ᠦᠶᠤᠸᠠᠨ ᠤ ᠰᠢᠷ᠎ᠠ ᠱᠠᠪᠲᠠᠯ᠎ᠠ᠄ ︽ᠠᠯᠲᠠᠨ ᠵᠢᠮᠢᠰ︾ ᠪᠣᠷᠣᠳᠣᠬᠤᠢ ᠶᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠠᠮ ᠢ ᠥᠷᠭᠡᠳᠬᠡᠪᠡ
ᠨᠡᠶᠢᠲᠡᠯᠡᠭᠰᠡᠨ ᠴᠠᠭ᠄
2023/7/27
      ᠣᠶᠢᠷ᠎ᠠ ᠳᠤ᠂ ᠦᠶᠤᠸᠠᠨ ᠶᠢᠩ ᠰᠢᠶᠠᠩ ᠭᠤᠳᠤᠮᠵᠢ ᠨᠡᠭᠡᠭᠡᠭᠳᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠣᠭᠤᠭᠠᠴᠢ 2.2  ᠮᠧᠲᠷ ᠤᠨ ᠲᠡᠮᠦᠷ ᠲᠣᠭᠤᠭ᠎ᠠ ᠪᠠᠷ  ᠰᠢᠷ᠎ᠠ ᠱᠠᠪᠲᠠᠯ᠎ᠠ ᠬᠢᠭᠰᠡᠨ ᠬᠠᠲᠤᠨ ᠭᠤᠣᠯ ᠤᠨ  ᠵᠢᠭᠠᠰᠤ ᠴᠢᠨᠠᠵᠤ ᠦᠨᠦᠷ ᠨᠢ ᠠᠷᠪᠠᠨ ᠭᠠᠵᠠᠷ ᠬᠦᠪᠦᠯᠵᠡᠵᠦ᠂ ᠥᠷᠭᠡᠨ ᠤᠯᠠᠨ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠠᠮᠠᠨ ᠤ ᠬᠡᠰᠢᠭ ᠬᠦᠷᠲᠡᠭᠡᠬᠦ ᠶᠢᠨ ᠬᠠᠮᠲᠤ᠂ ᠦᠶᠤᠸᠠᠨ ᠤ ᠰᠢᠷ᠎ᠠ ᠱᠠᠪᠲᠠᠯ᠎ᠠ ᠶᠢᠨ ᠲᠤᠬᠠᠢ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠡᠢ᠃       ᠦᠶᠤᠸᠠᠨ ᠰᠢᠶᠠᠨ ᠨᠢ ᠤᠮᠠᠷᠠᠲᠤ ᠥᠷᠭᠡᠷᠢᠭ ᠤᠨ 41 ᠭᠷᠡᠳᠦ᠋ᠰ ᠲᠤ ᠪᠠᠶᠢᠷᠢᠯᠠᠵᠤ᠂ ᠡᠷᠲᠡ ᠣᠷᠣᠢ ᠶᠢᠨ ᠳᠤᠯᠠᠭᠠᠨ ᠤ ᠵᠥᠷᠢᠶ᠎ᠡ ᠨᠢ ᠶᠡᠭᠡ᠂ ᠨᠡᠷᠡᠨ ᠤ ᠲᠤᠰᠤᠯᠲᠠ ᠶᠢᠨ ᠴᠠᠭ ᠨᠢ ᠣᠷᠳᠣ ᠪᠠᠶᠢᠵᠤ᠂ ᠰᠢᠷ᠎ᠠ ᠱᠠᠪᠲᠠᠯ᠎ᠠ ᠶᠢᠨ ᠴᠣᠷ ᠤᠨ ᠭᠠᠭᠴᠠ ᠠᠮᠲᠠ ᠰᠢᠮᠲᠡ ᠪᠠ ᠰᠢᠮ᠎ᠡ ᠲᠡᠵᠢᠭᠡᠯ ᠢ ᠣᠯᠭᠤᠭᠰᠠᠨ ᠪᠠᠶᠢᠨ᠎ᠠ᠃ ᠲᠠᠪᠤᠨ ᠬᠡᠭᠡᠷ᠎ᠡ ᠶᠢᠨ ᠰᠢᠷ᠎ᠠ ᠱᠠᠪᠲᠠᠯ᠎ᠠ ᠶᠢᠨ ᠰᠢᠬᠢᠷ ᠤᠨ ᠬᠡᠮᠵᠢᠶ᠎ᠡ ᠨᠢ 7 ᠭᠷᠡᠳᠦ᠋ᠰ ᠠᠴᠠ ᠳᠡᠭᠡᠭᠰᠢ ᠪᠠᠶᠢᠵᠤ᠂ ᠲᠦᠭᠦᠬᠡᠢ ᠪᠠᠷ ᠢᠳᠡᠬᠦ ᠪᠤᠶᠤ ᠰᠢᠭᠦᠰᠦ ᠬᠢᠬᠦ ᠳᠤ ᠶᠠᠮᠠᠷ ᠴᠤ ᠨᠡᠮᠡᠯᠲᠡ ᠬᠢᠬᠦ ᠦᠭᠡᠢ ᠪᠠᠷ ᠢᠰᠬᠦᠯᠡᠩ ᠰᠢᠬᠢᠷᠯᠢᠭ ᠠᠮᠲᠠᠲᠠᠢ ᠪᠠᠶᠢᠳᠠᠭ᠃ ᠵᠢᠯ ᠪᠦᠷᠢ ᠶᠢᠨ ᠵᠤᠨ ᠨᠠᠮᠤᠷ ᠤᠨ ᠤᠯᠠᠷᠢᠯ ᠳᠤ᠂ ᠦᠶᠤᠸᠠᠨ ᠰᠢᠶᠠᠨ ᠤ ᠲᠣᠭᠤᠷᠢᠬᠤ ᠪᠠᠯᠭᠠᠰᠤ᠂ ᠯᠦᠩ ᠰᠢᠩ ᠴᠠᠩ ᠪᠠᠯᠭᠠᠰᠤ ᠵᠡᠷᠭᠡ ᠭᠠᠵᠠᠷ ᠤᠨ ᠲᠥᠪᠡᠳ ᠬᠠᠰᠢ ᠲᠠᠷᠢᠬᠤ ᠰᠠᠭᠤᠷᠢᠨ ᠳᠤ᠂ ᠨᠢᠭᠡ ᠨᠢᠭᠡ ᠪᠠᠷ ᠳᠦᠭᠦᠷᠡᠩ ᠳᠦᠭᠦᠷᠡᠩ ᠰᠢᠷ᠎ᠠ ᠱᠠᠪᠲᠠᠯ᠎ᠠ ᠨᠠᠮᠠᠭ᠎ᠠ ᠳᠦᠭᠦᠷᠡᠩ ᠡᠯᠭᠦᠭᠳᠡᠳᠡᠭ᠃ ᠭᠠᠷ ᠤᠨ ᠠᠶ᠎ᠠ ᠪᠠᠷ ᠨᠢᠭᠡ ᠶᠢ ᠨᠢ ᠠᠪᠴᠤ᠂ ᠳᠥᠭᠦᠮᠬᠡᠨ  ᠬᠡᠳᠦ ᠵᠦᠯᠭᠦᠵᠦ᠂ ᠠᠮᠠᠨ ᠳᠠᠭᠠᠨ ᠬᠢᠪᠡᠯ᠂ ᠡᠯᠡᠰᠦ ᠨᠢ ᠠᠮᠲᠠᠲᠠᠢ ᠮᠥᠷᠲᠡᠭᠡᠨ ᠠᠮᠲᠠ ᠰᠢᠮᠲᠡ ᠲᠠᠢ ᠪᠠᠶᠢᠵᠤ᠂ ᠬᠥᠮᠥᠰ ᠲᠤ ᠲᠤᠶᠢᠯ ᠤᠨ ᠠᠮᠲᠠ ᠰᠢᠮᠲᠡ ᠲᠠᠢ ᠪᠠᠶᠢᠳᠠᠭ᠃      ᠦᠶᠤᠸᠠᠨ ᠰᠢᠶᠠᠨ ᠳᠤ ᠰᠢᠷ᠎ᠠ ᠱᠠᠪᠲᠠᠯ᠎ᠠ ᠳᠠᠷᠢᠬᠤ ᠤᠯᠠᠮᠵᠢᠯᠠᠯ ᠲᠠᠢ᠂ ᠭᠡᠪᠡᠴᠦ ᠤᠯᠠᠮᠵᠢᠯᠠᠯᠲᠤ ᠰᠢᠷ᠎ᠠ ᠱᠠᠪᠲᠠᠯ᠎ᠠ ᠶᠢᠨ ᠦᠷ᠎ᠡ ᠵᠢᠮᠢᠰ ᠨᠢ ᠠᠮᠠᠷᠬᠠᠨ ᠬᠠᠭᠠᠷᠠᠳᠠᠭ ᠪᠥᠭᠡᠳ ᠭᠠᠷᠤᠯᠲᠠ ᠨᠢ ᠴᠦ ᠪᠠᠭ᠎ᠠ ᠪᠠᠶᠢᠳᠠᠭ᠃ ᠡᠨᠡ ᠬᠦ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠮᠢᠨ ᠯᠦᠩ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠥᠪᠡᠳ ᠬᠠᠰᠢ ᠰᠤᠳᠤᠯᠬᠤ ᠭᠠᠵᠠᠷ 5 ᠵᠢᠯ ᠬᠠᠮᠲᠤ ᠪᠠᠷ ᠰᠤᠳᠤᠯᠤᠨ ᠨᠡᠭᠡᠭᠡᠬᠦ ᠪᠠᠷ ᠳᠡᠮᠵᠢᠨ᠂ 2012 ᠣᠨ ᠳᠤ ᠲᠠᠪᠤᠨ ᠦᠨᠳᠦᠰᠦᠲᠡᠨ ᠤ ᠭᠠᠵᠠᠷ ᠣᠷᠣᠨ ᠤ ᠰᠢᠷ᠎ᠠ ᠱᠠᠪᠲᠠᠯ᠎ᠠ ᠪᠣᠯᠣᠨ ᠴᠢᠨᠠᠷ ᠰᠠᠶᠢᠲᠠᠢ ᠬᠡᠭᠡᠷ᠎ᠡ ᠶᠢᠨ ᠡᠭᠦᠯᠳᠡᠷ ᠢ ᠡᠷᠯᠢᠰᠡᠵᠢᠭᠦᠯᠦᠨ ᠬᠤᠶᠠᠷ ᠰᠢᠨ᠎ᠡ ᠬᠡᠯᠪᠡᠷᠢ ᠶᠢᠨ ᠰᠢᠷ᠎ᠠ ᠱᠠᠪᠲᠠᠯ᠎ᠠ ᠶᠢᠨ ᠡᠭᠦᠯᠳᠡᠷ ᠢ ᠪᠣᠶᠢᠵᠢᠭᠤᠯᠵᠠᠢ᠃ ᠰᠢᠨ᠎ᠡ ᠡᠭᠦᠯᠳᠡᠷ ᠨᠢ ᠰᠢᠷ᠎ᠠ ᠱᠠᠪᠲᠠᠯ᠎ᠠ ᠶᠢᠨ ᠤᠤᠯ ᠤᠨ ᠠᠮᠲᠠ ᠶᠢᠨ ᠰᠡᠷᠡᠯ ᠪᠠ ᠰᠢᠮ᠎ᠡ ᠲᠡᠵᠢᠭᠡᠯ ᠢ ᠬᠠᠳᠠᠭᠠᠯᠠᠭᠰᠠᠨ ᠢᠶᠠᠷ ᠪᠠᠷᠠᠬᠤ ᠦᠭᠡᠢ᠂ ᠪᠠᠰᠠ ᠬᠠᠭᠠᠷᠠᠯ ᠦᠭᠡᠢ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠰᠠᠶᠢᠨ᠂ ᠭᠠᠷᠤᠯᠲᠠ ᠥᠨᠳᠥᠷ ᠵᠡᠷᠭᠡ ᠣᠨᠴᠠᠯᠢᠭ  ᠲᠠᠢ᠃      ᠲᠠᠷᠢᠶᠠᠯᠠᠩ ᠤᠨ ᠪᠦᠲᠦᠭᠡᠭᠳᠡᠬᠦᠨ ᠢ ᠬᠠᠮᠢᠶᠠᠷᠤᠨ ᠡᠵᠡᠮᠳᠡᠬᠦ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠤᠨ ᠲᠠᠷᠢᠬᠤ ᠶᠢ ᠴᠢᠩᠭᠠᠳᠬᠠᠵᠤ᠂ ᠶᠠᠰᠤ ᠴᠢᠨᠠᠷ ᠢ ᠰᠢᠯᠢᠳᠡᠭᠵᠢᠭᠦᠯᠪᠡ ᠁ ᠠᠯᠢ ᠤᠯᠠᠨ ᠠᠷᠭ᠎ᠠ ᠬᠡᠮᠵᠢᠶ᠎ᠡ ᠨᠢ ᠦᠶᠤᠸᠠᠨ ᠤ ᠰᠢᠷ᠎ᠠ ᠱᠠᠪᠲᠠᠯ᠎ᠠ ᠶᠢ ᠠᠭᠠᠵᠢᠮ ᠢᠶᠠᠷ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠣᠯᠭᠠᠨ ᠬᠥᠭᠵᠢᠭᠦᠯᠵᠡᠢ᠃ 2014 ᠣᠨ ᠳᠤ᠂ ᠲᠠᠷᠢᠶᠠᠯᠠᠩ ᠤᠨ ᠶᠠᠮᠤᠨ ᠠᠴᠠ ᠦᠶᠤᠸᠠᠨ ᠤ ᠰᠢᠷ᠎ᠠ ᠱᠠᠪᠲᠠᠯ᠎ᠠ ᠳᠤ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢ ᠳᠠᠩᠰᠠᠯᠠᠨ  ᠬᠠᠮᠠᠭᠠᠯᠠᠪᠠ᠃ 2019 ᠣᠨ ᠳᠤ᠂ ᠦᠶᠤᠸᠠᠨ ᠤ ᠰᠢᠷ᠎ᠠ ᠱᠠᠪᠲᠠᠯ᠎ᠠ ᠳᠥᠷᠪᠡᠳᠦᠭᠡᠷ ᠪᠦᠯᠦᠭ ᠤᠨ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ᠃      ᠨᠠᠩ ᠣᠯᠠᠨ ᠬᠥᠮᠥᠨ ᠳᠤ ᠰᠢᠮ᠎ᠡ ᠲᠡᠵᠢᠭᠡᠯ ᠲᠠᠢ ᠰᠢᠷ᠎ᠠ ᠱᠠᠪᠲᠠᠯ᠎ᠠ ᠶᠢ ᠠᠮᠲᠠᠯᠠᠭᠤᠯᠬᠤ ᠶᠢᠨ ᠲᠥᠯᠥᠭᠡ᠂ ᠮᠢᠨ ᠯᠦᠩ ᠺᠣᠮᠫᠠᠨᠢ ᠪᠣᠯᠣᠨ ᠱᠠᠩ ᠬᠠᠢ ᠷᠦᠢ ᠵᠦᠷᠵᠢ ᠶᠢᠨ ᠢᠳᠡᠭᠡᠨ ᠤ ᠬᠢᠵᠠᠭᠠᠷᠲᠤ ᠺᠣᠮᠫᠠᠨᠢ ᠬᠠᠮᠲᠤᠷᠠᠨ᠂ 2019 ᠣᠨ ᠳᠤ ᠱᠠᠪᠲᠠᠯ᠎ᠠ ᠶᠢᠨ ᠴᠢᠨᠳᠠᠮᠤᠨᠢ ᠰᠢᠷ᠎ᠠ ᠱᠠᠪᠲᠠᠯ᠎ᠠ ᠶᠢᠨ ᠰᠢᠭᠦᠰᠦ ᠭᠠᠷᠭᠠᠪᠠ᠃ ᠱᠠᠪᠲᠠᠯ᠎ᠠ ᠎ ᠶᠢᠨ ᠰᠢᠭᠦᠰᠦ ᠎ ᠶᠢ ᠦᠶᠡᠯᠢᠭ ᠤᠨ ᠰᠢᠷ᠎ᠠ ᠱᠠᠪᠲᠠᠯ᠎ᠠ  ᠪᠠᠷ ᠲᠦᠭᠦᠬᠡᠢ ᠮᠠᠲ᠋ᠧᠷᠢᠶᠠᠯ ᠪᠣᠯᠭᠠᠵᠤ᠂ NFC ᠰᠢᠨ᠎ᠡ ᠰᠣᠷᠭᠤᠭ ᠵᠢᠮᠢᠰ ᠎ ᠢ ᠰᠢᠬᠠᠬᠤ ᠮᠡᠷᠭᠡᠵᠢᠯ ᠎ ᠢ ᠬᠡᠷᠡᠭᠯᠡᠵᠦ᠂ ᠶᠠᠮᠠᠷ ᠴᠤ ᠨᠡᠮᠡᠯᠲᠡ ᠡᠳ᠋ ᠦᠭᠡᠢ᠂ ᠱᠠᠪᠲᠠᠯ᠎ᠠ ᠎ ᠶᠢᠨ ᠠᠮᠲᠠ ᠨᠢ ᠥᠳᠬᠡᠨ᠂ ᠢᠰᠬᠦᠯᠡᠩ ᠠᠮᠲᠠᠲᠠᠢ ᠪᠣᠯᠬᠤᠷ ᠵᠠᠬ᠎ᠠ ᠳᠡᠯᠭᠡᠭᠦᠷ ᠲᠤ ᠭᠠᠷᠤᠮᠠᠭᠴᠠ ᠬᠡᠷᠡᠭᠯᠡᠭᠴᠢᠳ ᠤᠨ ᠲᠠᠭᠠᠰᠢᠶᠠᠯ  ᠎ ᠢ  ᠣᠯᠪᠠ᠃      ᠱᠠᠪᠲᠠᠯ᠎ᠠ ᠶᠢᠨ ᠰᠢᠭᠦᠰᠦ ᠠᠴᠠ ᠭᠠᠳᠠᠨ᠎ᠠ᠂ ᠮᠢᠨ ᠯᠦᠩ ᠺᠣᠮᠫᠠᠨᠢ ᠪᠠᠰᠠ ᠰᠢᠷ᠎ᠠ ᠱᠠᠪᠲᠠᠯ᠎ᠠ ᠶᠢᠨ ᠬᠠᠯᠠᠭᠤᠨ ᠲᠣᠭᠤᠭᠠᠨ ᠤ ᠰᠠᠭᠤᠷᠢ ᠮᠠᠲ᠋ᠧᠷᠢᠶᠠᠯ ᠢ ᠰᠤᠳᠤᠯᠤᠨ ᠦᠢᠯᠡᠳᠴᠡᠢ᠃ ᠡᠭᠦᠨ ᠠᠴᠠ ᠭᠠᠳᠠᠨ᠎ᠠ᠂ ᠦᠶᠡᠯᠢᠭ ᠤᠨ ᠰᠢᠷ᠎ᠠ ᠱᠠᠪᠲᠠᠯ᠎ᠠ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠰᠢᠷ᠎ᠠ ᠲᠥᠪᠡᠳ ᠬᠠᠰᠢ ᠶᠢ ᠤᠰᠤᠨ ᠳᠤ ᠳᠡᠪᠲᠦᠭᠡᠵᠦ᠂ ᠰᠢᠷ᠎ᠠ ᠲᠥᠪᠡᠳ ᠬᠠᠰᠢ ᠶᠢ ᠴᠤ ᠳᠣᠣᠷ᠎ᠠ ᠪᠠᠨ ᠵᠠᠬ᠎ᠠ ᠳᠡᠯᠭᠡᠭᠦᠷ ᠲᠤ ᠭᠠᠷᠭᠠᠨ᠎ᠠ᠃      ᠬᠦᠯᠡᠮᠵᠢ ᠳᠤ ᠳᠠᠷᠢᠵᠤ᠂ ᠲᠠᠷᠢᠶᠠᠨ ᠳᠤ ᠳᠠᠷᠢᠵᠤ᠂ ᠣᠳᠣᠬᠠᠨ ᠳᠤ ᠦᠶᠤᠸᠠᠨ ᠤ ᠰᠢᠷ᠎ᠠ ᠱᠠᠪᠲᠠᠯ᠎ᠠ  ᠶᠢ ᠵᠠᠬ᠎ᠠ ᠳᠡᠯᠭᠡᠭᠦᠷ ᠲᠤ ᠭᠠᠷᠭᠠᠬᠤ ᠴᠠᠭ ᠨᠢ 4 ᠰᠠᠷ᠎ᠠ ᠶᠢᠨ ᠳᠤᠮᠳᠠᠴᠢ ᠠᠴᠠ ᠳᠠᠷᠠᠭ᠎ᠠ ᠵᠢᠯ ᠤᠨ ᠨᠢᠭᠡᠳᠦᠭᠡᠷ ᠰᠠᠷ᠎ᠠ ᠪᠣᠯᠲᠠᠯ᠎ᠠ ᠦᠷᠭᠦᠯᠵᠢᠯᠡᠵᠦ᠂ ᠮᠦ ᠪᠦᠷᠢ ᠨᠢ ᠲᠠᠷᠢᠶᠠᠴᠢᠳ ᠲᠤ 8000 ᠲᠥᠭᠦᠷᠢᠭ ᠠᠴᠠ ᠳᠡᠭᠡᠭᠰᠢ ᠦᠷ᠎ᠡ ᠠᠰᠢᠭ ᠣᠯᠭᠤᠵᠤ ᠪᠣᠯᠣᠨ᠎ᠠ᠃ ᠦᠶᠤᠸᠠᠨ ᠤ ᠰᠢᠷ᠎ᠠ ᠱᠠᠪᠲᠠᠯ᠎ᠠ ᠶᠢᠨ ᠥᠪᠡᠷᠮᠢᠴᠡ ᠴᠢᠨᠠᠷ ᠴᠢᠨᠰᠠᠭ᠎ᠠ ᠪᠠᠷ ᠢᠶᠠᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢᠨ ︽ᠠᠯᠲᠠᠨ ᠵᠢᠮᠢᠰ︾ ᠪᠣᠯᠤᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ