2.5 ᠲᠦᠮᠡ ᠭᠠᠷᠤᠢ ᠬᠤᠪᠢ ᠦᠷ᠎ᠡ ᠡᠳ᠋ ᠤᠨ ᠡᠬᠢ ᠪᠠᠶᠠᠯᠢᠭ ︽ᠭᠡᠷ︾᠎ ᠲᠠᠢ ᠪᠣᠯᠪᠠ
ᠨᠡᠶᠢᠲᠡᠯᠡᠭᠰᠡᠨ ᠴᠠᠭ᠄
2023/7/27
      ︽ᠠᠳᠡ ᠶᠠᠭ ᠯᠠ ᠦᠷ᠎ᠡ ᠶᠢᠨ ᠶᠢᠷᠲᠢᠨᠴᠦ ᠮᠡᠲᠦ ᠪᠣᠯᠵᠠᠢ︾ ︽ᠡᠶᠢᠮᠦ ᠠᠷᠪᠢᠨ ᠦᠷ᠎ᠡ ᠶᠢ ᠶᠡᠷᠦ ᠠᠴᠠ ᠣᠯᠵᠤ ᠦᠵᠡᠭᠡ ᠦᠭᠡᠢ︾ ᠁ ᠣᠶᠢᠷ᠎ᠠ ᠳᠤ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠳᠤ ᠲᠣᠭᠤᠷᠢᠨ ᠦᠵᠡᠭᠰᠡᠳ  ᠭᠠᠶᠢᠬᠠᠵᠤ ᠪᠠᠶᠢᠯ᠎ᠠ᠃      ᠬᠡᠷᠪᠡ ᠦᠷ᠎ᠡ ᠶᠢ ᠲᠠᠷᠢᠶᠠᠯᠠᠩ ᠤᠨ ︽ᠴᠠᠬᠢᠮ︾ ᠭᠡᠵᠦ ᠬᠡᠯᠡᠬᠦ ᠳᠤ ᠬᠦᠷᠪᠡᠯ᠂ ᠦᠷ᠎ᠡ ᠶᠢᠨ ᠡᠬᠢ ᠪᠠᠶᠠᠯᠢᠭ ᠨᠢ ᠬᠠᠷᠢᠨ ︽ᠴᠠᠬᠢᠮ︾᠎ ᠤᠨ ︽ᠴᠠᠬᠢᠮ︾ ᠪᠣᠯᠣᠨ᠎ᠠ᠃ ᠦᠷ᠎ᠡ ᠡᠳ᠋ ᠤᠨ ᠡᠬᠢ ᠪᠠᠶᠠᠯᠢᠭ  ᠦᠭᠡᠢ ᠪᠣᠯ ᠰᠠᠶᠢᠨ ᠡᠭᠦᠯᠳᠡᠷ ᠢ ᠪᠣᠶᠢᠵᠢᠭᠤᠯᠬᠤ ᠵᠡᠷᠭᠡ ᠰᠤᠳᠤᠯᠭᠠᠨ ᠨᠢ ᠳᠠᠷᠤᠢ ᠡᠬᠢ  ᠦᠭᠡᠢ ᠤᠰᠤ ᠪᠣᠯᠳᠠᠭ᠃ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠶᠢ ᠪᠠᠶᠢᠭᠤᠯᠤᠭᠰᠠᠨ ᠨᠢ ᠦᠷ᠎ᠡ ᠡᠳ᠋ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠮᠠᠰᠢ ᠶᠡᠭᠡ ᠦᠢᠯᠡᠳᠦᠯ ᠲᠠᠢ ᠪᠠᠶᠢᠵᠤ᠂ ᠨᠠᠩ ᠣᠯᠠᠨ ᠦᠷ᠎ᠡ ᠶᠢ ᠳᠠᠭᠢᠵᠤ ︽ᠲᠡᠯᠡᠶ ᠵᠦᠭ ᠬᠠᠨᠳᠤᠭᠤᠯᠬᠤ︾ ᠦᠭᠡᠢ ᠪᠣᠯᠭᠠᠬᠤ ᠶᠢᠨ ᠲᠥᠯᠥᠭᠡ ᠬᠦᠴᠦᠨ ᠴᠢᠳᠠᠯ ᠢᠶᠠᠨ ᠬᠤᠷᠠᠮᠳᠤᠭᠤᠯᠵᠤ ᠪᠠᠶᠢᠨ᠎ᠠ᠃ ︽ᠣᠳᠣᠬᠠᠨ ᠳᠤ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠠᠴᠠ 25739 ᠬᠤᠪᠢ ᠦᠷ᠎ᠡ ᠡᠳ᠋ ᠤᠨ ᠡᠬᠢ ᠪᠠᠶᠠᠯᠢᠭ᠂ 29365 ᠬᠤᠪᠢ ᠰᠢᠷᠣᠢ ᠶᠢᠨ ᠦᠯᠢᠭᠡᠷ ᠡᠳ᠋ ᠢ ᠴᠤᠭᠯᠠᠭᠤᠯᠤᠨ ᠬᠥᠮᠥᠷᠭᠡ ᠳᠤ ᠣᠷᠣᠭᠤᠯᠵᠤ᠂ 2880 ᠬᠤᠪᠢ ᠤᠷᠭᠤᠮᠠᠯ ᠤᠨ ᠦᠯᠢᠭᠡᠷ ᠡᠳ᠋ ᠢ ᠦᠢᠯᠡᠳᠴᠦ᠂ 291 ᠬᠤᠪᠢ ᠦᠯᠢᠭᠡᠷ ᠡᠳ᠋ ᠢ ᠳᠡᠪᠲᠦᠭᠡᠨ ᠦᠢᠯᠡᠳᠴᠦ᠂ ᠰᠢᠷ᠎ᠠ ᠱᠠᠪᠲᠠᠯ᠎ᠠ᠂ ᠳ᠋ᠧᠩᠯᠦ ᠶᠢᠨ ᠤᠯᠠᠭᠠᠨ ᠠᠮᠲᠠᠲᠤ ᠬᠡᠮᠬᠡ ᠵᠡᠷᠭᠡ ᠭᠠᠵᠠᠷ ᠤᠨ ᠲᠡᠮᠳᠡᠭ ᠤᠨ ᠴᠢᠨᠠᠷᠲᠠᠢ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠪᠠ︾ ᠭᠡᠵᠦ ᠥᠪᠥᠷ ᠮᠣᠩᠭᠤᠯ ᠤᠨ  ᠲᠡᠭᠷᠢ ᠶᠢᠨ ᠬᠡᠰᠢᠭᠲᠦ ᠪᠣᠷᠣᠳᠣᠬᠤᠢ ᠶᠢᠨ ᠦᠷ᠎ᠡ ᠡᠳ᠋ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠠᠶᠢᠯᠪᠤᠷᠢᠯᠠᠭᠴᠢ ᠵᠠᠩ ᠮᠢᠨ ᠬᠡᠯᠡᠪᠡ᠃      ᠣᠶᠢᠯᠠᠭᠠᠭᠰᠠᠨ ᠢᠶᠠᠷ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠨᠢ ᠭᠤᠣᠯᠳᠠᠭᠤ ᠬᠠᠲᠤᠨ ᠭᠤᠣᠯ ᠳᠠᠭᠠᠤ ᠶᠢᠨ ᠣᠨᠴᠠᠯᠢᠭᠲᠤ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ᠂ ᠳᠡᠯᠭᠡᠷᠡᠭᠦᠯᠬᠦ᠂ ᠬᠤᠪᠢᠷᠠᠭᠤᠯᠬᠤ ᠠᠵᠢᠯ ᠬᠢᠵᠦ᠂ ᠦᠷ᠎ᠡ ᠶᠢᠨ ᠢᠷᠡᠯᠲᠡ ᠶᠢᠨ ︽ᠪᠣᠭᠤᠮᠢᠯᠠᠬᠤ︾ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠪᠡ᠃      ︽ᠦᠷ᠎ᠡ ᠡᠳ᠋ ᠤᠨ ᠡᠬᠢ ᠪᠠᠶᠠᠯᠢᠭ ᠤᠨ ᠬᠦᠷᠢᠶᠡᠯᠡᠩ ᠳᠤ ᠪᠠᠷᠤᠭ 300 ᠵᠦᠢᠯ ᠤᠨ ᠲᠠᠷᠢᠮᠠᠯ ᠢ ᠲᠠᠷᠢᠵᠤ᠂ ᠠᠳᠡ ᠭᠤᠣᠯᠳᠠᠭᠤ ᠡᠯ᠎ᠡ ᠵᠦᠢᠯ ᠤᠨ ᠲᠠᠷᠢᠮᠠᠯ ᠤᠨ ᠦᠷ᠎ᠡ ᠶᠢ ᠠᠭᠤᠳᠠᠯᠤᠨ ᠴᠤᠭᠯᠠᠭᠤᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠬᠠᠳᠠᠭᠠᠯᠠᠵᠤ᠂ ᠠᠮᠢᠳᠤ ᠪᠣᠳᠠᠰ ᠤᠨ ᠰᠤᠳᠤᠯᠤᠯ ᠤᠨ ᠣᠨᠣᠯ ᠤᠨ ᠰᠤᠳᠤᠯᠤᠯ ᠳᠤ ᠡᠯᠪᠡᠭ ᠪᠠᠶᠠᠯᠢᠭ ᠦᠷ᠎ᠡ ᠡᠳ᠋ ᠢ ᠬᠠᠩᠭᠠᠵᠤ ᠪᠠᠶᠢᠨ᠎ᠠ︾  ᠭᠡᠵᠦ ᠵᠠᠩ ᠮᠢᠨ ᠬᠡᠯᠡᠪᠡ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠡᠭᠷᠢ ᠶᠢᠨ ᠬᠡᠰᠢᠭᠲᠦ ᠪᠣᠷᠣᠳᠣᠬᠤᠢ ᠶᠢᠨ ᠦᠷ᠎ᠡ ᠡᠳ᠋ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠨᠢᠭᠡᠨ ᠭᠤᠣᠯ ᠣᠷᠣᠨ᠂ ᠤᠯᠠᠨ ᠬᠦᠷᠢᠶᠡᠯᠡᠩ᠂ N ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠠᠳᠠᠭᠠᠯᠠᠬᠤ᠂ ᠬᠢᠨᠠᠨ ᠲᠣᠭᠲᠠᠭᠠᠬᠤ᠂ ᠦᠨᠡᠯᠡᠬᠦ᠂ ᠰᠣᠩᠭᠤᠨ ᠪᠣᠶᠢᠵᠢᠭᠤᠯᠬᠤ ᠴᠢᠳᠠᠪᠬᠢ ᠪᠠᠷ ᠪᠦᠷᠢᠨ ᠲᠡᠭᠦᠯᠳᠡᠷ ᠨᠢᠭᠡ ᠴᠣᠭᠴᠠᠵᠢᠭᠤᠯᠤᠭᠰᠠᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ  ᠰᠢᠰᠲ᠋ᠧᠮ ᠢ ᠪᠦᠷᠢᠯᠳᠦᠭᠦᠯᠵᠦ᠂ 2025 ᠣᠨ ᠪᠣᠯᠬᠤ ᠳᠤ 10 ᠲᠦᠮᠡᠨ ᠬᠤᠪᠢ ᠲᠠᠷᠢᠮᠠᠯ ᠵᠢᠴᠢ ᠬᠡᠭᠡᠷ᠎ᠡ ᠶᠢᠨ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠬᠤ᠂ 10 ᠲᠦᠮᠡᠨ ᠬᠤᠪᠢ ᠬᠥᠷᠥᠰᠥᠨ ᠤ ᠦᠯᠢᠭᠡᠷ ᠡᠳ᠋ ᠢ ᠴᠤᠭᠯᠠᠭᠤᠯᠤᠨ ᠬᠠᠳᠠᠭᠠᠯᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ︽ᠨᠢᠭᠡ ᠭᠤᠣᠯ ᠣᠷᠣᠨ︾ ᠲᠤᠬᠠᠶᠢᠯᠠᠪᠠᠯ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠡ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ︔ ︽ᠣᠯᠠᠨ ᠬᠦᠷᠢᠶᠡᠯᠡᠩ︾ ᠭᠡᠳᠡᠭ ᠨᠢ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠡᠯᠡᠰᠦᠨ ᠤ ᠤᠷᠭᠤᠮᠠᠯ᠂ ᠭᠤᠸᠠ ᠵᠢᠮᠢᠰ ᠢᠳᠡᠰᠢᠨ ᠨᠣᠭᠤᠭ᠎ᠠ᠂ ᠨᠤᠲᠤᠭ ᠤᠨ ᠡᠪᠡᠰᠦᠨ ᠤ ᠦᠷ᠎ᠡ᠂ ᠯᠠᠵᠤᠤ ᠵᠡᠷᠭᠡ 7 ᠲᠥᠷᠥᠯ ᠤᠨ ᠠᠵᠤ ᠦᠢᠯᠡᠰ ᠤᠨ ᠬᠦᠷᠢᠶᠡᠯᠡᠩ ᠢ ᠬᠡᠯᠡᠨ᠎ᠡ︔ ︽N ᠰᠠᠭᠤᠷᠢᠨ ᠭᠠᠵᠠᠷ︾ ᠭᠡᠳᠡᠭ ᠨᠢ 240 ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠬᠡᠯᠡᠵᠦ ᠪᠠᠶᠢᠨ᠎ᠠ᠃      ︽ᠪᠢᠳᠡ ᠦᠷ᠎ᠡ ᠎ ᠶᠢᠨ ᠡᠬᠢ ᠪᠠᠶᠠᠯᠢᠭ ᠎ ᠢ ᠴᠤᠭᠯᠠᠭᠤᠯᠬᠤ ᠎ ᠶᠢᠨ ᠵᠡᠷᠭᠡ ᠳᠤ ᠣᠨᠴᠠᠯᠢᠭᠲᠤ ᠡᠭᠦᠯᠳᠡᠷ ᠎ ᠢ ᠴᠡᠪᠡᠷᠰᠢᠭᠦᠯᠦᠨ ᠰᠠᠶᠢᠵᠢᠷᠠᠭᠤᠯᠵᠤ᠂ ᠣᠨᠴᠠᠯᠢᠭᠲᠤ ᠦᠷ᠎ᠡ  ᠎ ᠶᠢᠨ ᠦᠢᠯᠡᠰ ᠤᠨ ᠰᠢᠯᠢᠳᠡᠭ ᠰᠠᠶᠢᠨ ᠰᠢᠨᠵᠢ ᠪᠠᠶᠢᠳᠠᠯ ᠎ ᠢ ᠨᠡᠩ ᠰᠠᠶᠢᠨ ᠬᠠᠳᠠᠭᠠᠯᠠᠵᠤ᠂ ᠦᠷ᠎ᠡ ᠪᠣᠶᠢᠵᠢᠭᠤᠯᠬᠤ ᠳᠤ ᠰᠠᠶᠢᠨ ᠰᠠᠭᠤᠷᠢ ᠲᠠᠯᠪᠢᠵᠤ ᠪᠠᠶᠢᠨ᠎ᠠ︾  ᠭᠡᠵᠦ ᠥᠪᠥᠷ ᠮᠣᠩᠭᠤᠯ ᠤᠨ ᠲᠡᠭᠷᠢ ᠶᠢᠨ ᠬᠡᠰᠢᠭᠲᠦ ᠪᠣᠷᠣᠳᠣᠬᠤᠢ ᠶᠢᠨ ᠦᠷ᠎ᠡ ᠡᠳ᠋ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠳᠠᠷᠤᠭ᠎ᠠ ᠭᠤᠤ ᠰᠢᠦᠢ ᠬᠡᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ