭᠢ ᠶᠢ ᠰᠢᠩᠭᠡᠬᠡᠨ ᠠᠪᠬᠤ ᠴᠢᠳᠠᠪᠤᠷᠢ ᠶᠢ | ᠳᠡᠭᠡᠭᠰᠢᠯᠡᠭᠦᠯᠵᠦ᠂ ᠪᠥᠬᠦ ᠵᠢᠯ ᠳᠤ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠬᠦ ᠬᠡᠪᠴᠢᠶ᠎ᠡ 300 ᠲᠦᠮᠡᠨ ᠺᠢᠯᠣᠸᠠᠲ ᠠᠴᠠ ᠳᠠᠪᠠᠪᠠ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 5. ︽ᠰᠦ ᠶᠢᠨ ᠶᠢᠰᠦᠨ ᠵᠤᠷᠪᠤᠰ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ᠪᠦᠬᠦ ᠵᠢᠯ ᠳᠤ | ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠳᠠᠯᠠᠪᠠᠢ 3 = ᠠᠴᠠ ᠳᠤᠲᠠᠭᠤ ᠦᠭᠡᠢ ᠪᠠᠶᠢᠵᠤ᠂ ᠪᠡᠯᠭᠡ ᠶᠢᠨ ᠡᠵᠡᠮᠳᠡᠯ ᠪᠦᠬᠦᠢ | ᠬᠦᠪᠦᠷᠡᠯ ᠢ 800 ᠠᠴᠠ ᠳᠡᠭᠡᠭᠰᠢ ᠬᠡᠷᠡᠭᠯᠡᠵᠦ᠂ ᠰᠠᠭᠠᠯᠢ ᠶᠢᠨ ᠦᠨᠢᠶ᠎ᠡ ᠶᠢ 3 ᠲᠦᠮᠡᠨ ᠲᠣᠯᠣᠭᠠᠢ ᠰᠢᠨ᠎ᠡ ᠪᠠᠷ ᠨᠡᠮᠡᠭᠳᠡᠭᠦᠯᠦᠨ᠂ ᠳᠤᠮᠳᠠ ᠪᠠᠭ᠎ᠠ ᠲᠡᠵᠢᠭᠡᠨ | ᠦᠷᠡᠵᠢᠭᠦᠯᠬᠦ ᠳᠠᠯᠠᠪᠠᠢ ᠶᠢᠨ ᠬᠡᠪᠴᠢᠶᠡᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠪᠦᠬᠦ ᠵᠢᠯ ᠳᠤ ᠰᠦ ᠶᠢᠨ ᠭᠠᠷᠤᠯᠲᠠ ᠶᠢ 130 ᠲᠦᠮᠡᠨ ᠲᠣᠨ ᠠᠴᠠ | ᠳᠡᠭᠡᠭᠰᠢ ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 6. ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠠᠭᠠᠯᠢ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠣᠯᠤᠥᠷ ᠵᠡᠷᠭᠡ ᠠᠵᠤ | ᠦᠢᠯᠡᠰ ᠤᠨ ᠬᠡᠯᠬᠢᠶ᠎ᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ 2 ᠲᠦᠮᠡᠨ ᠮᠦ ᠬᠤᠨᠢᠨ ᠡᠪᠡᠰᠦ ᠳᠠᠷᠢᠬᠤ ᠶᠢ ᠨᠠᠶᠢᠳᠠᠪᠤᠷᠢᠵᠢᠭᠤᠯᠤᠨ᠂ 9.5 ᠲᠦᠮᠡᠨ ᠮᠦ ᠴᠢᠨᠠᠷ ᠰᠠᠶᠢᠲᠠᠢ ᠴᠠᠷᠭᠠᠰᠤ ︵ᠦᠯᠡᠳᠡᠭᠡᠬᠦ | ᠲᠠᠯᠠᠪᠠᠶ 10.5 ᠲᠦᠮᠡᠨ ᠮᠦ︶᠂ 25 ᠲᠦᠮᠡᠨ ᠮᠦ ᠠᠴᠠ ᠳᠡᠭᠡᠭᠰᠢ ︵ᠬᠤᠲᠠ ᠶᠢᠨ ᠱᠠᠲᠤᠨ ᠳᠤ 50 ᠲᠦᠮᠡᠨ ᠮᠦ ᠳᠠᠷᠢᠬᠤ ᠪᠠᠷ ᠲᠥᠯᠥᠪᠯᠡᠵᠦ ᠪᠣᠶ︶᠂ ᠬᠥᠬᠡ | ᠳᠠᠷᠤᠰᠢ ᠶᠢᠨ ᠡᠷᠳᠡᠨᠢ ᠰᠢᠰᠢ 100 ᠲᠦᠮᠡᠨ ᠮᠦ ᠳᠠᠷᠢᠬᠤ ᠡᠭᠦᠷᠭᠡ ᠶᠢ ᠰᠢᠨ᠎ᠡ ᠪᠠᠷ ᠨᠡᠮᠡᠭᠳᠡᠭᠦᠯᠦᠨ᠎ᠡ᠃ ᠨᠠᠭᠠᠲᠤ ᠵᠠᠬ᠎ᠠ ᠳᠠᠭᠠᠨ 1 ᠲᠠᠷᠢᠶᠠᠯᠠᠩ ᠤᠨ ᠠᠵᠤ | ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠵᠤ᠂ ᠮᠠᠨ ᠤ ᠬᠤᠲᠠ ᠶᠢᠨ ᠤᠯᠤᠰ ᠤᠨ ᠲᠠᠰ ᠤᠨ | ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 9 ᠪᠣᠯᠭᠠᠵᠤ᠂ 1 ᠤᠯᠤᠰ ᠤᠨ ᠲᠠᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ | ᠰᠢᠨ᠎ᠡ ᠪᠠᠷ ᠡᠭᠦᠳᠦᠨ ᠪᠠᠶᠢᠭᠤᠯᠬᠤ ᠪᠠᠷ ᠴᠢᠷᠮᠠᠶᠢᠵᠤ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ | ᠨᠣᠷᠮ᠎ᠠ ᠶᠢ 75% ᠠᠴᠠ ᠳᠡᠭᠡᠭᠰᠢ ᠳᠤ ᠬᠦᠷᠭᠡᠨ᠎ᠡ ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 7. ᠦᠷ᠎ᠡ ᠶᠢᠨ ᠦᠢᠯᠡᠰ ᠢ ᠬᠥᠭᠵᠢᠭᠦᠯᠬᠦ ᠭᠤᠷᠪᠠᠨ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠪᠤᠭᠤᠳᠠᠢ᠂ ᠡᠷᠳᠡᠨᠢ ᠰᠢᠰᠢ᠂ ᠨᠡᠷᠡᠨ | ᠬᠤᠸᠠᠷ᠂ ᠠᠯᠠᠰᠢᠨ ᠬᠤᠨᠢ ᠵᠡᠷᠭᠡ ᠡᠭᠦᠯᠳᠡᠷ ᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠡᠯ᠎ᠡ ᠲᠥᠷᠥᠯ ᠤᠨ | ᠡᠭᠦᠯᠳᠡᠷ ᠢ 15 ᠠᠴᠠ ᠳᠡᠭᠡᠭᠰᠢ ᠪᠣᠶᠢᠵᠢᠭᠤᠯᠬᠤ ᠪᠠᠷ ᠲᠥᠯᠥᠪᠯᠡᠵᠦ᠂ ᠡᠭᠦᠨ ᠳᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠬᠦ ᠡᠷᠬᠡ ᠲᠠᠢ ᠴᠢᠨᠠᠷ ᠰᠠᠶᠢᠲᠠᠢ᠂ | ᠥᠨᠳᠥᠷ ᠤᠨᠠᠯᠲᠠ ᠲᠠᠢ᠂ ᠰᠥᠷᠬᠦ ᠶᠢ ᠡᠰᠡᠷᠭᠦᠴᠡᠬᠦ᠂ ᠮᠠᠰᠢᠨᠴᠢᠯᠠᠨ ᠠᠵᠢᠯᠯᠠᠬᠤ ᠳᠤ ᠲᠣᠬᠢᠷᠠᠬᠤ ᠲᠠᠷᠢᠮᠠᠯ ᠤᠨ ᠰᠢᠨ᠎ᠡ ᠡᠭᠦᠯᠳᠡᠷ 14 ︵ᠡᠷᠳᠡᠨᠢ ᠰᠢᠰᠢ ᠶᠢᠨ ᠰᠢᠨ᠎ᠡ | ᠡᠭᠦᠯᠳᠡᠷ 5᠂ ᠪᠤᠭᠤᠳᠠᠢ ᠶᠢᠨ ᠰᠢᠨ᠎ᠡ ᠡᠭᠦᠯᠳᠡᠷ 1᠂ ᠴᠢᠨᠠᠷ ᠰᠠᠶᠢᠲᠠᠢ ᠨᠡᠷᠡᠨ ᠬᠤᠸᠠᠷ ᠤᠨ ᠰᠢᠨ᠎ᠡ ᠡᠭᠦᠯᠳᠡᠷ 8 ᠪᠠᠭᠲᠠᠨ᠎ᠠ︶᠂ ᠠᠯᠠᠰᠢᠨ ᠬᠤᠨᠢᠨ ᠤ ᠰᠢᠨ᠎ᠡ | ᠡᠭᠦᠯᠳᠡᠷ 1 ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃ ᠪᠥᠬᠦ ᠬᠤᠲᠠ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ | 3 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ 6 ︽ᠲᠠᠷᠢᠶ᠎ᠠ ᠶᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 8. ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ︽ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ | ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠤ | ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠶᠢᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 9. ᠯᠢᠨ ᠾᠧ ᠲᠣᠭᠤᠷᠢᠭ ᠤᠨ ᠬᠠᠲᠤᠨ ᠭᠤᠣᠯ ᠤᠨ ᠪᠤᠯᠤᠩ ᠤᠨ ᠶᠠᠪᠠᠭᠠᠨ ᠵᠡᠭᠡᠯᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠲᠣᠭᠤᠷᠢᠭ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠃ ᠬᠤᠰᠢᠭᠤ | ᠰᠢᠶᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ | ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ ᠳᠡᠮᠵᠢᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ︶ | 10. ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠰᠡᠯᠡᠭᠦᠴᠡᠨ ᠠᠮᠠᠷᠠᠬᠤ᠂ ᠮᠥᠰᠥ ᠴᠠᠰᠤᠨ ᠤ ᠵᠢᠭᠤᠯᠴᠢᠯᠠᠯ᠂ | ᠬᠤᠪᠢᠰᠬᠠᠯ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠠᠭᠤᠯᠭ᠎ᠠ ᠶᠢ | ᠠᠬᠢᠭᠤᠯᠤᠨ᠂ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠪᠣᠷᠣᠳᠣᠬᠤᠢ ᠶᠢᠨ ᠰᠣᠶᠣᠯ ᠤᠷᠠᠯᠢᠭ ᠤᠨ ᠨᠠᠶᠢᠷ᠂ ᠮᠥᠰᠥ ᠴᠠᠰᠤᠨ ᠤ ᠨᠠᠶᠢᠷ ᠵᠡᠷᠭᠡ ᠰᠢᠷᠢᠰ | ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠠᠲᠤᠨ ᠭᠤᠣᠯ ᠤᠨ ᠬᠡᠳᠦᠨ ᠥᠰᠥᠭ ᠤᠨ ᠰᠣᠶᠣᠯ ᠤᠨ ᠵᠢᠭᠤᠯᠴᠢᠯᠠᠯ ᠤᠨ ᠨᠠᠶᠢᠷ ᠲᠤ ᠵᠣᠬᠢᠶᠠᠨ | ᠪᠠᠶᠢᠭᠤᠯᠤᠨ ᠣᠷᠣᠯᠴᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ | ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 11. ᠦᠵᠡᠮᠵᠢ ᠶᠢᠨ ᠣᠷᠣᠨ ᠢ ᠦᠨᠡᠯᠡᠨ ᠲᠣᠭᠲᠠᠭᠠᠬᠤ ᠪᠠ ᠳᠠᠬᠢᠨ ᠬᠢᠨᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠣᠷᠣᠳᠣᠬᠤᠢ ᠶᠢᠨ ᠲᠠᠷᠢᠶᠠᠯᠠᠬᠤ | ᠰᠣᠶᠣᠯ ᠤᠨ ᠦᠵᠡᠭᠦᠯᠦᠯᠭᠡ ᠶᠢᠨ ᠬᠦᠷᠢᠶᠡᠯᠡᠩ᠂ ᠬᠠᠲᠤᠨ ᠭᠤᠣᠯ ᠤᠨ ᠪᠣᠷᠣᠳᠣᠬᠤᠢ ᠶᠢᠨ ᠰᠣᠶᠣᠯ ᠵᠤᠭᠠᠴᠠᠯ ᠤᠨ ᠣᠷᠣᠨ᠂ ᠰᠠᠨ ᠱᠧᠩ ᠬᠥᠩ ᠤᠯᠤᠰ ᠤᠨ | ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ᠂ ᠦᠶᠤᠸᠠᠨ ᠤ ᠶᠢᠨ ᠰᠢᠶᠠᠩ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠰᠣᠳᠣᠨ | ᠵᠤᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠠᠷᠢᠨ ᠨᠠᠭᠤᠷ ᠤᠨ ᠤᠰᠤᠨ ᠤ | ᠣᠩᠭᠤᠴᠠᠨ ᠳᠤ ᠭᠠᠷᠬᠤ ᠭᠡᠷ ᠪᠠᠶᠢᠰᠢᠩ ᠤᠨ ᠪᠠᠭᠤᠴᠠ᠂ ᠤᠯᠠᠭᠠᠨᠪᠤᠬ᠎ᠠ ᠱᠠ ᠬᠠᠢ ᠨᠠᠭᠤᠷ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ | ᠪᠠᠭᠤᠴᠠ᠂ ᠬᠠᠲᠤᠨ ᠭᠤᠣᠯ ᠤᠨ ᠪᠤᠯᠤᠩ ᠤᠨ ᠶᠠᠪᠠᠭᠠᠨ ᠵᠡᠭᠡᠯᠢ ᠵᠡᠷᠭᠡ ᠲᠥᠷᠥᠯ ᠵᠦᠢᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠥᠨᠳᠥᠷ A | ᠲᠠᠰ ᠤᠨ ᠦᠵᠡᠮᠵᠢ ᠶᠢᠨ ᠣᠷᠣᠨ ᠢ ᠴᠢᠷᠮᠠᠶᠢᠨ ᠡᠭᠦᠳᠬᠦ ᠳᠤ ᠪᠡᠯᠡᠳᠬᠡᠯ ᠠᠵᠢᠯ ᠢ ᠰᠠᠶᠢᠲᠤᠷ ᠬᠢᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 12. ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠣᠷᠣᠨ ᠤ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠠᠵᠢᠯᠯᠠᠭ᠎ᠠ ᠳᠤ ᠭᠦᠨᠵᠡᠭᠡᠢ ᠣᠷᠣᠯᠴᠠᠵᠤ᠂ ᠪᠠᠶᠠᠨᠨᠠᠭᠤᠷ ᠬᠤᠲᠠ ᠶᠢᠨ ᠠᠵᠤ ᠦᠢᠯᠡᠰ ᠤᠨ | ᠣᠨᠴᠠᠯᠢᠭ ᠲᠤ ᠨᠡᠶᠢᠴᠡᠭᠰᠡᠨ ᠪᠠᠷᠢᠮᠵᠢᠶ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠭᠤᠣᠯᠯᠠᠬᠤ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ | ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠪᠦᠬᠦ ᠬᠤᠳᠠ ᠶᠢᠨ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠪᠠᠶᠠᠨᠨᠠᠭᠤᠷ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ | ᠰᠢᠯᠢᠳᠡᠭ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠬᠤ᠂ ᠳᠠᠶᠢᠴᠢᠯᠠᠬᠤ ᠪᠠ ᠲᠠᠨᠢᠯᠴᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠰᠢᠯᠭᠠᠷᠠᠭᠤᠯᠬᠤ ᠳᠤ ᠣᠷᠣᠯᠴᠠᠭᠤᠯᠵᠤ᠂ ᠪᠥᠬᠦ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠬᠤᠶᠠᠷ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ | 13. ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠤᠯᠤᠰ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠪᠠᠶᠢᠯᠳᠤᠬᠤ ᠪᠣᠳᠣᠯᠭ᠎ᠠ᠂ | ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ︽ᠪᠠᠶᠠᠨᠨᠠᠭᠤᠷ ᠬᠤᠲᠠ ᠶᠢᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ 2023 ᠣᠨ ᠤ ᠡᠭᠦᠷᠭᠡ︾ ᠶᠢ ᠲᠣᠭᠲᠠᠭᠠᠵᠤ᠂ ᠰᠢᠶᠠᠨ ᠤ ᠬᠤᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 14. ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ᠱᠠᠩᠬᠠᠢ ᠶᠢᠨ ᠰᠦᠮ᠎ᠡ ᠶᠢᠨ ᠣᠨᠴᠠ ᠥᠨᠳᠥᠷ | ᠳᠠᠷᠤᠯᠲᠠᠲᠤ ᠭᠠᠳᠠᠭᠰᠢ ᠬᠦᠷᠭᠡᠬᠦ ᠨᠡᠪᠲᠡᠷᠡᠬᠦ ᠵᠠᠮ ᠤᠨ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ | ᠢᠵᠢ ᠪᠦᠷᠢᠳᠦᠭᠦᠯᠦᠨ ᠪᠠᠶᠢᠭᠤᠯᠵᠤ᠂ ᠪᠠᠶᠠᠨᠨᠠᠭᠤᠷ ᠤᠨ 100 ᠲᠦᠮᠡᠨ ᠺᠢᠯᠣᠸᠠᠲ ᠤᠨ ᠬᠡᠷᠡᠯ ᠤᠨ ᠬᠠᠳᠠᠭᠠᠯᠠᠯᠲᠠ + ᠠᠮᠢ ᠠᠬᠤᠢ ᠶᠢᠨ ᠵᠠᠰᠠᠯᠲᠠ ᠶᠢᠨ ᠲᠥᠷᠥᠯ | ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠬᠡᠷᠡᠯ | ᠸᠣᠯᠲ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠵᠢᠯ ᠤᠨ ᠳᠣᠲᠣᠷ᠎ᠠ ᠵᠥᠪᠰᠢᠶᠡᠷᠡᠭᠦᠯᠬᠦ ᠪᠠᠷ ᠢᠳᠡᠪᠬᠢᠲᠡᠢ ᠴᠢᠷᠮᠠᠶᠢᠨ᠎ᠠ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 15. ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠤᠭᠤᠯᠠᠢ ᠶᠢᠨ ᠲᠣᠣᠷ ᠪᠠ | ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠢ ᠲᠡᠭᠦᠯᠳᠡᠷᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ | ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ︽ᠮᠦ ᠪᠦᠷᠢ ᠳᠤ ᠪᠠᠭᠠᠲᠤᠷ ᠢᠶᠠᠷ ᠲᠣᠭᠠᠴᠠᠬᠤ︾ ᠪᠠ ᠴᠢᠨᠠᠷ ᠰᠠᠶᠢᠲᠠᠢ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠵᠢᠯ ᠤᠨ ᠡᠴᠦᠰ | ᠪᠣᠯᠬᠤ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 147 ᠲᠦᠮᠡᠨ ᠲᠥᠭᠦᠷᠢᠭ ᠣᠷᠴᠢᠮ ᠳᠤ | ᠬᠦᠷᠦᠭᠦᠯᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 94 ᠲᠦᠮᠡᠨ ᠲᠥᠭᠦᠷᠢᠭ ᠣᠷᠴᠢᠮ ᠳᠤ ᠬᠦᠷᠦᠭᠦᠯᠦᠨ᠎ᠡ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 16᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠯᠢᠨ ᠾᠧ᠂ ᠬᠠᠩᠭᠠᠨ | ᠬᠤᠶᠢᠲᠤ ᠬᠤᠰᠢᠭᠤ᠂ ᠦᠶᠤᠸᠠᠨ᠂ ᠳ᠋ᠧᠩᠺᠸᠦ ᠵᠡᠷᠭᠡ ᠬᠤᠰᠢᠭᠤ ᠰᠢᠶᠠᠨ ᠲᠣᠭᠤᠷᠢᠭ ᠲᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ ᠥᠷᠭᠡᠳᠬᠡᠨ᠂ ᠣᠲᠣ ᠶᠢᠨ | ᠪᠠᠶᠢᠭ᠎ᠠ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ 100 | ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ︵ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ︶ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ 2 ᠲᠦᠮᠡᠨ ᠮᠦ ᠣᠷᠴᠢᠮ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 10 ᠲᠦᠮᠡᠨ ᠲᠡᠭᠰᠢ ᠳᠥᠷᠪᠡᠯᠵᠢᠨ ᠮᠧᠲᠷ ᠣᠷᠴᠢᠮ ᠤᠨ | ᠪᠠᠷᠢᠮᠵᠢᠶᠠᠵᠢᠭᠤᠯᠤᠭᠰᠠᠨ ᠬᠠᠰᠢᠶ᠎ᠠ ᠬᠠᠰᠢᠶ᠎ᠠ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 4 ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ | ᠲᠠᠯᠠᠪᠠᠶ᠂ 85 ᠠᠯᠠᠰᠢᠨ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ ᠶᠢ ᠡᠭᠦᠳᠦᠨ ᠪᠠᠶᠢᠭᠤᠯᠵᠤ᠂ ᠦᠬᠡᠷ ᠬᠤᠨᠢᠨ ᠤ ᠮᠢᠬᠠᠨ ᠤ | ᠭᠠᠷᠤᠯᠲᠠ ᠶᠢ ᠲᠣᠰ ᠲᠣᠰ 1.8 ᠲᠦᠮᠡᠨ ᠲᠣᠨ᠂ 27.2 ᠲᠦᠮᠡᠨ ᠲᠣᠨ ᠳᠤ ᠬᠦᠷᠦᠭᠦᠯᠬᠦ ᠶᠢ ᠲᠦᠯᠬᠢᠨ ᠠᠬᠢᠭᠤᠯᠤᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 17. ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠠᠵᠢᠯ ᠤᠨ ᠦᠷᠳᠡᠭᠡ ᠶᠢ ᠪᠣᠶᠢᠵᠢᠭᠤᠯᠤᠨ ᠪᠦᠲᠦᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 18. ︽ᠬᠤᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠵᠢᠴᠢ 12 ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠦᠵᠡᠰᠬᠦᠯᠡᠩ ᠤᠨ ᠴᠤᠭᠯᠠᠭᠠᠨ᠂ ᠲᠣᠷᠭᠠᠨ ᠨᠡᠬᠡᠮᠡᠯ ᠤᠨ ᠴᠤᠭᠯᠠᠭᠠᠨ᠂ ᠳᠤᠮᠳᠠᠳᠤ ᠮᠣᠩᠭᠤᠯ ᠤᠨ ᠦᠵᠡᠰᠬᠦᠯᠡᠩ ᠤᠨ | ᠴᠤᠭᠯᠠᠭᠠᠨ ᠵᠡᠷᠭᠡ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ ᠲᠠᠪᠴᠠᠩ ᠢ ᠠᠰᠢᠭᠯᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ᠂ ᠲᠠᠷᠢᠶᠠᠯᠠᠩ ᠤᠨ | ᠥᠨᠳᠥᠷ ᠲᠦᠪᠰᠢᠨ ᠤ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠪᠦᠧᠧᠬᠠᠢ ᠲᠠᠩᠭᠢᠰ ᠳᠠᠭᠠᠤ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠳᠤ ᠲᠤᠰᠬᠠᠢ ᠲᠠᠯᠠᠪᠤᠷ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠲᠠᠨᠢᠯᠴᠠᠭᠤᠯᠬᠤ ᠭᠡᠷ᠎ᠡ ᠲᠣᠭᠲᠠᠬᠤ ᠬᠤᠷᠠᠯ ᠡᠷᠭᠢᠯᠡᠪᠡ᠃ ᠢᠳᠡᠪᠬᠢᠲᠡᠢ ᠪᠠᠷ ︽ᠤᠷᠢᠵᠤ ᠠᠪᠴᠢᠷᠠᠨ︾᠂ ︽ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠥᠲᠥᠴᠢ | ᠠᠵᠤ ᠠᠬᠤᠶᠢᠯᠠᠯ ᠢ ᠪᠠᠶᠠᠨᠨᠠᠭᠤᠷ ᠲᠤ ᠣᠴᠢᠭᠤᠯᠬᠤ︾ ︽ᠵᠧᠵᠢᠶᠠᠩ ᠤᠨ ᠬᠤᠳᠠᠯᠳᠤᠭᠠᠴᠢᠨ ᠪᠠᠶᠠᠨᠨᠠᠭᠤᠷ ᠲᠤ ᠣᠴᠢᠭᠤᠯᠬᠤ︾ ︽ᠭᠤᠷᠪᠠᠨ ᠬᠤᠨᠢ︾ ᠶᠢᠨ ᠠᠵᠤ | ᠦᠢᠯᠡᠰ ᠤᠨ ᠶᠡᠭᠡ ᠬᠤᠷᠠᠯ ᠵᠡᠷᠭᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠪᠡᠯᠡᠳᠬᠡᠨ ᠡᠷᠭᠢᠯᠡᠵᠦ᠂ ᠠᠵᠤ ᠦᠢᠯᠡᠰ ᠤᠨ ᠬᠡᠯᠬᠢᠶ᠎ᠡ ᠶᠢᠨ | ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠤᠷᠢᠵᠤ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠵᠤ ᠵᠥᠪᠳᠡᠯᠴᠡᠪᠡ᠃ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ᠂ ᠨᠡᠶᠢᠭᠡᠮᠴᠢᠯᠡᠭᠰᠡᠨ ᠬᠤᠳᠠᠯᠳᠤᠭᠠᠴᠢᠨ ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠠᠭᠤᠷᠢ | ᠮᠥᠩᠭᠦ ᠪᠠᠷ ᠬᠤᠳᠠᠯᠳᠤᠭᠠᠴᠢᠨ ᠤᠷᠢᠬᠤ᠂ ᠬᠥᠷᠥᠩᠭᠡ ᠪᠠᠷ ᠬᠤᠳᠠᠯᠳᠤᠭᠠᠴᠢᠨ ᠤᠷᠢᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ ᠵᠢᠯ ᠳᠤ ᠤᠯᠤᠰ ᠤᠨ | ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠪᠠᠷ ᠣᠷᠣᠭᠤᠯᠤᠨ ᠠᠪᠴᠢᠷᠠᠵᠤ᠂ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ | ᠣᠷᠣᠭᠤᠯᠤᠯᠲᠠ ᠶᠢ 100% ᠪᠠᠷ ᠨᠡᠮᠡᠭᠳᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠬᠠᠮᠵᠢᠯᠴᠠᠬᠤ | ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ︶ | 19. ᠭᠠᠭᠴᠠ ᠮᠣᠳᠣ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠭᠴᠠ ᠮᠣᠳᠣ ᠪᠣᠭᠤᠮᠲᠠ ᠶᠢᠨ | ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ AGV ᠵᠢᠯᠣᠭᠤᠴᠢ ᠦᠭᠡᠢ ᠣᠯᠠᠨ ᠨᠡᠶᠢᠲᠡ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠭᠠᠳᠠᠭᠠᠳᠤ ᠶᠠᠪᠤᠳᠠᠯ ᠤᠨ ᠪᠣᠭᠤᠮᠲᠠ ᠶᠢᠨ ᠠᠯᠪᠠᠨ ᠭᠡᠷ︶ | 20. ᠬᠠᠲᠠᠭᠤ ᠴᠢᠨᠠᠷ ᠲᠠᠢ ᠪᠤᠭᠤᠳᠠᠢ᠂ ᠠᠯᠠᠰᠢᠨ ᠬᠤᠨᠢ᠂ ᠨᠡᠷᠡᠨ ᠬᠤᠸᠠᠷ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠲᠥᠷᠥᠯ ᠤᠨ ᠴᠢᠨᠠᠷ ᠰᠠᠶᠢᠲᠠᠢ ᠰᠢᠨ᠎ᠡ ᠶᠢ ᠡᠭᠦᠳᠬᠦ ᠬᠦᠴᠦᠨ ᠵᠦᠢᠯ ᠤᠨ ᠴᠤᠭᠯᠠᠷᠠᠯ ᠢ | ᠠᠬᠢᠭᠤᠯᠤᠨ᠎ᠠ᠃ ᠨᠢᠭᠡ ᠪᠦᠯᠦᠭ ᠥᠨᠳᠥᠷ ᠬᠢᠷᠢ ᠬᠡᠮᠵᠢᠶ᠎ᠡ ᠲᠠᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠤᠨ᠎ᠠ᠃ ᠬᠤᠲᠠ ᠶᠢᠨ | ᠳᠣᠲᠣᠷᠠᠬᠢ ᠬᠥᠲᠥᠴᠢ ᠠᠵᠤ ᠠᠬᠤᠶᠢᠯᠠᠯ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠣᠲᠣᠭᠠᠳᠤ ᠶᠢᠨ ᠳᠠᠪᠠᠭᠤᠯᠢᠭ ᠰᠢᠨᠵᠢᠯᠡᠬᠦ ᠤᠬᠠᠭᠠᠨ ᠤ | ᠰᠤᠳᠤᠯᠭᠠᠨ ᠤ ᠪᠦᠯᠬᠦᠮ ᠨᠡᠶᠢᠲᠡ ᠶᠢ ᠳᠠᠭᠠᠭᠤᠯᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃ ︵ᠲᠦᠷᠦᠭᠦᠯᠡᠨ | ᠬᠢᠬᠦ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | ᠭᠤᠷᠪᠠ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ | 21. ᠴᠠᠬᠢᠯᠭᠠᠨ ᠬᠦᠴᠦᠨ ᠤ ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠢ ᠬᠠᠮᠵᠢᠯᠴᠠᠨ | ᠤᠯᠠᠭᠠᠨᠪᠤᠬ᠎ᠠ ᠡᠯᠡᠰᠦᠨ ᠴᠥᠯ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ ᠤᠨ ᠰᠠᠭᠤᠷᠢᠨ ᠭᠠᠵᠠᠷ ᠤᠨ ᠢᠵᠢ ᠪᠦᠷᠢᠳᠦᠭᠦᠯᠦᠨ | ᠭᠠᠳᠠᠭᠰᠢ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 22. ᠴᠢᠬᠤᠯᠠ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠪᠥᠬᠦ ᠬᠤᠲᠠ ᠶᠢᠨ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠪᠠᠲᠤᠯᠠᠬᠤ ᠬᠦᠴᠦᠯᠡᠴᠡ ᠶᠢ ᠳᠡᠭᠡᠭᠰᠢᠯᠡᠭᠦᠯᠦᠨ᠎ᠡ᠃ ᠴᠢᠯᠠᠭᠤᠨ ᠲᠣᠰᠣ᠂ ᠭᠠᠵᠠᠷ ᠤᠨ ᠢᠯᠴᠢ᠂ ᠲᠡᠮᠦᠷ᠂ ᠵᠡᠰ ᠂ | ᠨᠢᠺᠧᠯ᠂ ᠠᠯᠳᠠ᠂ ᠬᠠᠷ᠎ᠠ ᠲᠤᠭᠤᠯᠭ᠎ᠠ᠂ ᠴᠠᠶᠢᠷ᠂ ᠪᠠᠯ ᠴᠢᠯᠠᠭᠤ ᠵᠡᠷᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢ | ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠬᠠᠷ᠎ᠠ ᠲᠤᠭᠤᠯᠭ᠎ᠠ᠂ ᠴᠠᠶᠢᠷ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠳᠠᠪᠠᠭᠤᠯᠢᠭ ᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | 23. ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ᠵᠢᠷᠭᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠬᠢᠵᠦ᠂ | ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ᠠᠮᠤ ᠪᠤᠳᠠᠭᠠᠨ ᠤ ᠪᠣᠬᠢᠷᠲᠤᠯ ᠦᠭᠡᠢ ᠬᠥᠮᠥᠷᠭᠡᠯᠡᠨ ᠬᠠᠳᠠᠭᠠᠯᠠᠬᠤ ᠶᠢ ᠳᠡᠭᠡᠭᠰᠢᠯᠡᠭᠦᠯᠬᠦ ᠠᠵᠢᠯᠯᠠᠭ᠎ᠠ︾ ᠶᠢ | ᠭᠤᠣᠯᠳᠠᠯᠭ᠎ᠠ ᠲᠠᠢ ᠳᠡᠮᠵᠢᠵᠦ᠂ ︽ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾᠂ ︽ᠠᠮᠤ | ᠪᠤᠳᠠᠭᠠᠨ ᠤ ᠠᠮᠤ ᠪᠤᠳᠠᠭᠠᠨ ᠤ ᠭᠠᠮᠨᠠᠵᠤ ᠬᠤᠬᠢᠷᠠᠯ ᠢ ᠪᠠᠭᠠᠰᠬᠠᠬᠤ ᠡᠷᠡᠭᠦᠯ ᠬᠡᠷᠡᠭᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾᠂ ︽ᠠᠮᠤ ᠪᠤᠳᠠᠭᠠᠨ ᠤ ᠮᠠᠰᠢᠨ | ᠲᠣᠨᠣᠭᠯᠠᠯ ᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠥᠷᠥᠯ ᠵᠦᠢᠯ ᠤᠨ ᠰᠢᠯᠢᠳᠡᠭ ᠢ ᠰᠣᠩᠭᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠪᠠᠴᠢᠮ ᠪᠠᠶᠢᠳᠠᠯ ᠢ | ᠠᠷᠭᠠᠴᠠᠬᠤ ᠪᠠ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠪᠠᠶᠠᠨᠨᠠᠭᠤᠷ ᠤᠨ ᠠᠮᠤ ᠪᠤᠳᠠᠭᠠᠨ ᠤ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠵᠤ᠂ ᠪᠠᠶᠠᠨᠨᠠᠭᠤᠷ ᠤᠨ ᠠᠮᠤ ᠪᠤᠳᠠᠭᠠᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 24. ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠥᠷᠨᠢᠭᠦᠯᠵᠦ᠂ ︽ᠵᠠᠷᠯᠠᠨ ᠮᠠᠩᠯᠠᠶᠢᠯᠠᠭᠤᠯᠬᠤ︾ ︽ᠬᠠᠨᠳᠤᠯᠭ᠎ᠠ ᠲᠠᠢ ᠪᠠᠷ | ᠨᠠᠶᠢᠳᠠᠬᠤ︾ ᠵᠡᠷᠭᠡ ᠬᠡᠯᠪᠡᠷᠢ ᠶᠢ ᠠᠪᠴᠤ᠂ ᠭᠤᠣᠯᠳᠠᠯᠭ᠎ᠠ ᠲᠠᠢ ᠪᠠᠷ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠨ ᠭᠠᠵᠠᠷ ᠤᠨ ᠰᠢᠮ᠎ᠡ ᠶᠢ | ᠳᠡᠭᠡᠭᠰᠢᠯᠡᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠤᠰᠤᠨ ᠤ ᠡᠬᠢ ᠪᠠᠶᠠᠯᠢᠭ ᠢ ᠠᠷᠪᠢᠯᠠᠨ | ᠠᠰᠢᠭᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠪᠠᠷ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠥᠷᠨᠢᠭᠦᠯᠵᠦ᠂ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | 25. ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾ ᠢ ᠳᠡᠯᠭᠡᠷᠡᠭᠦᠯᠦᠨ᠎ᠡ᠃ 2023 ᠣᠨ ᠳᠤ ᠢ ᠪᠥᠭᠡᠮ | ᠺᠣᠮᠫᠠᠨᠢ ᠶᠢᠨ ᠬᠢᠵᠠᠭᠠᠷᠲᠤ ᠺᠣᠮᠫᠠᠨᠢ ᠪᠠ ᠵᠢᠶᠠ ᠶᠢᠤ ᠬᠢᠵᠠᠭᠠᠷᠲᠤ ᠺᠣᠮᠫᠠᠨᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ︽ᠨᠢᠭᠡ ᠯᠡ ᠬᠠᠭᠤᠳᠠᠰᠤ ᠶᠢᠨ ᠳᠦᠷᠢᠮᠲᠦ︾ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠭᠤᠶᠤᠴᠢᠯᠠᠨ ᠮᠡᠳᠡᠭᠦᠯᠬᠦ ᠶᠢ ᠭᠤᠣᠯᠳᠠᠯᠭ᠎ᠠ ᠲᠠᠢ | ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | 26. ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ︽1+N︾ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶᠡᠨ ᠤ ᠳᠡᠭᠡᠳᠦ | ᠳᠣᠣᠷᠠᠳᠤ ᠤᠷᠤᠰᠬᠠᠯ ᠤᠨ ᠮᠥᠩᠭᠦᠨ ᠭᠦᠢᠯᠭᠡᠭᠡᠨ ᠦᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠠᠵᠤ ᠦᠢᠯᠡᠰ ᠤᠨ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠷᠭᠢᠮᠡᠯ ᠴᠢᠨᠠᠷᠲᠠᠢ ᠪᠡᠯᠡᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ | ᠦᠢᠯᠡᠳᠬᠦᠨ ᠲᠠᠢ ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠷᠢᠶᠠᠪᠠᠰᠤ ᠵᠣᠬᠢᠬᠤ ᠲᠠᠩᠰᠠᠨ ᠵᠣᠭᠤᠰ ᠤᠨ ᠪᠡᠯᠡ | ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ ᠂ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ | ᠲᠠᠩᠰᠠᠨ ᠵᠣᠭᠤᠰ᠂ ᠬᠥᠮᠥᠷᠭᠡ ᠶᠢᠨ ᠬᠠᠭᠤᠳᠠᠰᠤ ᠪᠠ ᠬᠠᠳᠠᠭᠠᠯᠠᠭᠰᠠᠨ ᠪᠠᠷᠠᠭ᠎ᠠ ᠪᠠᠨ ᠳᠠᠨᠵᠢᠯᠠᠬᠤ ᠵᠡᠷᠭᠡ ᠠᠷᠭ᠎ᠠ ᠮᠠᠶ᠋ᠢᠭ ᠢᠶᠠᠷ ᠪᠡᠯᠡ ᠲᠣᠬᠢᠷᠠᠭᠤᠯᠬᠤ ᠶᠢ ᠳᠡᠮᠵᠢᠨ᠎ᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠤᠨ ᠪᠠᠲᠤᠯᠠᠭᠠᠲᠤ ᠵᠢᠭᠡᠯᠡᠯᠭᠡ ᠶᠢ ᠳᠡᠮᠵᠢᠬᠦ ᠬᠥᠲᠥᠯᠥᠨ | ᠵᠢᠯᠤᠭᠤᠳᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠠᠩᠬᠢ ᠶᠢᠨ ᠪᠠᠷᠢᠴᠠᠭᠠᠯᠠᠬᠤ ᠶᠢ ᠬᠡᠯᠲᠦᠷᠢᠭᠦᠯᠬᠦ᠂ ᠳᠠᠭᠠᠭᠠᠯᠲᠠ ᠬᠢᠬᠦ ᠶᠢ ᠬᠡᠯᠲᠦᠷᠢᠭᠦᠯᠬᠦ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢ ᠳᠠᠶᠢᠴᠢᠯᠠᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠬᠠᠮᠵᠢᠯᠴᠠᠬᠤ | ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 27. ᠵᠢᠯ ᠤᠨ ᠳᠣᠲᠣᠷ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 40 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠤ ᠳᠣᠲᠣᠷ᠎ᠠ ᠵᠠᠯᠭᠠᠵᠤ ᠪᠠᠶᠢᠭᠤᠯᠬᠤ ᠵᠦᠢᠯᠡᠰ 18.44 ᠳ᠋ᠦᠩᠰᠢᠭᠤᠷ ᠲᠥᠭᠦᠷᠢᠭ᠂ | ᠰᠢᠨ᠎ᠡ ᠪᠠᠷ ᠠᠵᠢᠯ ᠡᠬᠢᠯᠡᠭᠦᠯᠦᠭᠰᠡᠨ ᠵᠦᠢᠯᠡᠰ 14 ᠳ᠋ᠦᠩᠰᠢᠭᠤᠷ ᠲᠥᠭᠦᠷᠢᠭ᠂ ᠰᠢᠨ᠎ᠡ ᠪᠠᠷ ᠵᠠᠰᠠᠵᠤ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ 900 | ᠺᠢᠯᠣᠮᠧᠲᠷ ᠪᠠᠶᠢᠵᠤ᠂ 9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ | | | |