ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2023 ᠣᠨ ᠤ ᠪᠥᠬᠦ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠡᠭᠡᠯᠢᠯᠡᠬᠦ ᠶᠢ ᠬᠠᠮ ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/12
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      2023 ᠣᠨ ᠤ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠪᠦᠬᠦ ᠬᠤᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ  ᠠᠶᠤᠯᠭᠦᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯᠭᠦᠢ  ᠶᠢ ᠪᠠᠲᠤᠯᠠᠵᠤ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ᠂ ᠦᠷᠭᠦᠯᠵᠢᠯᠡᠨ ᠬᠥᠭᠵᠢᠬᠦ ᠶᠢ ᠠᠬᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ 2023 ᠣᠨ ᠤ ᠪᠥᠬᠦ ᠬᠤᠲᠠ ᠶᠢᠨ ᠬᠠᠪᠤᠷ ᠨᠠᠮᠤᠷ ᠤᠨ ᠬᠤᠶᠠᠷ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠡᠭᠡᠯᠢᠯᠡᠬᠦ ᠶᠢ ᠬᠠᠮ ᠳᠠᠶᠢᠯᠠᠯᠳᠤᠭᠠᠨ ᠤ ᠬᠡᠯᠪᠡᠷᠢ ᠪᠠᠷ ᠶᠠᠪᠤᠭᠳᠠᠭᠤᠯᠤᠨ᠎ᠠ᠂ ᠪᠣᠳᠠᠲᠠᠢ ᠳᠣᠣᠷᠠᠬᠢ ᠮᠡᠲᠦ ᠲᠣᠬᠢᠷᠠᠭᠤᠯᠤᠨ᠎ᠠ᠃      ᠨᠢᠭᠡ᠂ ᠶᠡᠭᠡ ᠳᠠᠶᠢᠯᠠᠯᠳᠤᠭᠠᠨ ᠤ ᠴᠠᠭ      ︵ᠨᠢᠭᠡ︶ ᠬᠠᠪᠤᠷ ᠤᠨ ᠤᠯᠠᠷᠢᠯ ᠤᠨ ᠲᠥᠪᠯᠡᠷᠡᠭᠦᠯᠦᠨ ᠡᠭᠡᠯᠢᠯᠡᠬᠦ      3 ᠰᠠᠷ᠎ᠠ ᠶᠢᠨ 1 ᠤ ᠡᠳᠦᠷ ᠠᠴᠠ 10 ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠶᠢᠨ ᠪᠡᠯᠡᠳᠬᠡᠯ ᠤᠨ ᠱᠠᠲᠤ ᠪᠣᠯᠣᠨ᠎ᠠ︔      3 ᠰᠠᠷ᠎ᠠ ᠶᠢᠨ 11 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠶᠢᠨ ᠪᠣᠳᠠᠲᠤ ᠳᠠᠶᠢᠨ ᠤ ᠱᠠᠲᠤ ᠪᠣᠯᠣᠨ᠎ᠠ ︔      5 ᠳ᠋ᠤᠭᠠᠷ ᠰᠠᠷ᠎ᠠ ᠶᠢᠨ ᠡᠬᠢᠨ ᠤ ᠳᠤᠮᠳᠠᠴᠢ ᠪᠣᠯ ᠪᠠᠶᠢᠴᠠᠭᠠᠵᠤ ᠰᠢᠯᠭᠠᠨ ᠠᠪᠬᠤ ᠱᠠᠲᠤ ᠪᠣᠯᠣᠨ᠎ᠠ᠃      ︵ᠬᠤᠶᠠᠷ︶ ᠨᠠᠮᠤᠷ ᠤᠨ ᠤᠯᠠᠷᠢᠯ ᠤᠨ ᠲᠥᠪᠯᠡᠷᠡᠭᠦᠯᠦᠨ ᠡᠭᠡᠯᠢᠯᠡᠬᠦ      9 ᠰᠠᠷ᠎ᠠ ᠶᠢᠨ 1 ᠤ ᠡᠳᠦᠷ ᠠᠴᠠ 10 ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠶᠢᠨ ᠪᠡᠯᠡᠳᠬᠡᠯ ᠤᠨ ᠱᠠᠲᠤ ᠪᠣᠯᠣᠨ᠎ᠠ︔       9 ᠰᠠᠷ᠎ᠠ ᠶᠢᠨ 11 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭ᠎ᠠ ᠪᠣᠯ ᠲᠥᠪᠯᠡᠷᠡᠩᠭᠦᠢ ᠡᠭᠡᠯᠢᠯᠡᠭᠡ ᠶᠢᠨ ᠪᠣᠳᠠᠲᠤ ᠳᠠᠶᠢᠨ ᠤ ᠱᠠᠲᠤ ᠪᠣᠯᠣᠨ᠎ᠠ︔      11 ᠰᠠᠷ᠎ᠠ ᠶᠢᠨ ᠡᠬᠢᠨ ᠤ ᠳᠤᠮᠳᠠᠴᠢ ᠪᠣᠯ ᠪᠠᠶᠢᠴᠠᠭᠠᠵᠤ ᠰᠢᠯᠭᠠᠨ ᠠᠪᠬᠤ ᠱᠠᠲᠤ ᠪᠣᠯᠣᠨ᠎ᠠ᠃      ᠬᠤᠶᠠᠷ᠂ ᠬᠠᠷᠠᠯᠲᠠ ᠡᠭᠦᠷᠭᠡ      ︵ᠨᠢᠭᠡ︶ ᠦᠯᠦ ᠬᠠᠯᠳᠠᠭᠠᠬᠤ ᠡᠪᠡᠳᠴᠢᠨ ᠤ ᠲᠦᠷᠦᠯ      ᠠᠯᠪᠠᠳᠠᠯᠭ᠎ᠠ ᠪᠠᠷ ᠬᠢᠵᠢᠭ ᠰᠡᠷᠭᠡᠶᠢᠯᠡᠬᠦ ᠡᠪᠡᠳᠴᠢᠨ ᠤ ᠲᠥᠷᠥᠯ᠄ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠬᠦ ᠵᠢᠵᠢᠭ ᠮᠠᠯ ᠤᠨ ᠬᠢᠵᠢᠭ᠂ ᠪᠷᠦ᠋ᠼᠧᠯ ᠪᠠᠺᠲ᠋ᠧᠷᠢ ᠶᠢᠨ ᠡᠪᠡᠳᠴᠢᠨ᠂ ᠪᠠᠭᠯᠠᠭᠴᠢ ᠬᠤᠷᠣᠬᠠᠢ ᠶᠢᠨ ᠡᠪᠡᠳᠴᠢᠨ᠃      ᠲᠥᠯᠥᠪᠯᠡᠭᠡᠲᠦ ᠡᠭᠡᠯᠢᠯᠡᠭᠡ ᠶᠢᠨ ᠡᠪᠡᠳᠴᠢᠨ ᠤ ᠲᠥᠷᠥᠯ᠄ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠢ ᠶᠢᠨ ᠴᠢᠬᠢ ᠬᠥᠬᠡᠷᠡᠬᠦ ᠡᠪᠡᠳᠴᠢᠨ᠂ ᠰᠢᠨ᠎ᠡ ᠬᠤᠲᠠ ᠶᠢᠨ ᠬᠢᠵᠢᠭ᠂ ᠪᠤᠳᠤ ᠶᠢᠨ ᠡᠪᠡᠳᠴᠢᠨ᠂ ᠪᠣᠭᠤᠮ᠎ᠠ ᠡᠪᠡᠳᠴᠢᠨ᠂ ᠬᠤᠨᠢᠨ ᠤ ᠲᠦᠷᠭᠡᠨ ᠬᠢᠵᠢᠭ᠂ ᠬᠤᠨᠢᠨ ᠤ ᠭᠡᠳᠡᠰᠦᠨ ᠳᠤ ᠴᠢᠰᠤ ᠬᠤᠣᠷᠳᠠᠬᠤ ᠡᠪᠡᠳᠴᠢᠨ᠂ ᠬᠤᠨᠢᠨ ᠤ ᠴᠣᠴᠢᠮᠠᠭ ᠬᠢᠵᠢᠭ᠂ ᠭᠠᠯᠵᠠᠭᠤ ᠡᠪᠡᠳᠴᠢᠨ᠂ ᠦᠬᠡᠷ ᠤᠨ ᠵᠠᠩᠭᠢᠯᠠᠭᠠᠲᠤ ᠴᠢᠨᠠᠷᠲᠠᠢ ᠠᠷᠠᠰᠤᠨ ᠤ ᠡᠪᠡᠳᠴᠢᠨ ᠵᠡᠷᠭᠡ᠃      ( ᠬᠤᠶᠠᠷ ) ᠡᠭᠡᠯᠢᠯᠡᠭᠡ ᠶᠢᠨ ᠱᠠᠭᠠᠷᠳᠠᠯᠭ᠎ᠠ      ᠠᠯᠪᠠᠳᠠᠯᠭ᠎ᠠ ᠪᠠᠷ ᠡᠭᠡᠯᠢᠯᠡᠭᠡ ᠶᠢᠨ ᠡᠪᠡᠳᠴᠢᠨ ᠤ ᠲᠥᠷᠥᠯ᠄ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ ᠡᠭᠡᠯᠢᠯᠡᠭᠡ ᠶᠢᠨ ᠲᠠᠰ ᠳᠠᠷᠠᠭᠠᠯᠠᠯ ᠢᠶᠠᠷ ᠡᠭᠡᠯᠢᠯᠡᠭᠡ ᠶᠢᠨ ᠠᠵᠢᠯᠯᠠᠭ᠎ᠠ‌‍ᠰᠤᠯᠠ ᠲᠡᠵᠢᠭᠡᠵᠦ ᠪᠠᠶᠢᠭ᠎ᠠ ᠮᠠᠯ ᠵᠢᠭᠦᠷᠲᠡᠨ ᠤ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠲᠤ ᠬᠠᠪᠤᠷ ᠤᠨ ᠤᠯᠠᠷᠢᠯ᠂ ᠨᠠᠮᠤᠷ ᠤᠨ ᠤᠯᠠᠷᠢᠯ ᠳᠤ ᠲᠤᠰ ᠪᠦᠷᠢ ᠨᠢᠭᠡ ᠤᠳᠠᠭ᠎ᠠ ᠲᠥᠪᠯᠡᠷᠡᠭᠦᠯᠦᠨ ᠴᠠᠷᠤᠯᠲᠠ ᠬᠢᠯᠭᠡᠨ᠎ᠡ︔ ᠬᠡᠪᠢᠬᠦ ᠵᠢᠵᠢᠭ ᠮᠠᠯ ᠤᠨ ᠬᠢᠵᠢᠭ ᠢ ᠬᠠᠪᠤᠷ ᠤᠨ ᠤᠯᠠᠷᠢᠯ ᠳᠤ ᠨᠢᠭᠡ ᠤᠳᠠᠭ᠎ᠠ ᠲᠥᠪᠯᠡᠷᠡᠭᠦᠯᠦᠨ ᠡᠭᠡᠯᠢᠯᠡᠭᠡ ᠶᠢᠨ ᠠᠵᠢᠯᠯᠠᠭ᠎ᠠ ᠬᠢᠵᠦ᠂ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠨᠥᠬᠦᠵᠦ ᠬᠡᠯᠲᠦᠷᠢᠭᠦᠯᠦᠨ᠎ᠡ᠃ ᠪᠷᠦ᠋ᠼᠧᠯ ᠪᠠᠺᠲ᠋ᠧᠷᠢ ᠶᠢᠨ ᠡᠪᠡᠳᠴᠢᠨ ᠪᠠ ᠪᠠᠭᠯᠠᠭᠴᠢ ᠬᠤᠷᠣᠬᠠᠢ ᠶᠢᠨ ᠡᠪᠡᠳᠴᠢᠨ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠢᠭᠡ ᠤᠳᠠᠭᠠᠨ ᠤ ᠡᠭᠡᠯᠢᠯᠡᠭᠡ ᠶᠢ ᠬᠢᠵᠦ᠂ ᠡᠭᠡᠯᠢᠯᠡᠭᠡ ᠶᠢᠨ ᠬᠢᠷᠢ ᠲᠡᠩᠴᠡᠬᠦ ᠦᠭᠡᠢ ᠪᠠ ᠰᠢᠨ᠎ᠡ ᠪᠠᠷ ᠪᠣᠶ ᠪᠣᠯᠤᠭᠰᠠᠨ᠂ ᠰᠢᠨ᠎ᠡ ᠪᠠᠷ ᠨᠥᠬᠦᠪᠦᠷᠢᠯᠡᠬᠦ ᠬᠠᠰᠢᠶ᠎ᠠ ᠲᠠᠢ ᠮᠠᠯ ᠵᠢᠭᠦᠷᠲᠡᠨ ᠢ ᠴᠠᠭ ᠲᠤᠬᠠᠢ ᠳᠤᠨᠢ ᠨᠥᠬᠦᠵᠦ ᠬᠡᠯᠲᠦᠷᠢᠭᠦᠯᠬᠦ ᠬᠡᠷᠡᠭᠲᠡᠢ᠃ ᠰᠦᠷᠦᠭᠵᠢᠯ ᠤᠨ ᠡᠭᠡᠯᠢᠯᠡᠭᠡ ᠶᠢᠨ ᠨᠢᠭᠲᠠᠴᠠ ᠶᠢ ᠵᠢᠯ ᠲᠤᠷᠰᠢ 90%  ᠠᠴᠠ ᠳᠡᠭᠡᠭᠰᠢ ᠪᠠᠶᠢᠯᠭᠠᠵᠤ᠂ ᠡᠭᠦᠨ ᠳᠤ ᠬᠡᠯᠲᠦᠷᠢᠭᠦᠯᠬᠦ ᠶᠣᠰᠣᠲᠠᠢ ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠬᠦ ᠬᠡᠷᠡᠭᠲᠡᠢ᠃ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠵᠢᠵᠢᠭ ᠬᠡᠪᠢᠬᠦ ᠮᠠᠯ ᠤᠨ ᠬᠢᠵᠢᠭ ᠤᠨ ᠦᠯᠦ ᠬᠠᠯᠳᠠᠭᠠᠬᠤ ᠴᠠᠷᠤᠭᠴᠢ ᠶᠢᠨ ᠬᠢᠷᠢ ᠲᠡᠩᠴᠡᠬᠦ ᠨᠤᠷᠮ᠎ᠠ ᠶᠢ ᠪᠦᠬᠦ ᠵᠢᠯ ᠳᠤ 70% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃      ᠲᠥᠯᠥᠪᠯᠡᠭᠡᠲᠦ ᠡᠭᠡᠯᠢᠯᠡᠭᠡ ᠶᠢᠨ ᠡᠪᠡᠳᠴᠢᠨ ᠤ ᠲᠥᠷᠥᠯ᠄ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠢ ᠶᠢᠨ ᠬᠥᠬᠡ ᠴᠢᠬᠢ ᠶᠢᠨ ᠡᠪᠡᠳᠴᠢᠨ ᠳᠤ ᠪᠥᠬᠦ ᠲᠠᠯ᠎ᠠ ᠪᠠᠷ ᠡᠭᠡᠯᠢᠯᠡᠭᠡ ᠶᠢ ᠬᠡᠷᠡᠭᠵᠢᠭᠦᠯᠵᠦ᠂ ᠪᠤᠰᠤᠳ ᠡᠪᠡᠳᠴᠢᠨ ᠤ ᠲᠥᠷᠥᠯ ᠳᠤ ᠡᠯ᠎ᠡ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ᠂ ᠤᠯᠤᠰ ᠤᠨ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ᠂ ᠰᠡᠷᠭᠡᠶᠢᠯᠡᠨ ᠵᠠᠰᠠᠬᠤ ᠵᠢᠯᠤᠭᠤᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠡᠭᠡᠯᠢᠯᠡᠭᠡ ᠶᠢ ᠬᠡᠷᠡᠭᠵᠢᠭᠦᠯᠵᠦ᠂ ᠡᠭᠡᠯᠢᠯᠡᠭᠡ ᠶᠢᠨ ᠬᠢᠷᠢ ᠲᠡᠩᠴᠡᠬᠦ ᠦᠭᠡᠢ ᠪᠠ ᠰᠢᠨ᠎ᠡ ᠪᠠᠷ ᠪᠣᠶ ᠪᠣᠯᠤᠭᠰᠠᠨ᠂ ᠰᠢᠨ᠎ᠡ ᠪᠠᠷ ᠨᠥᠬᠦᠪᠦᠷᠢᠯᠡᠬᠦ ᠬᠠᠰᠢᠶ᠎ᠠ ᠲᠠᠢ ᠮᠠᠯ ᠵᠢᠭᠦᠷᠲᠡᠨ ᠢ ᠴᠠᠭ ᠲᠤᠬᠠᠢ ᠳᠤᠨᠢ ᠨᠥᠬᠦᠵᠦ ᠬᠡᠯᠲᠦᠷᠢᠭᠦᠯᠦᠨ᠎ᠡ᠃ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠢ ᠶᠢᠨ ᠴᠢᠬᠢ ᠬᠥᠬᠡᠷᠡᠬᠦ ᠡᠪᠡᠳᠴᠢᠨ᠂ ᠰᠢᠨ᠎ᠡ ᠬᠤᠲᠠ ᠶᠢᠨ ᠬᠢᠵᠢᠭ ᠤᠨ ᠡᠭᠡᠯᠢᠯᠡᠭᠡ ᠶᠢᠨ ᠣᠷᠣᠨ ᠤ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ 90%  ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠵᠤ᠂ ᠬᠡᠯᠲᠦᠷᠢᠭᠦᠯᠬᠦ ᠶᠣᠰᠣᠲᠠᠢ ᠮᠠᠯ ᠵᠢᠭᠦᠷᠲᠡᠨ ᠤ ᠡᠭᠡᠯᠢᠯᠡᠭᠡ ᠶᠢᠨ ᠨᠢᠭᠲᠠᠴᠠ ᠶᠢ 100% ᠳᠤ ᠬᠦᠷᠦᠭᠦᠯᠵᠦ᠂ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠬᠦ ᠨᠣᠷᠮ᠎ᠠ ᠶᠢ ᠪᠥᠬᠦ ᠵᠢᠯ ᠳᠤ 70%  ᠠᠴᠠ ᠳᠡᠭᠡᠭᠰᠢ ᠳᠤ ᠪᠠᠶᠢᠯᠭᠠᠨ᠎ᠠ︔ ᠭᠠᠯᠵᠠᠭᠤ ᠡᠪᠡᠳᠴᠢᠨ᠂ ᠬᠤᠨᠢᠨ ᠤ ᠪᠤᠳᠤ ᠡᠪᠡᠳᠴᠢᠨ᠂ ᠪᠣᠭᠤᠮ᠎ᠠ ᠡᠪᠡᠳᠴᠢᠨ᠂ ᠬᠤᠨᠢᠨ ᠤ ᠲᠦᠷᠭᠡᠨ ᠬᠢᠵᠢᠭ᠂ ᠬᠤᠨᠢᠨ ᠤ ᠭᠡᠳᠡᠰᠦᠨ ᠤ ᠬᠤᠣᠷᠠᠲᠤ ᠴᠢᠰᠤᠨ ᠭᠡᠮ᠂ ᠬᠤᠨᠢᠨ ᠤ ᠴᠣᠴᠢᠮᠠᠭ ᠡᠪᠡᠳᠴᠢᠨ ᠤ ᠡᠭᠡᠯᠢᠯᠡᠭᠡ ᠶᠢᠨ ᠣᠷᠣᠨ ᠤ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ 90% ᠠᠴᠠ ᠳᠡᠭᠡᠭᠰᠢ ᠪᠠᠶᠢᠯᠭᠠᠵᠤ᠂ ᠬᠡᠯᠲᠦᠷᠢᠭᠦᠯᠬᠦ ᠨᠢᠭᠲᠠᠴᠠ ᠶᠢ 100% ᠳᠤ ᠬᠦᠷᠦᠭᠦᠯᠬᠦ ᠬᠡᠷᠡᠭᠲᠡᠢ᠃ ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ ᠳᠤ ᠬᠠᠪᠤᠷ ᠤᠨ ᠤᠯᠠᠷᠢᠯ ᠳᠤ ᠪᠣᠶ ᠪᠦᠬᠦᠢ ᠦᠬᠡᠷ ᠲᠤ ᠨᠢᠭᠡ ᠤᠳᠠᠭ᠎ᠠ ᠡᠭᠡᠯᠢᠯᠡᠭᠡ ᠶᠢ ᠲᠥᠪᠯᠡᠷᠡᠭᠦᠯᠦᠨ ᠬᠢᠵᠦ᠂ ᠬᠠᠮᠲᠤᠯᠢᠭ ᠤᠨ ᠡᠭᠡᠯᠢᠯᠡᠭᠡ ᠶᠢᠨ ᠨᠢᠭᠲᠠᠴᠠ ᠶᠢ 90%  ᠠᠴᠠ ᠳᠡᠭᠡᠭᠰᠢ ᠪᠠᠶᠢᠯᠭᠠᠵᠤ᠂ ᠬᠡᠯᠲᠦᠷᠢᠭᠦᠯᠬᠦ ᠨᠢᠭᠲᠠᠴᠠ ᠶᠢ 100% ᠳᠤ ᠬᠦᠷᠦᠭᠦᠯᠦᠨ᠎ᠡ᠃      ︵ᠭᠤᠷᠪᠠ︶ ᠡᠭᠡᠯᠢᠯᠡᠭᠡ ᠶᠢᠨ ᠠᠮᠢᠲᠠᠨ ᠤ ᠲᠥᠷᠥᠯ ᠵᠦᠢᠯ      ᠰᠢᠯᠦᠬᠡᠢ ᠡᠪᠡᠳᠴᠢᠨ᠄ ᠪᠣᠶ ᠪᠦᠬᠦᠢ ᠦᠬᠡᠷ᠂ ᠬᠤᠨᠢ᠂ ᠲᠡᠮᠡᠭᠡ᠂ ᠪᠤᠭᠤ ᠳᠤ ᠰᠢᠯᠦᠬᠡᠢ ᠡᠪᠡᠳᠴᠢᠨ ᠤ O ᠬᠡᠯᠪᠡᠷᠢ  - A ᠬᠡᠯᠪᠡᠷᠢ ᠶᠢᠨ ᠬᠤᠶᠠᠷ ᠸᠠᠯᠧᠨ᠋ᠲᠲᠤ ᠢᠳᠡᠪᠬᠢ ᠦᠭᠡᠶᠢᠳᠡᠭᠦᠯᠬᠦ ᠸᠠᠺᠼᠢᠨ ᠢ ᠬᠡᠷᠡᠭᠯᠡᠨ ᠠᠯᠪᠠᠳᠠᠯᠭ᠎ᠠ ᠪᠠᠷ ᠴᠠᠷᠤᠯᠲᠠ ᠬᠢᠯᠭᠡᠨ᠎ᠡ︔ ᠪᠣᠶ ᠪᠦᠬᠦᠢ ᠭᠠᠭ᠋ᠠᠢ ᠳᠤ ᠭᠠᠭ᠋ᠠᠢ ᠶᠢᠨ ᠰᠢᠯᠦᠬᠡᠢ ᠡᠪᠡᠳᠴᠢᠨ ᠤ O ᠬᠡᠯᠪᠡᠷᠢ ᠶᠢᠨ ᠨᠡᠶᠢᠯᠡᠮᠡᠯ ᠫᠧᠫᠲ᠋ᠢᠳ᠋ ᠤᠨ ᠸᠠᠺᠼᠢᠨ ᠢ ᠬᠡᠷᠡᠭᠯᠡᠨ ᠠᠯᠪᠠᠳᠠᠯᠭ᠎ᠠ ᠪᠠᠷ ᠴᠠᠷᠤᠯᠲᠠ ᠬᠢᠯᠭᠡᠨ᠎ᠡ᠃      ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠄ ᠪᠣᠶ ᠪᠦᠬᠦᠢ ᠲᠠᠬᠢᠶ᠎ᠠ᠂ ᠨᠤᠭᠤᠰᠤ᠂ ᠭᠠᠯᠠᠭᠤ᠂ ᠪᠦᠲᠦᠨ᠎ᠡ᠂ ᠲᠠᠭᠲᠠᠭ᠎ᠠ ᠵᠡᠷᠭᠡ ᠬᠥᠮᠥᠨ ᠤ ᠬᠦᠴᠦ  ᠪᠠᠷ  ᠲᠡᠵᠢᠭᠡᠭᠰᠡᠨ  ᠵᠢᠭᠦᠷᠲᠡᠨ ᠳᠤ  ᠵᠥᠪᠬᠡᠨ  ᠳᠠᠬᠢᠨ  ᠪᠠᠶᠢᠭᠤᠯᠤᠭᠰᠠᠨ  ᠵᠢᠭᠦᠷᠲᠡᠨ  ᠤ  ᠬᠠᠯᠳᠠᠪᠤᠷᠢᠲᠤ ᠲᠠᠭᠰᠢᠭᠤᠷ  ᠤᠨ  ᠸᠢᠷᠦ᠋ᠰ  ︵H5+H7︶ ᠤᠨ ᠭᠤᠷᠪᠠᠨ ᠸᠠᠯᠧᠨ᠋ᠲ ᠤᠨ ᠢᠳᠡᠪᠬᠢ ᠦᠭᠡᠶᠢᠳᠡᠭᠦᠯᠬᠦ ᠸᠠᠺᠼᠢᠨ ᠢ ᠬᠡᠷᠡᠭᠯᠡᠨ ᠠᠯᠪᠠᠳᠠᠯᠭ᠎ᠠ ᠪᠠᠷ ᠴᠠᠷᠤᠯᠲᠠ ᠬᠢᠯᠭᠡᠨ᠎ᠡ᠃ ᠰᠤᠳᠤᠯᠬᠤ ᠪᠠ ᠸᠠᠺᠼᠢᠨ ᠦᠢᠯᠡᠳᠪᠦᠷᠢᠯᠡᠬᠦ ᠳᠤ ᠬᠡᠷᠡᠭᠯᠡᠬᠦ ᠭᠡᠷ ᠤᠨ ᠵᠢᠭᠦᠷᠲᠡᠨ ᠳᠤ᠂ ᠭᠠᠳᠠᠭᠠᠳᠤ  ᠠᠴᠠ ᠣᠷᠣᠭᠤᠯᠬᠤ ᠤᠯᠤᠰ ︵ᠭᠠᠵᠠᠷ ᠣᠷᠣᠨ︶  ᠠᠴᠠ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠴᠠᠷᠤᠯᠲᠠ ᠬᠢᠵᠦ ᠪᠣᠯᠬᠤ ᠦᠭᠡᠢ ᠭᠡᠵᠦ ᠲᠣᠳᠣᠷᠬᠠᠢ ᠱᠠᠭᠠᠷᠳᠠᠭᠰᠠᠨ ᠭᠠᠳᠠᠭᠠᠳᠤ ᠳᠤ ᠭᠠᠷᠭᠠᠬᠤ ᠭᠡᠷ ᠤᠨ ᠵᠢᠭᠦᠷᠲᠡᠨ ᠵᠢᠴᠢ ᠪᠤᠰᠤᠳ ᠣᠨᠴᠣᠭᠤᠢ ᠰᠢᠯᠲᠠᠭᠠᠨ  ᠠᠴᠠ ᠪᠣᠯᠵᠤ ᠴᠠᠷᠤᠯᠲᠠ ᠬᠢᠬᠦ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠠᠯᠪᠠᠳᠠᠯᠭ᠎ᠠ ᠪᠠᠷ ᠴᠠᠷᠤᠯᠲᠠ ᠬᠢᠯᠭᠡᠬᠦ ᠦᠭᠡᠢ ᠪᠠᠶᠢᠵᠤ ᠪᠣᠯᠣᠨ᠎ᠠ᠃      ᠵᠢᠵᠢᠭ ᠬᠡᠪᠢᠬᠦ ᠮᠠᠯ ᠤᠨ ᠬᠢᠵᠢᠭ᠄ ᠡᠭᠡᠯᠢᠯᠡᠭᠡ ᠶᠢᠨ ᠬᠠᠮᠠᠭᠠᠯᠠᠯᠲᠠ ᠶᠢᠨ ᠬᠤᠭᠤᠴᠠᠭᠠᠨ ᠳᠠᠬᠢ ᠬᠤᠨᠢ  ᠠᠴᠠ ᠭᠠᠳᠠᠨ᠎ᠠ᠂ ᠪᠤᠰᠤᠳ ᠪᠣᠶ ᠪᠦᠬᠦᠢ ᠬᠤᠨᠢᠨ ᠳᠤ ᠵᠥᠪᠬᠡᠨ ᠵᠢᠵᠢᠭ ᠬᠡᠪᠢᠬᠦ ᠮᠠᠯ ᠤᠨ ᠬᠢᠵᠢᠭ ᠤᠨ ᠠᠮᠢᠳᠤ ᠸᠠᠺᠼᠢᠨ ᠢ ᠬᠡᠷᠡᠭᠯᠡᠵᠦ ᠡᠭᠡᠯᠢᠯᠡᠭᠡ ᠬᠢᠨ᠎ᠡ᠃      ᠪᠷᠦ᠋ᠼᠧᠯ ᠡᠪᠡᠳᠴᠢᠨ᠄ ᠦᠷ᠎ᠡ ᠶᠢᠨ ᠮᠠᠯ ᠳᠤ ᠡᠭᠡᠯᠢᠯᠡᠭᠡ ᠶᠢ ᠴᠠᠭᠠᠵᠠᠯᠠᠵᠤ᠂ ᠠᠯᠠᠰᠢᠨ ᠦᠬᠡᠷ ᠪᠠ ᠠᠯᠠᠰᠢᠨ ᠬᠤᠨᠢᠨ ᠳᠤ ᠤᠯᠤᠰ ᠠᠴᠠ ᠲᠣᠭᠲᠠᠭᠠᠭᠰᠠᠨ ᠸᠠᠺᠼᠢᠨ ᠢ ᠬᠡᠷᠡᠭᠯᠡᠨ ᠠᠯᠪᠠᠳᠠᠯᠭ᠎ᠠ ᠪᠠᠷ ᠡᠭᠡᠯᠢᠯᠡᠭᠡ ᠶᠢ ᠶᠠᠪᠤᠭᠤᠯᠤᠨ᠎ᠠ︔ ᠬᠠᠪᠤᠷ ᠤᠨ ᠤᠯᠠᠷᠢᠯ ᠳᠤ ᠲᠡᠵᠢᠭᠡᠵᠦ ᠪᠠᠶᠢᠭ᠎ᠠ ᠬᠤᠷᠠᠭ᠎ᠠ ᠳᠤ M5 ᠪᠤᠶᠤ M5-9026 ᠸᠠᠺᠼᠢᠨ ᠢ ᠬᠡᠷᠡᠭᠯᠡᠨ ᠥᠨᠳᠥᠷ ᠨᠢᠭᠲᠠᠴᠠ ᠲᠠᠢ ᠡᠭᠡᠯᠢᠯᠡᠭᠡ ᠶᠢᠨ ᠠᠵᠢᠯᠯᠠᠭ᠎ᠠ ᠬᠢᠬᠦ ᠶᠢᠨ ᠬᠠᠮᠲᠤ ᠰᠠᠷ᠎ᠠ ᠪᠦᠷᠢ ᠨᠥᠬᠦᠪᠦᠷᠢ ᠲᠠᠷᠢᠯᠭ᠎ᠠ ᠶᠢ ᠬᠡᠷᠡᠭᠵᠢᠭᠦᠯᠦᠨ᠎ᠡ︔ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠨᠠᠮᠤᠷ ᠤᠨ ᠤᠯᠠᠷᠢᠯ ᠳᠤ ᠬᠠᠷᠢᠶᠠᠲᠤ ᠣᠷᠣᠨ ᠤ ᠪᠠᠨ ᠰᠠᠭᠤᠷᠢ ᠡᠮ᠎ᠡ ᠬᠤᠨᠢᠨ ᠳᠤ S2 ᠸᠠᠺᠼᠢᠨ ᠢ ᠬᠡᠷᠡᠭᠯᠡᠵᠦ ᠴᠠᠷᠤᠯᠲᠠ ᠬᠢᠯᠭᠡᠨ᠎ᠡ︔ ᠰᠠᠭᠠᠯᠢ ᠶᠢᠨ ᠦᠨᠢᠶ᠎ᠡ ᠶᠢᠨ ᠡᠭᠡᠯᠢᠯᠡᠭᠡ ᠶᠢ ᠲᠣᠭᠲᠠᠭᠠᠯ ᠶᠣᠰᠣᠭᠠᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠯᠦᠭᠯᠡᠯ ᠢᠶᠠᠷ ᠨᠢᠭᠡᠴᠢ ᠪᠣᠯᠭᠠᠨ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠮᠡᠳᠡᠭᠦᠯᠦᠨ ᠳᠠᠩᠰᠠᠯᠠᠭᠤᠯᠵᠤ᠂ A19 ᠸᠠᠺᠼᠢᠨ ᠢ ᠬᠡᠷᠡᠭᠯᠡᠨ ᠡᠭᠡᠯᠢᠯᠡᠭᠡ ᠶᠢ ᠬᠢᠯᠭᠡᠬᠦ ᠬᠡᠷᠡᠭᠲᠡᠢ᠃      ᠬᠤᠶᠠᠷ ᠡᠪᠡᠳᠴᠢᠨ ᠢ ᠴᠡᠪᠡᠷᠰᠢᠭᠦᠯᠦᠭᠰᠡᠨ ᠰᠠᠭᠠᠯᠢ ᠶᠢᠨ ᠦᠨᠢᠶ᠎ᠡ ᠶᠢᠨ ᠲᠠᠯᠠᠪᠠᠶ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠡᠭᠡᠯᠢᠯᠡᠭᠡ ᠶᠢᠨ ᠦᠬᠡᠷ ᠤᠨ ᠰᠦᠷᠦᠭ᠂ ᠸᠠᠺᠼᠢᠨ ᠤ ᠲᠥᠷᠥᠯ ᠵᠦᠢᠯ᠂ ᠡᠭᠡᠯᠢᠯᠡᠭᠡ ᠶᠢᠨ ᠦᠷ᠎ᠡ ᠪᠦᠲᠦᠮᠵᠢ ᠶᠢᠨ ᠦᠨᠡᠯᠡᠯᠲᠡ᠂ ᠡᠭᠡᠯᠢᠯᠡᠭᠡ ᠶᠢᠨ ᠤᠬᠤᠷᠢᠨ ᠭᠠᠷᠬᠤ ᠴᠠᠭ ᠬᠤᠭᠤᠴᠠᠭ᠎ᠠ ᠵᠡᠷᠭᠡ ᠶᠢ ᠪᠠᠭᠲᠠᠭᠠᠭᠰᠠᠨ ᠡᠭᠡᠯᠢᠯᠡᠭᠡ ᠶᠢᠨ ᠲᠥᠯᠥᠪᠯᠡᠭᠡ ᠶᠢ ᠨᠠᠷᠢᠨ ᠲᠣᠭᠲᠠᠭᠠᠵᠤ᠂ ᠡᠭᠡᠯᠢᠯᠡᠭᠡ ᠶᠢᠨ ᠬᠢᠵᠢᠭ ᠦᠭᠡᠢ ᠣᠷᠣᠨ ᠳᠤ ᠬᠤᠯᠪᠣᠭᠳᠠᠭᠰᠠᠨ ᠭᠠᠵᠠᠷ ᠣᠷᠣᠨ ᠨᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠤᠷᠠᠳ ᠤᠨ ᠨᠤᠲᠤᠭ ᠪᠡᠯᠴᠢᠭᠡᠷ ᠤᠨ ᠡᠭᠡᠯᠢᠯᠡᠭᠡ ᠶᠢᠨ ᠲᠠᠷᠬᠠᠯᠲᠠ ᠦᠭᠡᠢ ᠡᠪᠡᠳᠴᠢᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃      ᠪᠠᠭᠯᠠᠭᠴᠢ ᠬᠤᠷᠣᠬᠠᠢ ᠶᠢᠨ ᠡᠪᠡᠳᠴᠢᠨ᠄  ᠤᠷᠠᠳ  ᠤᠨ  ᠬᠤᠶᠢᠲᠤ  ᠬᠤᠰᠢᠭᠤᠨ  ᠳᠤ  ᠠᠯᠪᠠᠳᠠᠯᠭ᠎ᠠ  ᠪᠠᠷ  ᠴᠠᠷᠤᠯᠲᠠ  ᠬᠢᠯᠭᠡᠬᠦ  ᠶᠢ ᠦᠷᠭᠦᠯᠵᠢᠯᠡᠨ  ᠬᠡᠷᠡᠭᠵᠢᠭᠦᠯᠦᠨ᠎ᠡ᠃ ᠬᠤᠨᠢᠨ ᠤ ᠥᠷᠭᠡᠰᠦᠲᠦ ᠪᠥᠮᠪᠥᠭᠡᠯᠢᠭ ᠠᠪᠠᠭᠠᠯᠳᠠᠢ ᠡᠪᠡᠳᠴᠢᠨ ᠤ ᠭᠧᠨ ᠤ ᠢᠨᠵᠧᠨᠧᠷᠢᠩ ᠤᠨ ᠳᠡᠳ᠋ ᠨᠢᠭᠡᠴᠢ ᠶᠢᠨ ᠸᠠᠺᠼᠢᠨ ᠢ ᠬᠡᠷᠡᠭᠯᠡᠨ ᠰᠢᠨ᠎ᠡ ᠪᠠᠷ ᠪᠣᠶ ᠪᠣᠯᠤᠭᠰᠠᠨ ᠬᠤᠷᠠᠭ᠎ᠠ᠂ ᠬᠡᠷᠡᠰᠬᠡ ᠨᠥᠬᠦᠬᠦ ᠬᠤᠨᠢ ᠶᠢ ᠠᠩᠬ᠎ᠠ ᠤᠳᠠᠭ᠎ᠠ ᠬᠡᠯᠲᠦᠷᠢᠭᠦᠯᠵᠦ᠂ ᠨᠢᠭᠡ ᠰᠠᠷ᠎ᠠ ᠶᠢᠨ ᠳᠠᠷᠠᠭ᠎ᠠ ᠳᠠᠭᠢᠵᠤ ᠡᠭᠡᠯᠢᠯᠡᠭᠡ ᠶᠢᠨ ᠠᠵᠢᠯᠯᠠᠭ᠎ᠠ ᠬᠢᠯᠭᠡᠨ᠎ᠡ᠃ᠵᠢᠯ ᠪᠦᠷᠢ ᠨᠢᠭᠡ ᠤᠳᠠᠭ᠎ᠠ ᠡᠭᠡᠯᠢᠯᠡᠭᠡ ᠶᠢ ᠴᠢᠩᠭᠠᠳᠬᠠᠨ᠎ᠠ᠃      ᠪᠤᠰᠤᠳ ᠭᠤᠣᠯᠳᠠᠯᠭ᠎ᠠ ᠲᠠᠢ ᠬᠢᠵᠢᠭ ᠡᠪᠡᠳᠴᠢᠨ᠄ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠭᠠᠭ᠋ᠠᠢ ᠶᠢᠨ ᠴᠢᠬᠢ ᠬᠥᠬᠡᠷᠡᠬᠦ ᠡᠪᠡᠳᠴᠢᠨ ᠳᠤ ᠡᠭᠡᠯᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠤᠲᠠ ᠶᠢᠨ ᠬᠢᠵᠢᠭ᠂ ᠪᠤᠳᠤ ᠶᠢᠨ ᠡᠪᠡᠳᠴᠢᠨ᠂ ᠪᠣᠭᠤᠮ᠎ᠠ ᠡᠪᠡᠳᠴᠢᠨ᠂ ᠬᠤᠨᠢᠨ ᠤ ᠲᠦᠷᠭᠡᠨ ᠬᠢᠵᠢᠭ᠂ ᠬᠤᠨᠢᠨ ᠤ ᠭᠡᠳᠡᠰᠦᠨ ᠤ ᠬᠤᠣᠷᠲᠤ ᠴᠢᠰᠤᠨ ᠬᠡᠮ᠂ ᠬᠤᠨᠢᠨ ᠤ ᠴᠣᠴᠢᠮᠠᠭ ᠬᠢᠵᠢᠭ ᠵᠡᠷᠭᠡ ᠡᠪᠡᠳᠴᠢᠨ ᠤ ᠲᠥᠷᠥᠯ ᠳᠤ ᠡᠯ᠎ᠡ ᠭᠠᠵᠠᠷ ᠤᠨ ᠬᠢᠨ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ᠂ ᠤᠯᠤᠰ ᠤᠨ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠷᠤᠮᠵᠢᠯ᠂ ᠰᠡᠷᠭᠡᠶᠢᠯᠡᠨ ᠵᠠᠰᠠᠬᠤ ᠵᠢᠯᠤᠭᠤᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠡᠭᠡᠯᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃      ᠭᠠᠯᠵᠠᠭᠤ ᠡᠪᠡᠳᠴᠢᠨ᠄ ᠪᠣᠳᠠᠲᠠᠢ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠲᠡᠵᠢᠭᠡᠪᠦᠷᠢ ᠶᠢᠨ ᠨᠣᠬᠠᠢ᠂ ᠰᠢᠨ᠎ᠡ ᠬᠠᠭᠤᠴᠢᠨ ᠬᠢᠵᠢᠭᠲᠦ ᠣᠷᠣᠨ ᠵᠢᠴᠢ ᠬᠡᠭᠡᠷ᠎ᠡ ᠶᠢᠨ ᠠᠮᠢᠲᠠᠨ ᠤ ᠠᠵᠢᠯᠯᠠᠭ᠎ᠠ ᠣᠯᠠᠰᠢᠷᠠᠵᠤ ᠪᠠᠶᠢᠭ᠎ᠠ ᠵᠡᠷᠭᠡ ᠲᠦᠭᠰᠢᠭᠦᠷᠢ ᠶᠡᠬᠡᠲᠡᠢ ᠣᠷᠣᠨ ᠪᠦᠰᠡ ᠶᠢᠨ ᠸᠠᠺᠼᠢᠨ ᠤ ᠡᠭᠡᠯᠢᠯᠡᠭᠡ ᠶᠢ ᠭᠤᠣᠯᠳᠠᠯᠭ᠎ᠠ ᠲᠠᠢ ᠰᠠᠶᠢᠲᠤᠷ ᠬᠢᠨ᠎ᠡ᠃      ᠦᠬᠡᠷ ᠤᠨ ᠠᠷᠠᠰᠤᠨ ᠤ ᠵᠠᠩᠭᠢᠯᠠᠭᠠᠲᠤ ᠡᠪᠡᠳᠴᠢᠨ᠄ ᠬᠠᠪᠤᠷ ᠤᠨ ᠤᠯᠠᠷᠢᠯ ᠤᠨ ᠲᠥᠪᠯᠡᠷᠡᠩᠭᠦᠢ ᠡᠭᠡᠯᠢᠯᠡᠭᠡ ᠲᠠᠢ ᠤᠶᠠᠯᠳᠤᠭᠤᠯᠤᠨ ᠪᠣᠶ ᠪᠦᠬᠦᠢ ᠦᠬᠡᠷ ᠲᠤ ᠢᠮᠠᠭᠠᠨ ᠤ ᠪᠤᠳᠤ ᠶᠢᠨ ᠠᠮᠢᠳᠤ ᠸᠠᠺᠼᠢᠨ ᠤ 5 ᠳᠠᠬᠢᠨ ᠤ ᠡᠭᠡᠯᠢᠯᠡᠭᠡ ᠶᠢᠨ ᠡᠮ ᠤᠨ ᠬᠡᠮᠵᠢᠶ᠎ᠡ ᠪᠠᠷ ᠨᠢᠭᠡ ᠤᠳᠠᠭ᠎ᠠ ᠡᠭᠡᠯᠢᠯᠡᠭᠡ ᠶᠢᠨ ᠠᠵᠢᠯᠯᠠᠭ᠎ᠠ ᠬᠢᠨ᠎ᠡ᠃      ᠭᠤᠷᠪᠠ᠂ ᠪᠣᠳᠠᠲᠠᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠴᠢᠩᠭᠠᠷᠠᠭᠤᠯᠤᠨ᠎ᠠ᠃ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠨᠢ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠠᠷ ᠪᠠᠷᠠᠬᠤ ᠦᠭᠡᠢ᠂ ᠨᠠᠩ ᠴᠤ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠪᠣᠯ ᠡᠯ᠎ᠡ ᠱᠠᠲᠤᠨ ᠤ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠬᠠᠮᠲᠤ ᠶᠢᠨ ᠬᠠᠷᠢᠭᠤᠴᠠᠯᠭ᠎ᠠ ᠮᠥᠨ᠃ᠡᠶᠢᠮᠦ ᠠᠴᠠ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠡᠷᠬᠡ ᠲᠤᠰᠢᠶᠠᠯᠲᠤ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠠᠮᠢᠳᠠᠨ  ᠤ ᠬᠢᠵᠢᠭ ᠰᠡᠷᠭᠡᠶᠢᠯᠡᠬᠦ ᠠᠵᠢᠯ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠬᠠᠷᠢᠭᠤᠴᠠᠬᠤ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠵᠠᠰᠠᠭ ᠤᠨ ᠣᠷᠳᠣᠨ ᠤ ᠨᠢᠭᠤᠴᠠ ᠶᠢ ᠬᠠᠮᠠᠭᠠᠯᠠᠬᠤ᠂ ᠰᠠᠯᠠᠭ᠎ᠠ ᠮᠥᠴᠢᠷ ᠶᠠᠰᠤ ᠴᠢᠨᠠᠷ ᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ ᠠᠯᠪᠠᠳᠠᠯᠭ᠎ᠠ ᠪᠠᠷ ᠴᠠᠷᠤᠯᠲᠠ ᠬᠢᠯᠭᠡᠬᠦ ᠪᠠ ᠡᠪᠡᠳᠴᠢᠨ ᠤ ᠪᠠᠶᠢᠳᠠᠯ ᠠᠴᠠ ᠪᠣᠯᠵᠤ ᠰᠡᠷᠭᠡᠶᠢᠯᠡᠬᠦ ᠶᠢ ᠤᠶᠠᠯᠳᠤᠭᠤᠯᠬᠤ᠂ ᠲᠥᠪᠯᠡᠷᠡᠭᠦᠯᠦᠨ ᠴᠠᠷᠤᠯᠲᠠ ᠬᠢᠯᠭᠡᠬᠦ ᠪᠠ ᠡᠳᠦᠷ ᠲᠤᠳᠤᠮ ᠤᠨ ᠨᠥᠬᠦᠵᠦ ᠬᠡᠯᠲᠦᠷᠢᠭᠦᠯᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠠᠮᠢᠳᠠᠨ ᠤ ᠬᠢᠵᠢᠭ ᠡᠪᠡᠳᠴᠢᠨ ᠤ ᠴᠠᠷᠤᠯᠲᠠ ᠬᠢᠬᠦ ᠠᠵᠢᠯ ᠢ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠬᠢᠵᠦ᠂ ᠠᠮᠢᠳᠠᠨ ᠤ ᠴᠠᠷᠤᠯᠲᠠ ᠬᠢᠬᠦ ᠬᠠᠯᠬᠠᠪᠴᠢ ᠶᠢ ᠪᠠᠬᠢᠵᠢᠭᠦᠯᠦᠨ᠎ᠡ᠃      ︵ᠬᠤᠶᠠᠷ︶ ᠬᠢᠵᠢᠭ ᠰᠡᠷᠭᠡᠶᠢᠯᠡᠬᠦ ᠵᠠᠷᠤᠳᠠᠯ ᠢ ᠨᠠᠶᠢᠳᠠᠪᠤᠷᠢᠵᠢᠭᠤᠯᠤᠨ᠂ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠠᠮᠢᠲᠠᠨ ᠤ ᠬᠢᠵᠢᠭ ᠢ ᠰᠡᠷᠭᠡᠶᠢᠯᠡᠬᠦ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠠᠮᠢᠲᠠᠨ ᠤ ᠬᠢᠵᠢᠭ ᠢ ᠰᠡᠷᠭᠡᠶᠢᠯᠡᠬᠦ ᠲᠤᠰᠬᠠᠢ ᠵᠦᠢᠯ ᠤᠨ ᠵᠠᠷᠤᠳᠠᠯ ᠤᠨ ᠰᠢᠨᠵᠢᠯᠡᠬᠦ ᠤᠬᠠᠭᠠᠨᠴᠢ᠂ ᠦᠷᠭᠦᠯᠵᠢᠯᠡᠭᠰᠡᠨ ᠣᠷᠣᠭᠤᠯᠤᠯᠲᠠ ᠶᠢᠨ ᠲᠣᠭᠲᠠᠴᠠ ᠶᠢ ᠬᠠᠤᠯᠢ ᠶᠣᠰᠣᠭᠠᠷ ᠪᠠᠶᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤ ᠬᠡᠷᠡᠭᠰᠡᠬᠦ ᠬᠥᠮᠥᠰ ᠤᠨ ᠴᠠᠯᠢᠩ᠂ ᠠᠵᠢᠯ ᠤᠨ ᠵᠠᠷᠤᠳᠠᠯ ᠵᠢᠴᠢ ᠠᠯᠪᠠᠳᠠᠯᠭ᠎ᠠ ᠪᠠᠷ ᠴᠠᠷᠤᠯᠲᠠ ᠬᠢᠯᠭᠡᠬᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠠᠷᠢᠭᠤᠳᠬᠠᠨ ᠢᠷᠡᠯᠲᠡ ᠶᠢ ᠤᠰᠠᠳᠬᠠᠬᠤ᠂ ᠵᠢᠭᠰᠠᠭᠠᠨ ᠪᠠᠶᠢᠴᠠᠭᠠᠵᠤ ᠴᠤᠪᠤᠷᠠᠭᠤᠯᠤᠨ ᠰᠢᠯᠵᠢᠭᠦᠯᠬᠦ᠂ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ᠂ ᠡᠪᠡᠳᠴᠢᠨ ᠲᠠᠢ ᠮᠠᠯ ᠢ ᠤᠰᠠᠳᠬᠠᠬᠤ᠂ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ᠵᠠᠷᠤᠳᠠᠯ ᠢ ᠴᠠᠭ ᠲᠤᠬᠠᠢ ᠳᠤᠨᠢ ᠰᠠᠯᠭᠠᠨ ᠥᠭᠭᠦᠭᠰᠡᠨ ᠦᠭᠡᠢ᠂ ᠪᠣᠳᠠᠲᠠᠶᠢᠵᠢᠭᠤᠯᠤᠭᠰᠠᠨ ᠦᠭᠡᠢ ᠵᠡᠷᠭᠡ ᠰᠢᠯᠲᠠᠭᠠᠨ  ᠠᠴᠠ ᠪᠣᠯᠵᠤ ᠬᠢᠵᠢᠭ ᠤᠨ ᠪᠠᠶᠢᠳᠠᠯ ᠡᠭᠦᠰᠦᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃      ︵ᠭᠤᠷᠪᠠ︶ ᠡᠳ᠋ ᠪᠠᠷᠠᠭ᠎ᠠ ᠶᠢ ᠭᠦᠢᠴᠡᠳ ᠨᠥᠭᠡᠴᠡᠯᠡᠵᠦ᠂ ᠡᠭᠡᠯᠢᠯᠡᠭᠡ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠪᠠᠨ ᠮᠠᠯ ᠵᠢᠭᠦᠷᠲᠡᠨ ᠤ ᠲᠤᠭ᠎ᠠ ᠬᠡᠮᠵᠢᠶ᠎ᠡ ᠶᠢ ᠦᠨᠳᠦᠰᠦᠯᠡᠨ᠂ ᠠᠮᠢᠲᠠᠨ ᠤ ᠬᠢᠵᠢᠭ ᠢ ᠰᠡᠷᠭᠡᠶᠢᠯᠡᠬᠦ ᠳᠤ ᠬᠡᠷᠡᠭᠰᠡᠬᠦ ᠡᠯ᠎ᠡ ᠵᠦᠢᠯ ᠤᠨ ᠸᠠᠺᠼᠢᠨ᠂ ᠰᠢᠩᠭᠡᠷᠡᠭᠦᠯᠬᠦ ᠰᠢᠩᠭᠡᠨ᠂ ᠣᠨᠣᠰᠢᠯᠠᠬᠤ ᠰᠢᠩᠭᠡᠨ᠂ ᠠᠷᠢᠭᠤᠳᠬᠠᠬᠤ ᠡᠮ ᠤᠨ ᠵᠦᠢᠯ᠂ ᠬᠢᠵᠢᠭ ᠢ ᠰᠡᠷᠭᠡᠶᠢᠯᠡᠬᠦ ᠪᠠᠭᠠᠵᠢ ᠬᠡᠷᠡᠭᠰᠡᠯ᠂ ᠬᠤᠪᠢ ᠬᠥᠮᠥᠨ ᠤ ᠬᠠᠮᠠᠭᠠᠯᠠᠯᠲᠠ ᠶᠢᠨ ᠬᠡᠷᠡᠭᠰᠡᠯ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠬᠡᠮᠵᠢᠶᠡᠨ ᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠲᠣᠬᠢᠷᠠᠭᠤᠯᠬᠤ ᠪᠠ ᠨᠥᠭᠡᠴᠡᠯᠡᠵᠦ᠂ ᠬᠢᠵᠢᠭ ᠢ ᠰᠡᠷᠭᠡᠶᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠪᠠ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ᠃ ᠸᠠᠺᠼᠢᠨ ᠢ ᠭᠥᠯᠢᠶᠡᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠲᠠᠷᠬᠠᠭᠠᠬᠤ᠂ ᠬᠡᠷᠡᠭᠯᠡᠬᠦ᠂ ᠬᠡᠷᠡᠭᠯᠡᠭᠡᠨ ᠠᠴᠠ ᠭᠠᠷᠭᠠᠬᠤ ᠵᠡᠷᠭᠡ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠯᠵᠢᠭᠦᠯᠦᠨ ᠰᠢᠯᠵᠢᠭᠦᠯᠬᠦ ᠡᠬᠡ ᠲᠠᠩᠰᠠ ᠪᠠᠶᠢᠭᠤᠯᠵᠤ᠂ ᠲᠤᠰᠬᠠᠢ ᠬᠥᠮᠥᠨ ᠤ ᠲᠠᠰ ᠳᠠᠷᠠᠭᠠᠵᠢᠭᠤᠯᠬᠤ᠂ ᠵᠢᠷᠤᠮᠵᠢᠭᠤᠯᠤᠨ ᠬᠠᠮᠢᠶᠠᠷᠬᠤ ᠶᠢ ᠬᠡᠷᠡᠭᠵᠢᠭᠦᠯᠦᠨ᠎ᠡ᠃      ︵ᠳᠥᠷᠪᠡ︶ ᠵᠡᠷᠭᠡᠪᠡᠷ ᠠᠷᠢᠭᠤᠳᠬᠠᠨ ᠡᠬᠢ ᠰᠤᠷᠪᠤᠯᠵᠢ ᠶᠢ ᠨᠢ ᠤᠰᠠᠳᠬᠠᠵᠤ᠂ ᠪᠥᠬᠦ ᠲᠠᠯ᠎ᠠ ᠪᠠᠷ ᠰᠢᠯᠵᠢᠭᠦᠯᠦᠨ ᠵᠢᠭᠰᠠᠭᠠᠨ ᠪᠠᠶᠢᠴᠠᠭᠠᠨ᠎ᠠ᠃ ᠲᠥᠪᠯᠡᠷᠡᠩᠭᠦᠢ ᠡᠭᠡᠯᠢᠯᠡᠭᠡ ᠶᠢᠨ ᠶᠠᠪᠤᠴᠠ ᠳᠤ ᠮᠠᠯ ᠵᠢᠭᠦᠷᠲᠡᠨ ᠲᠡᠵᠢᠭᠡᠨ ᠠᠷᠠᠴᠢᠯᠠᠬᠤ ᠲᠠᠯᠠᠪᠠᠶ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠰᠡᠷᠭᠡᠶᠢᠯᠡᠬᠦ ᠴᠢᠨᠠᠷᠲᠠᠢ ᠠᠷᠢᠭᠤᠳᠬᠠᠯ ᠤᠨ ᠢᠷᠡᠯᠲᠡ ᠶᠢ ᠤᠰᠠᠳᠬᠠᠬᠤ ᠶᠢ ᠵᠡᠷᠭᠡ ᠳᠤᠨᠢ ᠥᠷᠨᠢᠭᠦᠯᠵᠦ᠂ ᠪᠷᠦ᠋ᠼᠧᠯ ᠡᠪᠡᠳᠴᠢᠨ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠬᠢᠵᠢᠭ ᠡᠪᠡᠳᠴᠢᠨ ᠳᠤ ᠲᠣᠮᠣ ᠳᠤᠮᠳᠠ ᠬᠡᠯᠪᠡᠷᠢ ᠶᠢᠨ ᠠᠷᠢᠭᠤᠳᠬᠠᠬᠤ ᠮᠠᠰᠢᠨ ᠢ ᠠᠰᠢᠭᠯᠠᠨ ᠲᠤᠰᠬᠠᠢ ᠵᠦᠢᠯ ᠢᠶᠠᠷ ᠠᠷᠢᠭᠤᠳᠬᠠᠵᠤ᠂ ᠠᠷᠢᠭᠤᠳᠬᠠᠬᠤ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ ᠬᠢᠵᠢᠭ ᠤᠨ ᠳᠠᠯᠳᠠ ᠬᠡᠮ ᠢ ᠠᠷᠢᠯᠭᠠᠬᠤ ᠬᠡᠷᠡᠭᠲᠡᠢ᠃ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠵᠢᠭᠦᠷᠲᠡᠨ ᠤ ᠲᠠᠬᠤᠯ ᠲᠠᠭᠰᠢᠭᠤᠷ᠂ ᠰᠢᠯᠦᠬᠡᠢ ᠡᠪᠡᠳᠴᠢᠨ᠂ ᠬᠡᠪᠢᠬᠦ ᠵᠢᠵᠢᠭ ᠮᠠᠯ ᠤᠨ ᠬᠢᠵᠢᠭ᠂ ᠪᠷᠦ᠋ᠼᠧᠯ ᠡᠪᠡᠳᠴᠢᠨ᠂ ᠪᠠᠭᠯᠠᠭᠴᠢ ᠬᠤᠷᠤᠬᠠᠶᠢᠲᠤ ᠡᠪᠡᠳᠴᠢᠨ᠂ ᠦᠬᠡᠷ ᠤᠨ ᠵᠠᠩᠭᠢᠯᠠᠭᠠᠲᠤ ᠴᠢᠨᠠᠷᠲᠠᠢ ᠠᠷᠠᠰᠤᠨ ᠤ ᠡᠪᠡᠳᠴᠢᠨ ᠵᠡᠷᠭᠡ ᠭᠤᠣᠯᠳᠠᠯᠭ᠎ᠠ ᠲᠠᠢ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠬᠠᠮᠲᠤ ᠪᠣᠭᠤᠮ᠎ᠠ ᠡᠪᠡᠳᠴᠢᠨ᠂ ᠭᠠᠯᠵᠠᠭᠤ ᠡᠪᠡᠳᠴᠢᠨ᠂ ᠦᠬᠡᠷ ᠤᠨ ᠭᠠᠯᠵᠠᠭᠤ ᠡᠪᠡᠳᠴᠢᠨ ᠵᠡᠷᠭᠡ ᠬᠥᠮᠥᠨ ᠮᠠᠯ ᠳᠤ ᠬᠠᠮᠲᠤ ᠪᠠᠷ ᠨᠡᠷᠪᠡᠭᠳᠡᠬᠦ ᠡᠪᠡᠳᠴᠢᠨ ᠪᠠ ᠭᠠᠳᠠᠨ᠎ᠠ ᠠᠴᠠ ᠢᠷᠡᠭᠰᠡᠨ  ᠠᠮᠢᠲᠠᠨ  ᠤ  ᠬᠢᠵᠢᠭ  ᠡᠪᠡᠳᠴᠢᠨ  ᠤ  ᠲᠠᠬᠤᠯ  ᠡᠪᠡᠳᠴᠢᠨ  ᠤ  ᠰᠤᠳᠤᠯᠤᠯ  ᠤᠨ  ᠪᠠᠶᠢᠴᠠᠭᠠᠯᠲᠠ  ᠶᠢ  ᠴᠢᠩᠭᠠᠳᠬᠠᠵᠤ᠂ ᠬᠢᠵᠢᠭ ᠤᠨ ᠪᠠᠶᠢᠳᠠᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠳᠡᠯᠭᠡᠷᠡᠬᠦ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠰᠠᠶᠢᠲᠤᠷ ᠬᠢᠬᠦ ᠬᠡᠷᠡᠭᠲᠡᠢ᠃      ︵ᠲᠠᠪᠤ︶ ᠡᠭᠡᠯᠢᠯᠡᠭᠡ ᠶᠢᠨ ᠲᠠᠩᠰᠠ ᠡᠪᠬᠡᠮᠡᠯ ᠢ ᠵᠢᠷᠤᠮᠵᠢᠭᠤᠯᠵᠤ᠂ ᠴᠠᠭ ᠲᠤᠨᠢ ᠲᠣᠬᠢᠷᠠᠭᠤᠯᠤᠨ ᠬᠢᠨᠠᠨ ᠬᠡᠮᠵᠢᠵᠦ ᠦᠨᠡᠯᠡᠨ᠎ᠡ᠃ ᠠᠮᠢᠲᠠᠨ ᠲᠡᠵᠢᠭᠡᠬᠦ ᠨᠢᠭᠡᠴᠢ ᠪᠠ ᠬᠤᠪᠢ ᠬᠥᠮᠥᠨ ︵ᠲᠡᠵᠢᠭᠡᠨ ᠦᠷᠡᠵᠢᠭᠦᠯᠬᠦ ᠲᠠᠯᠠᠪᠠᠶ ᠡᠷᠦᠬᠡ︶ ᠪᠣᠯ ᠠᠯᠪᠠᠳᠠᠯᠭ᠎ᠠ ᠶᠢᠨ ᠡᠭᠡᠯᠢᠯᠡᠭᠡ ᠶᠢᠨ ᠭᠤᠣᠯ ᠴᠣᠭᠴᠠ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢ ᠦᠨᠳᠦᠰᠦᠯᠡᠨ ᠠᠯᠪᠠᠳᠠᠯᠭ᠎ᠠ ᠪᠠᠷ ᠥᠯᠥ ᠬᠠᠯᠳᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ  ᠶᠢ ᠡᠭᠦᠷᠭᠡᠯᠡᠵᠦ᠂ ᠠᠯᠪᠠᠳᠠᠯᠭ᠎ᠠ ᠪᠠᠷ ᠡᠭᠡᠯᠢᠯᠡᠭᠡ ᠶᠢᠨ ᠡᠭᠦᠷᠭᠡ ᠪᠠᠨ ᠦᠨᠡᠨᠬᠦ ᠭᠦᠢᠴᠡᠳᠬᠡᠵᠦ᠂ ᠪᠡᠶ᠎ᠡ ᠪᠠᠨ ᠳᠠᠭᠠᠭᠠᠨ ᠡᠭᠡᠯᠢᠯᠡᠭᠡ ᠶᠢᠨ ᠲᠠᠷᠢᠯᠭ᠎ᠠ᠂ ᠮᠠᠯ ᠵᠢᠭᠦᠷᠲᠡᠨ ᠤ ᠡᠭᠡᠯᠢᠯᠡᠭᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠢᠵᠢᠭ ᠰᠡᠷᠭᠡᠶᠢᠯᠡᠭᠴᠢ ᠠᠴᠠ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠵᠢᠯᠣᠭᠤᠳᠤᠨ ᠬᠠᠪᠰᠤᠷᠴᠤ ᠪᠠᠶᠢᠭᠠᠳ ᠠᠮᠢᠲᠠᠨ ᠤ ᠡᠭᠡᠯᠢᠯᠡᠭᠡ ᠶᠢᠨ ᠲᠠᠩᠰᠠ ᠡᠪᠬᠡᠮᠡᠯ ᠢ ᠵᠢᠷᠤᠮᠵᠢᠭᠤᠯᠤᠨ ᠲᠠᠭᠯᠠᠵᠤ᠂ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠡᠭᠡᠯᠢᠯᠡᠭᠡ ᠶᠢᠨ᠂ ᠠᠷᠢᠭᠤᠳᠬᠠᠯ᠂ ᠨᠥᠬᠦᠵᠦ ᠬᠡᠯᠲᠦᠷᠢᠭᠦᠯᠬᠦ ᠵᠡᠷᠭᠡ ᠪᠠᠶᠢᠳᠠᠯ ᠢ ᠣᠨᠣᠪᠴᠢᠲᠠᠶ᠂ ᠨᠠᠷᠢᠨ ᠪᠣᠳᠠᠲᠠᠢ ᠪᠠᠷ ᠲᠡᠮᠳᠡᠭᠯᠡᠵᠦ᠂ ᠣᠷᠣᠮ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠡᠯᠢᠯᠡᠭᠡ ᠶᠢᠨ ᠦᠷ᠎ᠡ ᠪᠦᠲᠦᠮᠵᠢ ᠶᠢ ᠬᠢᠨᠠᠨ ᠬᠡᠮᠵᠢᠬᠦ ᠪᠠ ᠦᠨᠡᠯᠡᠬᠦ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠮᠠᠯ ᠵᠢᠭᠦᠷᠲᠡᠨ ᠤ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠲᠡᠩᠴᠡᠭᠰᠡᠨ ᠨᠣᠷᠮ᠎ᠠ ᠨᠢ ᠤᠯᠤᠰ ᠤᠨ ᠲᠣᠭᠲᠠᠭᠠᠯ ᠤᠨ 70%  ᠠᠴᠠ ᠳᠡᠭᠡᠭᠰᠢ ᠳᠤ ᠬᠦᠷᠦᠭᠰᠡᠨ ᠦᠭᠡᠢ ᠪᠠᠶᠢᠪᠠᠯ᠂ ᠴᠠᠭ ᠲᠤᠬᠠᠢ ᠳᠤᠨᠢ ᠡᠭᠡᠯᠢᠯᠡᠭᠡ ᠶᠢ ᠴᠢᠩᠭᠠᠳᠬᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠵᠦ᠂ ᠡᠭᠡᠯᠢᠯᠡᠭᠡ ᠶᠢᠨ ᠬᠡᠮ ᠰᠣᠭᠤᠭ ᠢ ᠠᠷᠢᠯᠭᠠᠬᠤ ᠬᠡᠷᠡᠭᠲᠡᠢ᠃      ︵ᠵᠢᠷᠭᠤᠭ᠎ᠠ︶ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠮᠡᠷᠭᠡᠵᠢᠯ ᠴᠢᠳᠠᠪᠤᠷᠢ ᠶᠢᠨ ᠵᠢᠯᠣᠭᠤᠳᠤᠯᠭ᠎ᠠ ᠶᠢ ᠴᠢᠩᠭᠠᠷᠠᠭᠤᠯᠤᠨ᠎ᠠ᠃ ᠲᠧᠯᠸᠢᠰ᠂ ᠷᠠᠳᠢᠣ᠋ ᠬᠤᠷᠢᠶ᠎ᠠ᠂ ᠸᠢᠴᠠᠲ᠂ ᠰᠦᠯᠵᠢᠶᠡᠨ ᠥᠷᠲᠡᠭᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠠᠮᠢᠲᠠᠨ ᠤ ᠬᠢᠵᠢᠭ ᠢ ᠰᠡᠷᠭᠡᠶᠢᠯᠡᠬᠦ ᠣᠯᠠᠨ ᠲᠠᠯ᠎ᠠ ᠶᠢᠨ᠂ ᠭᠦᠨ ᠲᠠᠰ ᠳᠠᠪᠬᠤᠷᠭ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂  ᠡᠯ᠎ᠡ  ᠱᠠᠲᠤᠨ  ᠤ  ᠲᠤᠬᠠᠶᠢᠯᠠᠭᠰᠠᠨ  ᠠᠵᠢᠯ  ᠤᠨ ᠰᠠᠯᠠᠭ᠎ᠠ  ᠮᠥᠴᠢᠷ  ᠤᠳ  ᠤᠬᠠᠭᠤᠯᠭ᠎ᠠ  ᠶᠢᠨ  ᠬᠠᠭᠤᠳᠠᠰᠤ᠂ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠭᠠᠷ ᠳᠡᠪᠲᠡᠷ ᠵᠢᠴᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠳᠠᠷᠤᠮᠠᠯᠯᠠᠭᠰᠠᠨ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠢ ᠠᠮᠢᠳᠤᠷᠠᠯ ᠤᠨ ᠬᠡᠷᠡᠭᠰᠡᠯ ᠢ ᠲᠠᠷᠬᠠᠭᠠᠵᠤ᠂ ᠮᠡᠳᠡᠬᠦ ᠬᠥᠮᠥᠰ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠡᠵᠢᠭᠡᠨ ᠦᠷᠡᠵᠢᠭᠦᠯᠦᠭᠴᠢᠳ ᠤᠨ ᠡᠪᠡᠳᠴᠢᠨ ᠢ ᠰᠡᠷᠭᠡᠶᠢᠯᠡᠵᠦ ᠡᠪᠡᠳᠴᠢᠨ ᠢ ᠤᠰᠠᠳᠬᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠡᠭᠡᠯᠢᠯᠡᠭᠡ ᠠᠴᠠ ᠡᠮᠦᠨ᠎ᠡ ᠦᠨᠳᠦᠰᠦᠨ ᠱᠠᠲᠤᠨ ᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠠᠵᠢᠯᠯᠠᠬᠤ ᠮᠡᠷᠭᠡᠵᠢᠯ ᠪᠠ ᠥᠪᠡᠷ ᠢ ᠪᠠᠨ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠢ ᠰᠡᠷᠭᠡᠶᠢᠯᠡᠬᠦ ᠮᠡᠷᠭᠡᠵᠢᠯ ᠤᠨ ᠬᠢᠷᠢ ᠬᠡᠮᠵᠢᠶ᠎ᠡ ᠪᠠ ᠪᠣᠳᠠᠲᠠᠢ ᠠᠵᠢᠯᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠸᠠᠺᠼᠢᠨ ᠢ ᠵᠢᠷᠤᠮᠵᠢᠭᠤᠯᠤᠨ ᠵᠦᠢ ᠵᠣᠬᠢᠰᠲᠠᠢ ᠬᠡᠷᠡᠭᠯᠡᠵᠦ᠂ ᠸᠠᠺᠼᠢᠨ ᠢ ᠪᠦᠷᠢᠯᠭᠡᠨ ᠰᠦᠢᠳᠬᠡᠬᠦ ᠦᠵᠡᠭᠳᠡᠯ ᠢ ᠲᠠᠰᠤ ᠬᠤᠷᠢᠭᠯᠠᠵᠤ᠂ ᠲᠣᠰ ᠪᠡᠶ᠎ᠡ ᠪᠠ ᠪᠤᠰᠤᠳ ᠬᠥᠮᠥᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃      ︵ᠳᠣᠯᠤᠭ᠎ᠠ︶ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠲᠥᠪᠯᠡᠷᠡᠭᠦᠯᠦᠨ ᠥᠯᠥ ᠬᠠᠯᠳᠠᠭᠠᠬᠤ ᠠᠵᠢᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠠᠮᠢᠲᠠᠨ ᠳᠤ ᠲᠥᠪᠯᠡᠷᠡᠭᠦᠯᠦᠨ ᠥᠯᠥ ᠬᠠᠯᠳᠠᠭᠠᠬᠤ ᠠᠬᠢᠴᠠ ᠳᠤ ᠭᠠᠷᠠᠭ ᠤᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠲᠤᠰᠬᠠᠢ ᠬᠥᠮᠥᠨ ᠢᠶᠠᠷ ᠥᠯᠥ ᠬᠠᠯᠳᠠᠭᠠᠬᠤ ᠮᠡᠳᠡᠭᠡ ᠵᠠᠩᠭᠢ ᠶᠢ ᠴᠤᠭᠯᠠᠭᠤᠯᠤᠨ ᠪᠦᠷᠢᠳᠬᠡᠬᠦ ᠠᠵᠢᠯ ᠢ ᠬᠠᠷᠢᠭᠤᠴᠠᠭᠤᠯᠵᠤ᠂ ᠴᠠᠭ ᠲᠤᠬᠠᠢ ᠳᠤᠨᠢ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃      ︵ᠨᠠᠢᠮᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠦᠢᠯᠡᠴᠢᠯᠡᠭᠡ ᠶᠢ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠭᠡ ᠶᠢᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ︾ ︵ᠲᠠᠷᠢᠶᠠᠯᠠᠩ ᠡᠷᠭᠢᠯᠡᠭᠰᠡᠨ ᠮᠠᠯ ᠠᠵᠤ ᠠᠬᠤᠢ ﹇2020﹈ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠦᠨᠡᠬᠢ ᠬᠤᠭᠤᠴᠠᠭᠠᠨ ᠤ ᠤᠬᠠᠭᠤᠯᠵᠤ ᠬᠥᠲᠥᠯᠥᠨ ᠵᠢᠯᠣᠭᠤᠳᠤᠭᠰᠠᠨ ᠰᠠᠭᠤᠷᠢᠨ ᠳᠡᠭᠡᠷ᠎ᠡ᠂ ᠨᠥᠬᠦᠴᠡᠯ ᠳᠤ ᠨᠡᠶᠢᠴᠡᠬᠦ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ︽ᠤᠷᠢᠳᠠᠪᠠᠷ ᠴᠣᠬᠢᠯᠲᠠ ᠥᠭᠴᠦ ᠳᠠᠷᠠᠭ᠎ᠠ ᠨᠢ ᠨᠥᠬᠦᠪᠦᠷᠢᠯᠡᠬᠦ︾ ᠶᠢ ᠬᠡᠷᠡᠭᠵᠢᠭᠦᠯᠬᠦ ᠶᠢ ᠢᠳᠡᠪᠬᠢᠲᠡᠢ ᠪᠠᠷ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠡᠵᠡᠨ ᠮᠡᠳᠡᠵᠦ ᠬᠤᠳᠠᠯᠳᠤᠨ ᠠᠪᠬᠤ᠂ ᠡᠳ᠋ ᠤᠨ ᠵᠠᠰᠠᠭ  ᠠᠴᠠ ᠰᠢᠭᠤᠳ ᠨᠥᠬᠦᠪᠦᠷᠢᠯᠡᠬᠦ ᠶᠢ ᠪᠡᠶᠡᠯᠡᠭᠦᠯᠦᠨ᠎ᠡ᠃ ᠡᠭᠦᠨ ᠤ ᠵᠡᠷᠭᠡᠴᠡᠭᠡᠪᠡᠷ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠶᠢ ᠬᠠᠶᠢᠨ ᠰᠦᠪᠡᠭᠴᠢᠯᠡᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠬᠦᠴᠦᠨ ᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠣᠷᠣᠯᠴᠠᠭᠤᠯᠤᠨ᠎ᠠ᠃ ᠡᠯ᠎ᠡ ᠭᠠᠵᠠᠷ ᠤᠨ ᠬᠢᠨ ᠲᠡᠵᠢᠭᠡᠨ ᠦᠷᠡᠵᠢᠭᠦᠯᠬᠦ ᠲᠠᠯᠠᠪᠠᠢ᠂ ᠡᠷᠥᠭᠡ ᠶᠢ ᠰᠢᠮᠳᠠᠭᠤᠯᠵᠤ ᠪᠠᠶᠢᠭᠠᠳ ᠬᠢᠵᠢᠭ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠵᠢᠭ ᠰᠡᠷᠭᠡᠶᠢᠯᠡᠬᠦ ᠪᠠᠶᠢᠩᠭᠤ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠪᠣᠯᠣᠨ ᠠᠮᠢᠳᠤ ᠪᠣᠳᠠᠰ ᠤᠨ ᠠᠶᠤᠯ ᠦᠭᠡᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ︵ᠶᠢᠰᠦ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠷᠠᠭᠤᠯᠵᠤ᠂ ᠡᠭᠡᠯᠢᠯᠡᠭᠡ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤ ᠰᠢᠶᠠᠨ ᠲᠣᠭᠤᠷᠢᠭ᠂ ᠰᠤᠮᠤ ᠪᠠᠯᠭᠠᠰᠤ ᠶᠢᠨ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠳ ᠲᠥᠪᠯᠡᠷᠡᠭᠦᠯᠦᠨ ᠴᠠᠷᠤᠯᠲᠠ ᠶᠢᠨ ᠬᠤᠭᠤᠴᠠᠭᠠᠨ ᠳᠤ ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠲᠠᠢ ᠪᠠ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠥᠪᠡᠷ ᠤᠨ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠴᠠᠷᠤᠯᠲᠠ ᠶᠢᠨ ᠥᠯᠥ ᠣᠨᠣᠭᠳᠠᠬᠤ ᠭᠠᠵᠠᠷ ᠪᠠ ᠬᠤᠭᠤᠰᠤᠨ ᠭᠠᠵᠠᠷ ᠢ ᠡᠷᠡᠰ ᠬᠤᠷᠢᠭᠯᠠᠬᠤ ᠬᠡᠷᠡᠭᠲᠡᠢ᠃ ᠲᠥᠪᠯᠡᠷᠡᠩᠭᠦᠢ ᠡᠭᠡᠯᠢᠯᠡᠭᠡ ᠶᠢᠨ ᠬᠤᠭᠤᠴᠠᠭ᠎ᠠ ᠪᠤᠶᠤ ᠳᠠᠭᠤᠰᠤᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠭᠠᠵᠠᠷ ᠤᠨ ᠬᠠᠮᠲᠤᠷᠠᠭᠰᠠᠨ ᠪᠠᠶᠢᠯᠳᠤᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠰᠢᠪᠠᠳᠠᠨ ᠪᠠᠶᠢᠴᠠᠭᠠᠨ᠎ᠠ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠦᠭᠡᠢ ᠭᠠᠵᠠᠷ ᠣᠷᠣᠨ ᠳᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠤᠰᠢᠶᠠᠯ ᠢᠶᠠᠨ ᠭᠤᠲᠤᠭᠠᠵᠤ ᠬᠠᠷᠢᠭᠤᠴᠠᠯᠭ᠎ᠠ ᠪᠠᠨ ᠠᠯᠳᠠᠭᠰᠠᠨ᠂ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠦᠯᠦ ᠬᠠᠯᠳᠠᠭᠠᠬᠤ ᠭᠠᠵᠠᠷ ᠪᠤᠶᠤ ᠬᠤᠭᠤᠰᠤᠨ ᠭᠠᠵᠠᠷ ᠭᠠᠷᠤᠭᠰᠠᠨ ᠠᠴᠠ ᠪᠣᠯᠵᠤ ᠠᠮᠢᠳᠠᠨ ᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠤᠯᠪᠣᠭᠳᠠᠯ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ