ᠪᠠᠶᠠᠨᠨᠠᠭᠤᠷ ᠲᠤ ᠨᠢᠭᠡ ᠡᠷᠳᠡᠨᠢ ᠲᠠᠢ᠂ ᠠᠯᠠᠰᠢᠨ ᠬᠤᠨᠢᠨ ᠤ ᠶᠠᠰᠤ ᠴᠢᠨᠠᠷ ᠮᠠᠰᠢ ᠰᠠᠶᠢᠨ᠂ ᠣᠯᠠᠨ ᠵᠦᠢᠯ ᠤᠨ ᠶᠠᠭᠤᠮ᠎ᠠ ᠶᠢ ᠠᠩᠬᠠᠨ ᠤ ᠭᠠᠷ ᠲᠠᠭᠠᠨ ᠠᠳᠬᠤᠵᠤ᠂ | ︽ᠬᠤᠨᠢ︾ ᠶᠢᠨ ᠳᠠᠷᠪᠠᠭᠤᠯ ᠬᠤᠯᠠ ᠠᠶᠠᠯᠠᠨ᠎ᠠ᠃ | ᠪᠠᠶᠠᠨᠨᠠᠭᠤᠷ ᠪᠣᠯ ᠪᠥᠬᠦ ᠤᠯᠤᠰ ᠤᠨ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠪᠦᠲᠦᠨ ᠭᠠᠵᠠᠷ ᠣᠷᠣᠨ ᠪᠣᠯᠣᠨ᠎ᠠ᠂ 2022 | ᠣᠨ ᠤ ᠡᠴᠦᠰ ᠲᠤ᠂ ᠪᠥᠬᠦ ᠬᠤᠲᠠ ᠶᠢᠨ ᠠᠯᠠᠰᠢᠨ ᠬᠤᠨᠢᠨ ᠤ ᠠᠷᠠᠴᠢᠯᠠᠭ᠎ᠠ ᠶᠢᠨ ᠬᠡᠮᠵᠢᠶ᠎ᠡ 2265 ᠲᠦᠮᠡ ᠳᠤ ᠬᠦᠷᠴᠦ᠂ 1007 ᠲᠦᠮᠡᠨ ᠠᠯᠠᠰᠢᠨ ᠬᠤᠨᠢ | ᠲᠡᠵᠢᠭᠡᠵᠦ ᠂ 1258 ᠲᠦᠮᠡᠨ ᠠᠯᠠᠰᠢᠨ ᠬᠤᠨᠢᠨ ᠤ ᠭᠠᠷᠤᠯᠲᠠ ᠶᠢᠨ ᠬᠡᠮᠵᠢᠶ᠎ᠡ 30.4 ᠲᠦᠮᠡᠨ ᠲᠣᠨ ᠳᠤ ᠬᠦᠷᠴᠦ᠂ ᠦᠢᠯᠡᠳᠬᠦᠨ ᠤ ᠥᠷᠲᠡᠭ ᠨᠢ 180 | ᠳ᠋ᠦᠩᠰᠢᠭᠤᠷ ᠲᠥᠭᠦᠷᠢᠭ ᠢ ᠳᠠᠪᠠᠪᠠ᠃ | ᠰᠠᠶᠢᠨ ᠬᠤᠨᠢᠨ ᠮᠢᠬ᠎ᠠ ᠰᠠᠶᠢᠨ ᠭᠠᠷᠤᠯᠲᠠ ᠶᠢᠨ ᠣᠷᠣᠨ ᠠᠴᠠ ᠢᠷᠡᠯᠲᠡ ᠲᠠᠢ | ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠲᠠ ᠪᠣᠯᠤᠭᠰᠠᠨ ᠤ ᠬᠤᠪᠢ ᠳᠤ᠂ ᠪᠠᠶᠠᠨᠨᠠᠭᠤᠷ 1300 ᠭᠠᠷᠤᠢ ᠲᠦᠮᠡᠨ ᠮᠦ ᠲᠠᠷᠢᠶᠠᠨ ᠭᠠᠵᠠᠷ ᠲᠠᠢ᠂ 5400 | ᠭᠠᠷᠤᠢ ᠲᠦᠮᠡᠨ ᠮᠦ ᠪᠠᠶᠢᠭᠠᠯᠢ ᠶᠢᠨ ᠪᠡᠯᠴᠢᠭᠡᠷ ᠪᠡᠯᠴᠢᠭᠡᠷ ᠲᠠᠢ᠃ 2022 ᠣᠨ ᠳᠤ᠂ ᠪᠦᠬᠦ ᠬᠤᠳᠠ ᠶᠢᠨ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠲᠠᠷᠢᠮᠠᠯ ᠤᠨ ᠲᠠᠯᠠᠪᠠᠢ | 170 ᠭᠠᠷᠤᠢ ᠲᠦᠮᠡᠨ ᠮᠦ ᠳᠤ ᠬᠦᠷᠴᠦ᠂ ᠦᠨᠡᠮᠯᠡᠯ ᠲᠠᠢ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ 57 ᠪᠣᠯᠵᠤ᠂ ᠵᠢᠯ ᠳᠤ 400 ᠭᠠᠷᠤᠢ ᠲᠦᠮᠡᠨ ᠲᠣᠨ | ᠦᠢᠯᠡᠳᠪᠦᠷᠢᠯᠡᠬᠦ ᠴᠢᠳᠠᠪᠤᠷᠢ ᠶᠢ ᠲᠥᠯᠥᠪᠯᠡᠵᠦ᠂ 7 ᠶᠡᠭᠡ ᠰᠢᠷᠢᠰ 110 ᠭᠠᠷᠤᠢ ᠪᠦᠲᠦᠭᠡᠭᠳᠡᠬᠦᠨ ᠢ ᠦᠢᠯᠡᠳᠪᠦᠷᠢᠯᠡᠵᠦ᠂ ᠲᠡᠵᠢᠭᠡᠯ ᠪᠣᠷᠳᠤᠭ᠎ᠠ ᠶᠢᠨ ᠶᠡᠷᠦᠩᠬᠡᠢ ᠭᠠᠷᠤᠯᠲᠠ | 112 ᠲᠦᠮᠡᠨ ᠲᠣᠨ ᠳᠤ ᠬᠦᠷᠴᠡᠢ᠃ | ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠢᠶᠠᠷ ᠢᠶᠠᠨ ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠵᠤ᠂ | ᠪᠠᠶᠠᠨᠨᠠᠭᠤᠷ ᠤᠨ ᠠᠯᠠᠰᠢᠨ ᠬᠤᠨᠢᠨ ᠤ ᠮᠠᠯᠵᠢᠯ ᠤᠨ ᠬᠡᠮᠵᠢᠶ᠎ᠡ ᠪᠣᠯᠣᠨ ᠭᠠᠷᠭᠠᠯᠲᠠ ᠶᠢᠨ ᠬᠡᠮᠵᠢᠶ᠎ᠡ ᠴᠥᠮ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠪᠦᠬᠦ ᠤᠯᠤᠰ ᠤᠨ | ᠴᠤᠷ ᠤᠨ ᠭᠠᠭᠴᠠ ᠠᠯᠠᠰᠢᠨ ᠬᠤᠨᠢ ᠶᠢ ᠲᠦᠷᠪᠡᠨ ᠤᠯᠠᠷᠢᠯ ᠳᠤ ᠲᠡᠩᠴᠡᠭᠦᠷᠢᠲᠡᠢ ᠭᠠᠷᠭᠠᠵᠤ ᠳᠡᠶᠢᠯᠬᠦ ᠲᠤᠰᠬᠠᠢ ᠣᠷᠣᠨ ᠤ ᠲᠡᠰ ᠤᠨ ᠬᠤᠳᠠ ᠪᠣᠯᠵᠤ᠂ ︽ᠳᠤᠮᠳᠠᠳᠤ | ᠤᠯᠤᠰ ᠤᠨ ᠬᠤᠨᠢᠨ ᠤ ᠬᠤᠳᠠ︾ ᠬᠡᠮᠡᠭᠳᠡᠵᠡᠢ᠃ ᠵᠢᠯ ᠤᠨ ᠭᠠᠳᠠᠭᠠᠳᠤ ᠳᠤ ᠭᠠᠷᠭᠠᠬᠤ ᠮᠢᠬᠠᠨ ᠤ ᠪᠦᠲᠦᠭᠡᠭᠳᠡᠬᠦᠨ ᠤ ᠠᠷᠠᠯᠵᠢᠶᠠᠨ ᠤ ᠬᠡᠮᠵᠢᠶ᠎ᠡ 1000 ᠲᠦᠮᠡᠨ | ᠲᠥᠭᠦᠷᠢᠭ ᠢ ᠳᠠᠪᠠᠵᠤ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠳᠤ ᠭᠠᠷᠭᠠᠬᠤ ᠬᠡᠮᠵᠢᠶ᠎ᠡ 14 ᠵᠢᠯ ᠳᠠᠷᠠᠭᠠᠯᠠᠨ ᠪᠥᠬᠦ | ᠣᠷᠣᠨ ᠤ ᠲᠡᠷᠢᠭᠦᠨ ᠳᠤ ᠣᠷᠣᠪᠠ᠃ | ᠰᠢᠯᠢᠳᠡᠭ ᠡᠭᠦᠯᠳᠡᠷ ᠴᠢᠨᠠᠷ ᠰᠠᠶᠢᠲᠠᠢ ᠬᠤᠨᠢᠨ ᠮᠢᠬ᠎ᠠ ᠶᠢ ᠪᠣᠶᠢᠵᠢᠭᠤᠯᠤᠨ᠎ᠠ | ᠪᠠᠶᠠᠨᠨᠠᠭᠤᠷ ᠤᠨ ᠠᠯᠠᠰᠢᠨ ᠬᠤᠨᠢᠨ ᠤ ᠲᠦᠷᠦᠯ ᠵᠦᠢᠯ ᠡᠯᠪᠡᠭ ᠪᠠᠶᠠᠯᠢᠭ᠂ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ︽ᠪᠠᠶᠠᠨᠨᠠᠭᠤᠷ ᠮᠢᠬᠠᠨ ᠤ ᠬᠤᠨᠢ︾ ᠪᠣᠯ ᠪᠦᠬᠦ | ᠤᠯᠤᠰ ᠤᠨ ᠠᠩᠬᠠᠳᠠᠭᠴᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠠᠯᠠᠰᠢᠨ ᠬᠤᠨᠢᠨ ᠤ ᠲᠦᠷᠦᠯ ᠵᠦᠢᠯ ᠪᠣᠯᠣᠨ᠎ᠠ᠂ ᠪᠠᠶᠠᠨᠨᠠᠭᠤᠷ ᠮᠢᠬᠠᠨ ᠤ | ᠬᠤᠨᠢᠨ ᠤ ᠪᠡᠶ᠎ᠡ ᠨᠢ ᠶᠡᠭᠡ᠂ ᠥᠰᠦᠯᠲᠡ ᠪᠤᠶᠢᠵᠢᠯᠲᠠ ᠨᠢ ᠲᠦᠷᠭᠡᠨ᠂ ᠮᠢᠬᠠᠨ ᠤ ᠭᠠᠷᠤᠯᠲᠠ ᠨᠢ ᠥᠨᠳᠥᠷ᠂ ᠮᠢᠬᠠᠨ ᠤ ᠴᠢᠨᠠᠷ ᠨᠢ ᠨᠠᠷᠢᠨ ᠵᠥᠭᠡᠯᠡᠨ᠂ ᠠᠮᠲᠠ ᠨᠢ ᠰᠢᠨ᠎ᠡ | ᠰᠣᠷᠭᠤᠭ᠂ ᠠᠮᠲᠠ ᠨᠢ ᠰᠠᠶᠢᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠪᠣᠯᠣᠨ᠎ᠠ᠂ | ᠪᠠᠶᠠᠨᠨᠠᠭᠤᠷ ᠪᠠᠰᠠ ︽ᠳᠤᠮᠳᠠᠳᠤ ᠤᠯᠤᠰ ᠤᠨ ᠠᠯᠠᠰᠢᠨ ᠬᠤᠨᠢ ︵ᠪᠠᠶᠠᠨᠨᠠᠭᠤᠷ︶ ᠶᠢᠨ ᠨᠤᠲᠤᠭ︾ ᠬᠡᠮᠡᠭᠳᠡᠵᠡᠢ᠃ | ᠬᠤᠨᠢ ᠥᠷᠭᠡᠨ ᠠᠭᠤᠳᠠᠮ ᠮᠣᠩᠭᠤᠯ ᠤᠨ ᠥᠨᠳᠦᠷᠯᠢᠭ ᠲᠤ ᠪᠣᠶ ᠪᠣᠯᠤᠭᠰᠠᠨ ᠪᠣᠯᠪᠠᠴᠤ ᠠᠯᠤᠰ ᠬᠤᠯᠠ ᠶᠢᠨ ᠵᠢᠶᠠᠩᠨᠠᠨ ᠣᠷᠣᠨ ᠳᠤ ᠥᠪᠡᠷᠮᠢᠴᠡ ᠵᠠᠩ ᠴᠢᠨᠠᠷ ᠪᠠ | ᠵᠠᠩ ᠳᠠᠳᠬᠠᠯ ᠲᠠᠢ ᠪᠣᠯᠵᠠᠢ᠃ 2016 ᠣᠨ ᠳᠤ᠂ ᠶᠢᠨ ᠽᠣᠣ ᠶᠤᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠨᠢ ᠶᠢ | ᠵᠢᠶᠠᠩᠰᠤ ᠵᠧᠵᠢᠶᠠᠩ ᠠᠴᠠ ᠪᠠᠶᠠᠨᠨᠠᠭᠤᠷ ᠲᠤ ᠠᠪᠠᠴᠢᠵᠤ᠂ ᠲᠤᠰᠬᠠᠢ ᠲᠦᠷᠦᠯ ᠪᠣᠯᠬᠤ ᠶᠢᠨ ᠼᠤᠤ ᠬᠤᠨᠢ ᠶᠢ ᠪᠣᠶᠢᠵᠢᠭᠤᠯᠵᠠᠢ᠃ ᠶᠢᠨ ᠽᠣᠣ ᠬᠤᠨᠢᠨ ᠤ ᠮᠢᠬ᠎ᠠ ᠨᠢ | ᠰᠢᠭᠦᠰᠦᠯᠢᠭ ᠵᠥᠭᠡᠯᠡᠨ᠂ ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠵᠤ᠂ ᠮᠢᠬᠠᠨ ᠳᠤᠨᠢ ᠨᠠᠷᠢᠨ ᠨᠢᠭᠲᠠ ᠴᠠᠰᠤᠨ ᠰᠤᠳᠠᠰᠤ ᠲᠠᠢ ᠤᠴᠢᠷ ᠠᠴᠠ ᠬᠤᠭᠤᠯᠠ | ᠢᠳᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ ᠪᠠᠶᠢᠨ᠎ᠠ᠃ ᠡᠨᠡ ᠬᠦ ᠬᠤᠨᠢᠨ ᠤ ᠮᠢᠬ᠎ᠠ ᠨᠢ ᠰᠢᠭᠦᠰᠦᠯᠢᠭ ᠵᠥᠭᠡᠯᠡᠨ᠂ ᠰᠢᠮ᠎ᠡ ᠰᠢᠮ᠎ᠡ ᠦᠭᠡᠢ᠂ ᠬᠠᠨᠤᠮᠠᠯ ᠪᠤᠰᠤ | ᠥᠭᠡᠬᠦᠨ ᠬᠦᠴᠢᠯ ᠡᠯᠪᠡᠭ ᠠᠭᠤᠯᠵᠤ᠂ ᠮᠢᠬᠠᠨ ᠳᠤᠨᠢ ᠴᠠᠰᠤᠨ ᠤ ᠬᠡ ᠤᠭᠠᠯᠵᠠ ᠲᠠᠢ ᠪᠣᠯᠬᠤᠷ᠂ ᠬᠤᠭᠤᠯᠠ ᠢᠳᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠳᠠᠭ᠃ | ᠥᠨᠥᠳᠥᠷ᠂ ᠪᠠᠶᠠᠨᠨᠠᠭᠤᠷ ᠤᠨ ᠬᠤᠨᠢᠨ ᠮᠢᠬ᠎ᠠ ᠬᠥᠬᠡᠮᠥ᠋ᠷᠡᠨ ᠤ ᠡᠮᠦᠨ᠎ᠡ ᠤᠮᠠᠷ᠎ᠠ ᠳᠤ ᠪᠣᠷᠣᠯᠠᠭᠤᠯᠤᠭᠳᠠᠵᠤ᠂ ᠪᠡᠭᠡᠵᠢᠩ ᠤᠨ ᠡᠪᠦᠯ ᠤᠨ ᠣᠯᠢᠮᠫᠢᠺ ᠤᠨ ᠴᠤᠭᠯᠠᠭᠠᠨ᠂ | ᠡᠪᠦᠯ ᠤᠨ ᠵᠡᠮᠳᠡᠭᠴᠦᠳ ᠤᠨ ᠣᠯᠢᠮᠫᠢᠺ ᠤᠨ ᠴᠤᠭᠯᠠᠭᠠᠨ ᠤ ᠬᠤᠭᠤᠯᠠᠨ ᠰᠢᠷᠡᠭᠡᠨ ᠳᠤ ᠣᠷᠣᠵᠤ᠂ ᠺᠠᠲ᠋ᠠᠷ ᠤᠨ ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ | ᠤᠷᠤᠯᠳᠤᠭᠠᠨ ᠳᠤ ᠣᠷᠣᠯ᠎ᠠ᠃ | ᠠᠯᠠᠰᠢᠨ ᠬᠤᠨᠢᠨ ᠤ ᠠᠵᠤ ᠦᠢᠯᠡᠰ ᠦᠷᠭᠦᠯᠵᠢᠯᠡᠨ ᠲᠦᠷᠭᠡᠨ ᠬᠥᠭᠵᠢᠬᠦ | ᠪᠠᠶᠠᠨᠨᠠᠭᠤᠷ ᠠᠯᠠᠰᠢᠨ ᠬᠤᠨᠢᠨ ᠤ ᠠᠵᠤ ᠦᠢᠯᠡᠰ ᠤᠨ ᠮᠥᠷᠳᠡᠨ ᠤᠬᠤᠴᠢᠯᠠᠬᠤ ᠰᠢᠰᠲ᠋ᠧᠮ ᠢ ᠪᠠᠶᠢᠭᠤᠯᠵᠤ᠂ ᠠᠯᠠᠰᠢᠨ ᠬᠤᠨᠢᠨ ᠳᠤ ︽ ᠡᠯᠧᠺᠲᠷᠣᠨ ᠪᠡᠶ᠎ᠡ ᠶᠢᠨ | ᠦᠨᠡᠮᠯᠡᠯ︾ ᠲᠠᠢ ᠪᠣᠯᠵᠤ᠂ ᠡᠭᠦᠯᠳᠡᠷ ᠪᠣᠶᠢᠵᠢᠭᠤᠯᠬᠤ᠂ ᠠᠮᠤ ᠪᠤᠳᠠᠭ᠎ᠠ ᠲᠡᠵᠢᠭᠡᠬᠦ᠂ ᠦᠢᠯᠡᠳᠪᠦᠷᠢᠯᠡᠬᠦ᠂ ᠭᠠᠷᠭᠠᠬᠤ᠂ ᠨᠢᠲᠤᠯᠬᠤ ᠠᠴᠠ ᠡᠳ᠋ᠰᠢᠭᠦᠯᠬᠦ᠂ ᠬᠥᠮᠥᠷᠭᠡᠯᠡᠬᠦ᠂ | ᠪᠠᠷᠠᠭᠠᠨ ᠤ ᠭᠦᠢᠯᠭᠡᠭᠡ᠂ ᠪᠣᠷᠣᠯᠠᠭᠤᠯᠬᠤ᠂ ᠬᠢᠨᠠᠨ ᠬᠠᠮᠢᠶᠠᠷᠬᠤ ᠬᠦᠷᠲᠡᠯ᠎ᠡ᠂ ᠠᠯᠠᠰᠢᠨ ᠬᠤᠨᠢᠨ ᠤ ᠠᠵᠤ ᠦᠢᠯᠡᠰ ᠢ ︽ᠬᠠᠮᠠᠭᠠᠯᠠᠵᠤ︾᠂ ᠠᠯᠠᠰᠢᠨ ᠬᠤᠨᠢᠨ ᠤ ᠶᠠᠰᠤ | ᠴᠢᠨᠠᠷ ᠢ ᠪᠠᠲᠤᠯᠠᠵᠤ᠂ ᠬᠥᠮᠥᠰ ᠤᠨ ᠡᠷᠡᠭᠦᠯ ᠮᠡᠨᠳᠦ᠂ ᠠᠮᠤᠷ ᠲᠦᠪᠰᠢᠨ᠂ ᠰᠠᠨᠠᠭ᠎ᠠ ᠠᠮᠤᠷ ᠴᠢᠨᠠᠷ ᠰᠠᠶᠢᠲᠠᠢ ᠬᠤᠨᠢᠨ ᠮᠢᠬ᠎ᠠ ᠣᠯᠵᠤ ᠢᠳᠡᠬᠦ ᠶᠢ ᠪᠠᠲᠤᠯᠠᠵᠠᠢ᠃ | ᠠᠯᠠᠰᠢᠨ ᠬᠤᠨᠢᠨ ᠤ ᠠᠵᠤ ᠦᠢᠯᠡᠰ ᠪᠣᠯ ᠪᠠᠶᠠᠨᠨᠠᠭᠤᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠣᠨ᠎ᠠ ᠂ ︽ᠬᠠᠰᠢᠶᠠᠯᠠᠨ ᠲᠡᠵᠢᠭᠡᠵᠦ | ᠬᠠᠰᠢᠶᠠᠯᠠᠨ ᠲᠡᠵᠢᠭᠡᠬᠦ︾ ᠠᠴᠠ ︽ᠬᠡᠪᠴᠢᠶᠡᠵᠢᠭᠦᠯᠦᠨ ᠲᠡᠵᠢᠭᠡᠬᠦ︾ ᠬᠦᠷᠲᠡᠯ᠎ᠡ᠂ ︽ᠪᠦᠳᠦᠭᠦᠯᠢᠭ ᠲᠡᠵᠢᠭᠡᠬᠦ︾ ᠠᠴᠠ ︽ᠣᠷᠭᠠᠨᠢᠭ ᠨᠠᠶᠢᠷᠠᠯᠭ᠎ᠠ︾ ᠬᠦᠷᠲᠡᠯ᠎ᠡ᠂ ︽ | ᠭᠠᠭᠴᠠ ᠦᠢᠯᠡᠳᠪᠦᠷᠢᠯᠡᠯ ᠤᠨ ᠰᠠᠭᠤᠷᠢᠨ︾ ᠠᠴᠠ ︽ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ︾ ᠬᠦᠷᠲᠡᠯ᠎ᠡ ᠁ ᠪᠠᠶᠠᠨᠨᠠᠭᠤᠷ ᠤᠨ ᠠᠯᠠᠰᠢᠨ ᠬᠤᠨᠢᠨ ᠤ | ᠠᠵᠤ ᠦᠢᠯᠡᠰ ᠥᠷᠨᠢᠩᠭᠦᠢ ᠬᠥᠭᠵᠢᠪᠡ᠃ | ᠪᠠᠶᠠᠨᠨᠠᠭᠤᠷ ᠤᠨ ᠠᠯᠠᠰᠢᠨ ᠬᠤᠨᠢ ᠶᠢ ᠨᠢᠲᠤᠯᠵᠤ ᠡᠳ᠋ᠰᠢᠭᠦᠯᠬᠦ ᠠᠵᠤ ᠠᠬᠤᠶᠢᠯᠠᠯ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠬᠥᠲᠥᠴᠢ ᠠᠵᠤ ᠠᠬᠤᠶᠢᠯᠠᠯ | ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠨᠡᠶᠢᠲᠡᠯᠢᠭ ᠵᠢᠱᠢᠶ᠎ᠡ ᠴᠣᠯᠭᠤᠷᠠᠨ ᠭᠠᠷᠤᠭᠰᠠᠨ ᠪᠠᠶᠢᠨ᠎ᠠ᠃ 2022 ᠣᠨ ᠳᠤ᠂ ᠪᠥᠬᠦ ᠬᠤᠲᠠ ᠳᠤ 19 | ᠡᠭᠦᠯᠳᠡᠷ ᠤᠨ ᠬᠤᠨᠢᠨ ᠤ ᠲᠠᠯᠠᠪᠠᠶ ᠪᠠᠶᠢᠵᠤ᠂ 2.89 ᠲᠦᠮᠡᠨ ᠡᠭᠦᠯᠳᠡᠷ ᠤᠨ ᠬᠤᠨᠢ ᠲᠡᠵᠢᠭᠡᠵᠦ᠂ ᠡᠭᠦᠨ ᠳᠤ 2.64 ᠲᠦᠮᠡᠨ ᠡᠭᠦᠯᠳᠡᠷ ᠤᠨ ᠡᠬᠡ ᠮᠠᠯ᠂ 0.25 ᠲᠦᠮᠡᠨ | ᠡᠭᠦᠯᠳᠡᠷ ᠤᠨ ᠮᠠᠯ ᠪᠠᠶᠢᠨ᠎ᠠ᠃ | ᠡᠭᠦᠨ ᠠᠴᠠ ᠭᠠᠳᠠᠨ᠎ᠠ᠂ ᠪᠠᠶᠠᠨᠨᠠᠭᠤᠷ ᠤᠨ ᠨᠠᠷᠢᠨ ᠨᠢᠮᠪᠠᠢ ᠪᠠᠶᠢᠭᠤᠯᠤᠭᠰᠠᠨ ᠥᠪᠥᠷ ᠮᠣᠩᠭᠤᠯ ᠤᠨ ᠬᠤᠨᠢ ᠮᠠᠯ ᠤᠨ ᠠᠰᠢᠭ ᠰᠢᠮ᠎ᠡ ᠶᠢᠨ ᠠᠷᠠᠯᠵᠢᠶᠠᠨ ᠤ ᠲᠥᠪ ᠪᠣᠯ | ᠪᠥᠬᠦ ᠤᠯᠤᠰ ᠤᠨ ᠠᠩᠬᠠᠳᠠᠭᠴᠢ ᠬᠤᠨᠢ ᠮᠠᠯ ᠤᠨ ᠠᠰᠢᠭ ᠰᠢᠮ᠎ᠡ ᠶᠢᠨ ᠡᠯᠧᠺᠲᠷᠣᠨ ᠠᠷᠠᠯᠵᠢᠶᠠᠨ ᠤ ᠲᠠᠪᠴᠠᠩ ᠪᠣᠯᠣᠨ᠎ᠠ᠂ ᠡᠨᠡ ᠨᠢ ᠰᠦᠯᠵᠢᠶᠡᠨ ᠳᠡᠭᠡᠷᠡᠬᠢ ᠡᠯᠧᠺᠲᠷᠣᠨ | ᠠᠷᠠᠯᠵᠢᠶ᠎ᠠ ᠪᠠ ᠰᠦᠯᠵᠢᠶᠡᠨ ᠭᠠᠳᠠᠨᠠᠬᠢ ᠪᠡᠯᠡᠨ ᠪᠠᠷᠠᠭᠠᠨ ᠤ ᠠᠷᠠᠯᠵᠢᠶ᠎ᠠ ᠶᠢᠨ ᠣᠷᠭᠠᠨᠢᠭ ᠨᠡᠶᠢᠯᠡᠯ ᠢ ᠪᠡᠶᠡᠯᠡᠭᠦᠯᠵᠦ᠂ ᠵᠢᠯ ᠳᠤ 150 ᠲᠦᠮᠡᠨ ᠲᠣᠯᠣᠭᠠᠢ ︵ᠪᠦᠬᠦᠯᠢ︶ | ᠠᠮᠢᠳᠤ ᠮᠠᠯ ᠢ ᠠᠷᠠᠯᠵᠢᠶᠠᠯᠠᠵᠤ ᠪᠣᠯᠣᠨ᠎ᠠ᠃ | ᠡᠭᠦᠨ ᠤ ᠵᠡᠷᠭᠡ ᠳᠤ᠂ ᠪᠠᠶᠠᠨᠨᠠᠭᠤᠷ ᠤᠨ ᠠᠯᠠᠰᠢᠨ ᠬᠤᠨᠢᠨ ᠤ ᠠᠵᠤ ᠠᠬᠤᠶᠢᠯᠠᠯ ᠤᠨ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭᠲᠦ ᠶᠢᠨ | ᠳᠡᠮᠵᠢᠯᠭᠡ ᠳᠣᠣᠷ᠎ᠠ᠂ ᠪᠠᠶᠠᠨᠨᠠᠭᠤᠷ ᠤᠨ ᠠᠯᠠᠰᠢᠨ ᠬᠤᠨᠢᠨ ᠤ ᠠᠵᠤ ᠠᠬᠤᠶᠢᠯᠠᠯ ᠤᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃ 2022 | ᠣᠨ ᠳᠤ᠂ ᠶᠢᠨ ᠽᠣᠣ ᠶᠤᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ | ᠳᠥᠷᠪᠡᠨ ᠤ ᠨᠢᠭᠡ ᠬᠤᠪᠢ ᠰᠢᠬᠠᠮ ᠳᠡᠭᠡᠭᠰᠢᠯᠡᠵᠦ᠂ ᠤᠷᠠᠳ ᠤᠨ ᠳᠤᠮᠳᠠᠳᠤ ᠬᠤᠰᠢᠭᠤᠨ ᠤ ᠨᠤᠲᠤᠭ ᠪᠡᠯᠴᠢᠭᠡᠷ ᠤᠨ ᠾᠧᠩ ᠲᠦᠩ ᠢᠳᠡᠭᠡᠨ ᠤ ᠬᠢᠵᠠᠭᠠᠷᠲᠤ ᠺᠣᠮᠫᠠᠨᠢ ᠶᠢᠨ | ᠪᠣᠷᠤᠯᠠᠭᠤᠯᠭ᠎ᠠ ᠶᠢᠨ ᠬᠡᠮᠵᠢᠶ᠎ᠡ 4200 ᠲᠦᠮᠡᠨ ᠲᠥᠭᠦᠷᠢᠭ ᠲᠤ ᠬᠦᠷᠴᠡᠢ᠃ | ᠣᠳᠣᠬᠠᠨ ᠳᠤ᠂ ᠪᠠᠶᠠᠨᠨᠠᠭᠤᠷ ᠶᠠᠭ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠲᠦᠯᠬᠢᠨ ᠠᠬᠢᠭᠤᠯᠵᠤ᠂ ︽ᠭᠤᠷᠪᠠᠨ ᠬᠤᠨᠢ︾ ᠶᠢᠨ ᠠᠵᠤ ᠦᠢᠯᠡᠰ ᠢ | ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠠᠯᠠᠰᠢᠨ ᠬᠤᠨᠢᠨ ᠤ ᠠᠵᠤ ᠦᠢᠯᠡᠰ ᠤᠨ ︽ᠨᠢᠰᠬᠡᠯ ᠤᠨ ᠰᠠᠭᠤᠷᠢ ᠬᠥᠯᠭᠡ ᠣᠩᠭᠤᠴᠠ︾ ᠶᠢ | ᠴᠣᠭᠴᠠᠯᠠᠨ ᠪᠠᠶᠢᠭᠤᠯᠵᠤ᠂ ᠪᠠᠶᠠᠨᠨᠠᠭᠤᠷ ᠢᠷᠡᠭᠡᠳᠦᠢ ᠳᠤ ᠬᠦᠷᠴᠦ ᠢᠷᠡᠬᠦ ᠪᠣᠯᠣᠨ᠎ᠠ᠃ | | | |