ᠲᠤᠭ᠎ᠠ ᠬᠡᠮᠵᠢᠶ᠎ᠡ ᠨᠢ ᠣᠨᠴᠠᠭᠠᠶ ᠯᠤᠲᠤ ᠶᠡᠭᠡ︕ ᠨᠢᠭᠡ ᠳᠡᠭᠡᠳᠦ ᠰᠤᠷᠭᠠᠭᠤᠯᠢ  ᠶᠢᠨ ᠤᠤᠯ ᠤᠨ ᠨᠠᠮ ᠤᠨ ᠬᠤᠷᠢᠶᠠᠨ ᠤ ᠱᠦᠵᠢ ᠨᠠᠮ  ᠠᠴᠠ ᠬᠥᠭᠡᠭᠡᠭᠳᠡᠪᠡ
ᠨᠡᠶᠢᠲᠡᠯᠡᠭᠰᠡᠨ ᠴᠠᠭ᠄
2023/7/19
      ᠰᠧᠴᠤᠸᠠᠨ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠺᠣᠮᠢᠰ ᠤᠨ ᠮᠡᠳᠡᠭᠡ ᠶᠢ ᠦᠨᠳᠦᠰᠦᠯᠡᠪᠡᠯ᠄ ᠣᠷᠴᠢᠮᠬᠠᠨ ᠳᠤ᠂ ᠰᠧᠴᠤᠸᠠᠨ ᠮᠤᠵᠢ ᠶᠢᠨ ᠨᠠᠮ ᠤᠨ ᠬᠤᠷᠢᠶᠠᠨ ᠤ ᠵᠥᠪᠰᠢᠶᠡᠷᠡᠯ ᠢᠶᠠᠷ᠂ ᠮᠤᠵᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠺᠣᠮᠢᠰ ᠴᠧᠩᠳᠦ᠋ ᠶᠢᠨ  ᠪᠠᠭᠰᠢ  ᠶᠢᠨ  ᠳᠡᠭᠡᠳᠦ  ᠰᠤᠷᠭᠠᠭᠤᠯᠢ  ᠶᠢᠨ ᠨᠠᠮ ᠤᠨ ᠬᠤᠷᠢᠶᠠᠨ ᠤ ᠤᠤᠯ ᠤᠨ ᠱᠦᠵᠢ ᠼᠤᠤ ᠽᠢ  ᠵᠢᠶᠠᠨ ᠤ  ᠬᠠᠤᠯᠢ  ᠰᠠᠬᠢᠯᠭ᠎ᠠ  ᠶᠢ  ᠬᠦᠨᠳᠦ  ᠨᠣᠴᠢᠲᠠᠢ  ᠵᠥᠷᠢᠴᠡᠭᠰᠡᠨ ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠭᠰᠠᠨ ᠪᠠᠶᠢᠨ᠎ᠠ᠃              ᠪᠠᠶᠢᠴᠠᠭᠠᠭᠰᠠᠨ ᠢᠶᠠᠷ᠂ ᠼᠤᠤ ᠽᠢ ᠵᠢᠶᠠᠨ ᠬᠦᠰᠡᠯᠡᠩ ᠢᠲᠡᠭᠡᠯ ᠪᠢᠰᠢᠷᠡᠯ ᠢᠶᠠᠨ  ᠠᠯᠳᠠᠵᠤ᠂  ᠤᠭ  ᠰᠠᠨᠠᠭ᠎ᠠ  ᠡᠭᠦᠷᠭᠡ ᠬᠠᠷᠢᠭᠤᠴᠠᠯᠭ᠎ᠠ ᠠᠴᠠ ᠪᠠᠨ ᠲᠡᠷᠰᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠰᠤᠯᠠᠷᠠᠵᠤ᠂ ᠠᠷᠭ᠎ᠠ ᠤᠬᠠᠭᠠᠨ ᠢᠶᠠᠨ ᠰᠢᠪᠬᠠᠨ ᠤᠯᠠᠨ ᠤᠳᠠᠭ᠎ᠠ ᠥᠴᠢᠭ ᠨᠡᠪᠲᠡᠷᠡᠯᠴᠡᠵᠦ ᠵᠣᠬᠢᠶᠠᠨ ᠪᠠᠶᠢᠭᠤᠯᠤᠯᠲᠠ ᠶᠢᠨ ᠬᠢᠨᠠᠨ  ᠪᠠᠶᠢᠴᠠᠭᠠᠯᠲᠠ ᠶᠢ  ᠡᠰᠡᠷᠭᠦᠴᠡᠪᠡ︔ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ  ᠵᠣᠷᠢᠭ  ᠰᠠᠨᠠᠭ᠎ᠠ  ᠶᠢ  ᠥᠯᠥ  ᠬᠠᠶᠢᠬᠤᠷᠤᠨ᠂  ᠲᠣᠭᠲᠠᠭᠠᠯ  ᠠᠴᠠ ᠵᠥᠷᠢᠴᠡᠨ ᠪᠡᠯᠡᠭ ᠤᠨ ᠵᠣᠭᠤᠰ ᠬᠦᠯᠢᠶᠡᠨ ᠠᠪᠴᠤ᠂  ᠵᠢᠭᠤᠯᠴᠢᠯᠠᠯ ᠤᠨ  ᠠᠵᠢᠯᠯᠠᠭ᠎ᠠ  ᠶᠢᠨ  ᠲᠣᠬᠢᠷᠠᠭᠤᠯᠤᠯᠲᠠ  ᠶᠢ  ᠬᠦᠯᠢᠶᠡᠨ ᠠᠪᠴᠠᠢ᠃  ᠵᠣᠬᠢᠶᠠᠨ  ᠪᠠᠶᠢᠭᠤᠯᠤᠯᠲᠠ ᠶᠢᠨ  ᠦᠵᠡᠯᠲᠡ  ᠪᠠᠯᠠᠷᠬᠠᠢ᠂  ᠬᠤᠪᠢ  ᠬᠥᠮᠥᠨ ᠤ  ᠬᠤᠯᠪᠣᠭᠳᠠᠯ  ᠪᠦᠬᠦᠢ   ᠤᠴᠢᠷ ᠶᠠᠪᠤᠳᠠᠯ ᠢᠶᠠᠨ ᠨᠢᠭᠤᠨ ᠳᠠᠯᠳᠠᠯᠠᠵᠤ ᠮᠡᠳᠡᠭᠦᠯᠬᠦ  ᠦᠭᠡᠢ᠂  ᠵᠣᠬᠢᠶᠠᠨ  ᠪᠠᠶᠢᠭᠤᠯᠵᠤ  ᠶᠠᠷᠢᠯᠴᠠᠬᠤ ᠳᠠᠭᠠᠨ  ᠠᠰᠠᠭᠤᠳᠠᠯ ᠢ  ᠦᠨᠡᠨ ᠮᠥᠨ ᠢᠶᠠᠷ ᠨᠢ ᠲᠣᠳᠣᠷᠬᠠᠶᠢᠯᠠᠬᠤ ᠦᠭᠡᠢ᠂ ᠨᠣᠶᠠᠨ ᠰᠠᠭᠤᠬᠤ ᠳᠤ ᠠᠷᠢᠭᠤᠨ ᠴᠢᠬᠡᠴᠢ ᠪᠤᠰᠤ᠂ ᠲᠦᠷᠦᠯ ᠰᠠᠳᠤᠨ ᠪᠠ  ᠠᠷᠢᠭᠤᠨ ᠴᠡᠪᠡᠷ ᠢ ᠢᠯᠭᠠᠬᠤ ᠦᠭᠡᠢ᠂ ᠤᠷᠳᠤ ᠬᠤᠭᠤᠴᠠᠭ᠎ᠠ ᠪᠠᠷ ᠬᠠᠮᠢᠶᠠᠷᠬᠤ ᠪᠠ ᠦᠢᠯᠡᠴᠢᠯᠡᠬᠦ ᠡᠲᠡᠭᠡᠳ ᠤᠨ ᠬᠤᠭᠤᠯᠠᠨ  ᠲᠢᠩᠬᠢᠮ ᠳᠤ ᠬᠡᠷᠡᠭᠯᠡᠭᠡ ᠬᠢᠬᠦ ᠳᠡᠭᠡᠨ ᠰᠦᠢᠳᠬᠡᠯ ᠲᠤᠰᠢᠶᠠᠬᠤ ᠦᠭᠡᠢ᠂ ᠲᠣᠭᠲᠠᠭᠠᠯ ᠢ ᠵᠥᠷᠢᠴᠡᠨ ᠲᠤᠰᠢᠶᠠᠯ ᠬᠠᠪᠰᠤᠷᠭᠠᠨ  ᠴᠠᠯᠢᠩ  ᠠᠪᠴᠤ᠂ ᠲᠤᠰᠢᠶᠠᠯ ᠠᠴᠠ ᠪᠠᠨ ᠬᠠᠶᠠᠭᠳᠠᠵᠤ᠂ ᠳᠤᠷ᠎ᠠ ᠵᠣᠷᠢᠭ ᠢᠶᠠᠷ ᠢᠶᠠᠨ ᠠᠭᠠᠰᠢᠯᠠᠵᠤ᠂ ᠲᠣᠭᠲᠠᠭᠠᠯ ᠠᠴᠠ ᠵᠥᠷᠢᠴᠡᠨ ᠰᠤᠷᠭᠠᠭᠤᠯᠢ  ᠶᠢᠨ ᠡᠳ᠋ ᠬᠥᠷᠥᠩᠭᠡ ᠶᠢ ᠰᠢᠢᠳᠪᠦᠷᠢᠯᠡᠵᠦ ᠪᠠᠶᠢᠨ᠎ᠠ᠃ ᠰᠢᠨᠤᠬᠠᠶᠢᠷᠠᠨ ᠶᠡᠬᠡᠳᠴᠦ᠂ ᠨᠡᠶᠢᠲᠡ ᠶᠢᠨ ᠡᠷᠬᠡ ᠶᠢ ᠬᠤᠪᠢ ᠶᠢᠨ ᠠᠰᠢᠭ ᠣᠯᠬᠤ ᠪᠠᠭᠠᠵᠢ ᠪᠣᠯᠭᠠᠵᠤ᠂ ᠡᠭᠦᠷᠭᠡ ᠲᠤᠰᠢᠶᠠᠯ ᠤᠨ ᠢᠶᠠᠨ ᠲᠦᠬᠦᠮ ᠢ ᠠᠰᠢᠭᠯᠠᠨ᠂ ᠪᠤᠰᠤᠳ ᠤᠨ ᠬᠠᠮᠲᠤᠷᠠᠨ  ᠰᠤᠷᠭᠠᠭᠤᠯᠢ  ᠡᠷᠬᠢᠯᠡᠬᠦ᠂ ᠪᠠᠷᠢᠯᠭ᠎ᠠ ᠶᠢᠨ ᠵᠦᠢᠯᠡᠰ ᠢ ᠳᠠᠭᠠᠭᠠᠴᠢᠯᠠᠨ ᠪᠠᠶᠢᠭᠤᠯᠬᠤ ᠵᠡᠷᠭᠡ ᠲᠠᠯ᠎ᠠ ᠳᠤ ᠠᠰᠢᠭ ᠲᠤᠰᠠ ᠣᠯᠭᠤᠬᠤ ᠶᠢᠨ ᠬᠠᠮᠲᠤ  ᠡᠳ᠋  ᠮᠥᠩᠭᠦ ᠬᠦᠯᠢᠶᠡᠨ ᠠᠪᠤᠭᠰᠠᠨ ᠲᠤᠭ᠎ᠠ ᠬᠡᠮᠵᠢᠶ᠎ᠡ ᠨᠢ ᠣᠨᠴᠠᠭᠠᠶ ᠯᠤᠲᠤ ᠶᠡᠭᠡ ᠪᠠᠶᠢᠳᠠᠭ᠃              ᠼᠤᠤ ᠽᠢ ᠵᠢᠶᠠᠨ ᠨᠠᠮ ᠤᠨ ᠰᠠᠬᠢᠯᠭ᠎ᠠ ᠪᠠᠲᠤ ᠪᠠ ᠤᠯᠤᠰ ᠤᠨ  ᠬᠠᠤᠯᠢ  ᠴᠠᠭᠠᠵᠠ  ᠬᠠᠤᠯᠢ  ᠲᠣᠭᠲᠠᠭᠠᠯ ᠢ  ᠬᠦᠨᠳᠦ ᠨᠣᠴᠢᠲᠠᠢ ᠵᠥᠷᠢᠴᠡᠵᠦ᠂ ᠡᠷᠬᠡ ᠲᠤᠰᠢᠶᠠᠯ ᠢᠶᠠᠨ ᠠᠰᠢᠭᠯᠠᠨ  ᠬᠠᠤᠯᠢ ᠶᠢ  ᠬᠦᠨᠳᠦ  ᠨᠣᠴᠢᠲᠠᠢ  ᠵᠥᠷᠢᠴᠡᠭᠰᠡᠨ  ᠪᠥᠭᠡᠳ  ᠬᠡᠭᠡᠯᠢ ᠢᠳᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠵᠦ᠂ ᠰᠢᠨᠵᠢ ᠴᠢᠨᠠᠷ  ᠨᠢ ᠬᠦᠨᠳᠦ  ᠨᠣᠴᠢᠲᠠᠢ᠂  ᠨᠥᠯᠥᠭᠡ  ᠨᠢ  ᠲᠤᠶᠢᠯ ᠤᠨ  ᠮᠠᠭᠤ ᠪᠣᠯᠬᠤᠷ ᠴᠢᠩᠭ᠎ᠠ ᠰᠢᠢᠳᠪᠦᠷᠢᠯᠡᠬᠦ ᠬᠡᠷᠡᠭᠲᠡᠢ᠃ ︽  ᠳᠤᠮᠳᠠᠳᠤ  ᠤᠯᠤᠰ ᠤᠨ ᠡᠪ  ᠬᠠᠮᠲᠤ ᠨᠠᠮ  ᠤᠨ ᠰᠠᠬᠢᠯᠭ᠎ᠠ  ᠪᠠᠲᠤ  ᠶᠢᠨ   ᠰᠢᠢᠳᠬᠡᠯ ᠥᠭᠬᠦ  ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ  ᠠᠷᠠᠳ  ᠤᠯᠤᠰ ᠤᠨ  ᠬᠢᠨᠠᠨ  ᠪᠠᠶᠢᠴᠠᠭᠠᠬᠤ  ᠬᠠᠤᠯᠢ  ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠲᠤᠰᠢᠶᠠᠯᠲᠠᠨ ᠳᠤ ᠵᠠᠰᠠᠭ ᠤᠨ ᠶᠠᠪᠤᠳᠠᠯ ᠤᠨ  ᠰᠢᠢᠳᠬᠡᠯ  ᠥᠭᠬᠦ  ᠬᠠᠤᠯᠢ︾ ᠵᠡᠷᠭᠡ ᠬᠤᠯᠪᠣᠭᠳᠠᠯ  ᠪᠦᠬᠦᠢ  ᠲᠣᠭᠲᠠᠭᠠᠯ ᠢ  ᠦᠨᠳᠦᠰᠦᠯᠡᠨ᠂  ᠮᠤᠵᠢ ᠶᠢᠨ  ᠰᠠᠬᠢᠯᠭ᠎ᠠ  ᠪᠠᠲᠤ  ᠪᠠᠶᠢᠴᠠᠭᠠᠬᠤ  ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠢᠶᠠᠷ ᠰᠤᠳᠤᠯᠬᠤ ᠶᠢᠨ ᠬᠠᠮᠲᠤ  ᠮᠤᠵᠢ ᠶᠢᠨ  ᠨᠠᠮ ᠤᠨ  ᠬᠤᠷᠢᠶ᠎ᠠ ᠳᠤ  ᠮᠡᠳᠡᠭᠦᠯᠦᠨ‌ᠵᠥ᠋ᠪᠰᠢᠶᠡᠷᠡᠭᠦᠯᠦᠭᠡᠳ᠂ ᠼᠤᠤ ᠽᠢ ᠵᠢᠶᠠᠨ ᠳᠤ ᠨᠠᠮ ᠠᠴᠠ  ᠬᠥᠭᠡᠭᠡᠬᠦ  ᠰᠢᠳᠬᠡᠯ  ᠥᠭᠬᠦ ᠪᠠᠷ  ᠲᠣᠭᠲᠠᠪᠠ︔ ᠲᠡᠭᠦᠨ ᠤ  ᠡᠳ᠋ᠯᠡᠬᠦ ᠬᠠᠷᠠᠭᠠᠯᠵᠠᠯ ᠢ ᠲᠣᠭᠲᠠᠭᠠᠯ  ᠶᠣᠰᠣᠭᠠᠷ  ᠬᠦᠴᠦᠨ  ᠦᠭᠡᠢ  ᠪᠣᠯᠭᠠᠨ᠎ᠠ︔ ᠲᠡᠭᠦᠨ ᠤ  ᠰᠠᠬᠢᠯᠭ᠎ᠠ  ᠪᠠᠲᠤ ᠶᠢ  ᠵᠥᠷᠢᠴᠡᠵᠦ  ᠬᠠᠤᠯᠢ ᠴᠠᠭᠠᠵᠠ ᠶᠢ ᠵᠥᠷᠢᠴᠡᠵᠦ ᠣᠯᠣᠭᠰᠠᠨ ᠣᠯᠵᠠ ᠠᠰᠢᠭ ᠢ ᠬᠤᠷᠢᠶᠠᠨ ᠠᠪᠤᠨ᠎ᠠ︔ ᠲᠡᠭᠦᠨ ᠤ  ᠶᠠᠯ᠎ᠠ  ᠬᠢᠭᠰᠡᠨ ᠢᠶᠠᠷ  ᠰᠡᠵᠢᠭᠯᠡᠭᠳᠡᠭᠰᠡᠨ‌ᠠᠰᠠᠭᠤᠳᠠᠯ ᠢ  ᠪᠠᠶᠢᠴᠠᠭᠠᠬᠤ  ᠪᠠᠶᠢᠭᠤᠯᠭ᠎ᠠ ᠳᠤ  ᠰᠢᠯᠵᠢᠭᠦᠯᠦᠨ  ᠬᠦᠷᠭᠡᠵᠦ  ᠬᠠᠤᠯᠢ   ᠶᠣᠰᠣᠭᠠᠷ   ᠬᠢᠨᠠᠨ   ᠪᠠᠶᠢᠴᠠᠭᠠᠯᠭᠠᠵᠤ ᠵᠠᠭᠠᠯᠳᠤᠭᠤᠯᠤᠭᠰᠠᠨ ᠤ ᠳᠠᠷᠠᠭ᠎ᠠ᠂ ᠬᠤᠯᠪᠣᠭᠳᠠᠭᠰᠠᠨ ᠡᠳ᠋ ᠬᠤᠭᠰᠢᠯ ᠢ ᠬᠠᠮᠲᠤ ᠳᠤᠨᠢ ᠰᠢᠯᠵᠢᠭᠦᠯᠦᠨ ᠬᠦᠷᠭᠡᠪᠡ᠃                       
ᠢᠷᠡᠯᠲᠡ᠄ ᠠᠷᠠᠳ ᠤᠨ ᠰᠦᠯᠵᠢᠶ᠎ᠡ