ᠱᠠᠮᠪᠠ ᠶᠢᠨ ᠨᠢᠭᠡ ᠡᠳᠦᠷ
ᠨᠡᠶᠢᠲᠡᠯᠡᠭᠰᠡᠨ ᠴᠠᠭ᠄
2023/7/27
      5 ᠰᠠᠷ᠎ᠠ ᠶᠢᠨ ᠨᠢᠭᠡᠨ ᠥᠷᠯᠥᠭᠡ᠂ ᠯᠢᠨ ᠾᠧ ᠠᠴᠠ  ᠱᠠᠮᠪᠠ ᠳᠤ ᠬᠦᠷᠪᠡ᠃ ᠪᠣᠷᠣᠳᠣᠬᠤᠢ ᠣᠷᠣᠨ ᠤ ᠨᠠᠷᠠᠲᠠᠢ  ᠱᠠᠮᠪᠠ ᠶᠢᠨ ᠮᠢᠬ᠎ᠠ ᠲᠠᠢ  ᠪᠣᠭᠤᠷᠰᠤᠭ  ᠢ ᠥᠷᠯᠥᠭᠡ ᠶᠢᠨ ᠬᠤᠭᠤᠯᠠ ᠪᠠᠷ ᠢᠳᠡᠵᠡᠢ᠃ ᠱᠠᠮᠪᠠ ᠶᠢᠨ ᠮᠢᠬ᠎ᠠ ᠲᠠᠢ  ᠪᠣᠭᠤᠷᠰᠤᠭ ᠨᠢ ᠪᠤᠰᠤᠳ ᠭᠠᠵᠠᠷ ᠤᠨ ᠬᠢ ᠲᠠᠢ ᠦᠨᠡᠬᠡᠷ ᠠᠳᠠᠯᠢ ᠦᠭᠡᠢ᠂ ᠨᠠᠷᠢᠯᠢᠭ ᠬᠢᠴᠡ ᠲᠠᠢ᠂ ᠠᠮᠲᠠ ᠰᠢᠮᠳᠠ ᠨᠢ ᠴᠦ ᠭᠦᠢᠴᠡᠳ᠂ ᠦᠨ᠎ᠡ ᠨᠢ ᠴᠦ ᠥᠨᠳᠥᠷ ᠪᠢᠰᠢ ᠶᠤᠮ᠃  ᠵᠥᠪᠬᠡᠨ ᠡᠨᠡ ᠨᠢᠭᠡ ᠴᠠᠭ ᠤᠨ ᠬᠤᠭᠤᠯᠠ ᠠᠴᠠ ᠡᠷᠲᠡᠨ ᠤ ᠪᠠᠯᠭᠠᠰᠤ ᠱᠠᠮᠪᠠ ᠶᠢᠨ ᠪᠣᠷᠣᠭᠵᠢᠭᠤᠨ ᠰᠢᠳᠤᠷᠭᠤ ᠠᠷᠠᠳ ᠤᠨ ᠵᠠᠩ ᠰᠤᠷᠲᠠᠯ ᠢ ᠬᠥᠮᠥᠰ ᠲᠤ ᠮᠡᠳᠡᠷᠡᠭᠦᠯᠵᠦ ᠪᠣᠯᠣᠨ᠎ᠠ᠃      ᠱᠠᠮᠪᠠ ᠪᠠᠯᠭᠠᠰᠤ ᠶᠢᠨ ᠪᠠᠷᠠᠭᠤᠨ ᠬᠤᠶᠢᠰᠢ 50 ᠭᠠᠷᠤᠢ  ᠺᠢᠯᠣᠮᠧᠲᠷ ᠵᠠᠶᠢᠲᠠᠢ ᠬᠤᠵᠢᠷᠲᠤ ᠨᠠᠭᠤᠷ ᠲᠤ᠂ ᠪᠢᠳᠡ ᠶᠡᠭᠡ ᠪᠠᠶᠢᠭᠠᠯᠢ ᠶᠢᠨ ᠪᠠᠷᠵᠠᠭᠠᠷ ᠪᠠ ᠨᠠᠮ ᠬᠥᠮ ᠪᠠᠶᠢᠬᠤ ᠶᠢ ᠰᠡᠷᠡᠵᠦ ᠮᠡᠳᠡᠪᠡ᠂  ᠠᠳᠡ ᠨᠢ ᠤᠯᠠᠭᠠᠨᠪᠤᠬ᠎ᠠ ᠡᠯᠡᠰᠦᠨ ᠴᠦᠯ ᠤᠨ ᠬᠦᠪᠡᠭᠡ ᠳᠠᠭᠠᠤ ᠣᠷᠣᠨ ᠪᠠᠶᠢᠵᠤ᠂ ᠨᠠᠮᠬᠠᠨ ᠡᠯᠡᠰᠦᠨ ᠲᠤᠪᠤ ᠪᠠᠷ ᠬᠦᠷᠢᠶᠡᠯᠡᠭᠳᠡᠭᠰᠡᠨ ᠨᠠᠭᠤᠷ ᠤᠨ ᠤᠰᠤ ᠪᠠᠷᠤᠭ ᠯᠠ ᠢᠷᠤᠭᠠᠷ ᠨᠢ ᠬᠠᠷᠠᠭᠳᠠᠬᠤ ᠦᠭᠡᠢ ᠪᠠᠶᠢᠵᠤ᠂ ᠬᠠᠶᠠ ᠵᠠᠷᠢᠮ ᠳᠠᠭᠠᠨ ᠨᠡᠷ᠎ᠡ ᠦᠭᠡᠢ ᠴᠠᠭᠠᠨ ᠰᠢᠪᠠᠭᠤ ᠶᠢᠨ ᠨᠢᠰᠴᠦ ᠪᠠᠭᠤᠬᠤ ᠶᠢ ᠣᠯᠵᠤ ᠬᠠᠷᠠᠨ᠎ᠠ︔ ᠪᠠᠷᠠᠭᠤᠨ ᠬᠤᠶᠢᠨ᠎ᠠ ᠳᠡᠮᠡᠢ ᠬᠤᠯᠠ ᠦᠭᠡᠢ᠂ ᠮᠤᠨᠢ ᠠᠭᠤᠯᠠ ᠰᠡᠬᠦᠶᠢᠨ ᠰᠦᠨᠳᠡᠷᠯᠡᠵᠦ᠂ ᠳᠥᠷᠪᠡᠨ ᠲᠠᠯ᠎ᠠ ᠪᠠᠷ ᠢᠶᠠᠨ ᠬᠥᠮᠥᠨ ᠠᠮᠢᠲᠠᠨ ᠴᠥᠭᠡᠨ ᠪᠠᠶᠢᠳᠠᠭ᠂ ᠲᠡᠷᠡ ᠪᠣᠯ ᠴᠡᠪᠡᠷ ᠠᠮᠢ ᠠᠬᠤᠢ ᠶᠢᠨ ᠣᠷᠴᠢᠨ ᠲᠣᠭᠤᠷᠢᠨ ᠮᠥᠨ᠂ ᠪᠣᠯᠣᠳ ᠲᠡᠮᠦᠷ ᠱᠦᠢᠨᠢ ᠶᠢᠨ ᠣᠶ ᠰᠢᠭᠤᠢ ᠳᠤ ᠤᠳᠠᠭᠠᠨ ᠰᠠᠭᠤᠭᠰᠠᠨ ᠪᠢᠳᠡ ᠲᠡᠷᠭᠡᠨ ᠠᠴᠠ ᠪᠠᠨ ᠪᠠᠭᠤᠮᠠᠭᠴᠠ ᠤᠶᠢᠳᠬᠠᠷ ᠪᠤᠬᠢᠨᠢᠳᠤᠯ ᠣᠷᠣ ᠲᠠᠰᠤ  ᠠᠷᠢᠯᠵᠤ᠂ ᠪᠡᠶ᠎ᠡ ᠰᠡᠳᠬᠢᠯ ᠤᠨ ᠭᠦᠨ ᠢ ᠨᠢ ᠬᠥᠩᠭᠡᠷᠡᠭᠦᠯᠳᠡᠭ ᠶᠤᠮ᠃ ᠰᠣᠨᠣᠰᠤᠯᠲᠠ ᠪᠠᠷ᠂ ᠶᠡᠭᠡ ᠬᠤᠵᠢᠷᠲᠤ ᠨᠠᠭᠤᠷ ᠪᠣᠯ ᠬᠠᠲᠤᠨ ᠭᠤᠣᠯ ᠤᠨ ᠵᠠᠮ ᠢ ᠥᠭᠡᠷᠡᠴᠢᠯᠡᠭᠰᠡᠨ ᠤ ᠳᠠᠷᠠᠭ᠎ᠠ ᠪᠣᠶ ᠪᠣᠯᠤᠭᠰᠠᠨ ᠶᠤᠮ᠂ ᠲᠡᠷᠡ ᠪᠣᠯ ᠭᠠᠵᠠᠷ ᠣᠷᠣᠨ ᠤ ᠠᠮᠢ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠬᠠᠩᠭᠢᠨ ᠬᠤᠶᠢᠲᠤ ᠬᠤᠰᠢᠭᠤᠨ ᠤ ᠴᠢᠨᠠᠷ ᠰᠠᠶᠢᠲᠠᠢ ᠪᠠᠶᠢᠭᠠᠯᠢ ᠶᠢᠨ ᠠᠮᠢ ᠠᠬᠤᠢ ᠶᠢᠨ ᠴᠢᠭᠢᠭᠯᠢᠭ ᠭᠠᠵᠠᠷ ᠮᠥᠨ᠃      ᠶᠡᠭᠡ ᠬᠤᠵᠢᠷᠲᠤ ᠨᠠᠭᠤᠷ ᠠᠴᠠ ᠳᠡᠮᠡᠢ ᠬᠤᠯᠠ ᠦᠭᠡᠢ᠂ ᠡᠯᠡᠰᠦᠨ ᠴᠦᠯ ᠤᠨ ᠨᠣᠭᠤᠭᠠᠨ ᠪᠦᠷᠢᠳᠦ ᠶᠢᠨ ᠨᠡᠶᠢᠲᠡᠯᠢᠭ ᠪᠠᠶᠢᠳᠠᠯ ᠢᠯᠡᠷᠡᠪᠡ᠂ ᠰᠢᠨᠵᠢᠶᠠᠩ ᠤᠨ ᠤᠯᠢᠶᠠᠰᠤ᠂ ᠤᠳᠠ ᠮᠣᠳᠣ ᠵᠢᠴᠢ ᠡᠯ᠎ᠡ ᠵᠦᠢᠯ ᠤᠨ ᠵᠢᠮᠢᠰ ᠤᠨ ᠮᠣᠳᠣ᠂ ᠨᠣᠮᠢᠨ ᠨᠣᠭᠤᠭᠠᠨ ᠬᠡᠭᠡᠷ᠎ᠡ ᠲᠠᠯ᠎ᠠ᠂ ᠤᠲᠤᠭ᠎ᠠ ᠪᠠᠭᠠᠭᠢᠭᠰᠠᠨ ᠲᠣᠰᠬᠤᠨ ᠤ ᠭᠡᠷ ᠪᠠᠶᠢᠰᠢᠩ ᠲᠡᠷᠭᠡᠨ ᠤ ᠴᠣᠩᠬᠤᠨ ᠤ ᠭᠠᠳᠠᠨ᠎ᠠ ᠠᠴᠠ ᠵᠢᠷᠤᠭ ᠰᠢᠭ᠋ ᠠᠯᠭᠤᠷᠬᠠᠨ ᠳᠡᠯᠭᠡᠭᠳᠡᠨ᠎ᠡ᠃ ᠲᠦᠷ ᠵᠠᠭᠤᠷ᠎ᠠ ᠶᠢᠨ ᠳᠠᠷᠠᠭ᠎ᠠ᠂ ᠭᠡᠨᠡᠳᠲᠡ ᠪᠣᠰᠣᠭᠰᠠᠨ ᠬᠡᠳᠦᠨ ᠠᠪᠤᠷᠭᠤ ᠶᠡᠭᠡ ᠡᠯᠡᠰᠦᠨ ᠳᠣᠪᠤ ᠠᠰ ᠡᠮᠦᠨ᠎ᠡ ᠨᠢ ᠢᠯᠡᠷᠡᠵᠦ᠂ ᠡᠯᠡᠰᠦᠨ ᠳᠣᠪᠤ ᠳᠡᠭᠡᠷ᠎ᠡ ᠵᠤᠭᠠᠴᠠᠭᠰᠠᠳ ᠤᠨ ᠡᠯᠡᠰᠦᠨ ᠴᠥᠯ ᠤᠨ ᠮᠣᠲ᠋ᠣᠷ ᠢ ᠤᠨᠤᠵᠤ ᠳᠠᠪᠬᠢᠵᠤ ᠪᠠᠶᠢᠬᠤ ᠶᠢ ᠪᠦᠷᠦᠭ ᠪᠠᠷᠤᠭ ᠣᠯᠵᠤ ᠬᠠᠷᠠᠨ᠎ᠠ᠃ ᠣᠶᠢᠷ᠎ᠠ ᠎ ᠠᠴᠠ ᠬᠠᠷᠠᠬᠤ ᠳᠤ᠂ ᠡᠯᠡᠰᠦᠨ ᠳᠣᠪᠤ ᠳᠣᠣᠷ᠎ᠠ ᠨᠢ ᠵᠣᠬᠢᠶᠠᠮᠠᠯ ᠨᠠᠭᠤᠷ ᠪᠠᠶᠢᠳᠠᠭ᠃ ᠠᠳᠡ ᠪᠣᠯ ᠨᠢᠭᠡᠨ ᠲᠥᠬᠦᠭᠡᠷᠦᠮᠵᠢ ᠪᠦᠷᠢᠨ ᠲᠥᠬᠦᠷ ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠬᠤ ᠶᠢ ᠨᠢᠭᠡ ᠴᠣᠭᠴᠠᠵᠢᠭᠤᠯᠤᠭᠰᠠᠨ ᠤᠳᠤᠨ ᠳᠡᠰ ᠤᠨ ᠵᠤᠭᠠᠴᠠᠯ ᠤᠨ ᠦᠵᠡᠮᠵᠢ ᠶᠢᠨ ᠣᠷᠣᠨ - ᠤᠯᠠᠭᠠᠨᠪᠤᠬ᠎ᠠ ᠱᠠ ᠬᠠᠢ ᠨᠠᠭᠤᠷ ᠤᠨ ᠵᠤᠭᠠᠴᠠᠯ ᠤᠨ ᠣᠷᠣᠨ ᠪᠣᠯᠣᠨ᠎ᠠ᠃ ᠡᠭᠦᠨ ᠠᠴᠠ ᠵᠡᠭᠦᠨ ᠡᠮᠦᠨᠡᠰᠢ᠂ ᠥᠩ ᠰᠢᠮᠡᠯᠢᠭ ᠬᠡᠭᠡᠷ᠎ᠡ ᠲᠠᠯ᠎ᠠ ᠵᠦᠭ ᠠᠴᠠ ᠦᠵᠦᠭᠦᠷ ᠬᠢᠵᠠᠭᠠᠷ ᠨᠢ ᠬᠠᠷᠠᠭᠳᠠᠬᠤ ᠦᠭᠡᠢ ᠪᠣᠯᠪᠠ᠃      ᠰᠢᠶᠣᠣ ᠲᠢᠶᠠᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠨᠢ ᠬᠠᠩᠭᠢᠨ ᠬᠤᠶᠢᠲᠤ ᠬᠤᠰᠢᠭᠤᠨ ᠤ ᠲᠧᠦ ᠳ᠋ᠣᠣ ᠴᠢᠶᠣᠤ ᠪᠠᠯᠭᠠᠰᠤᠨ ᠳᠤ ᠪᠤᠢ᠂ ᠮᠠᠨ ᠤ ᠦᠳᠡ ᠳᠤ ᠬᠤᠭᠤᠯᠠ ᠢᠳᠡᠬᠦ ᠭᠠᠵᠠᠷ ᠪᠣᠯᠣᠨ᠎ᠠ᠃  ᠰᠢᠶᠣᠣ ᠲᠢᠶᠠᠨ ᠲᠠᠷᠢᠶᠠᠯᠠᠩ ᠪᠣᠯ ᠤᠯᠠᠷᠢᠯ ᠰᠥᠷᠬᠦ ᠵᠢᠮᠢᠰ᠂ ᠰᠡᠯᠡᠭᠦᠴᠡᠨ ᠲᠡᠭᠦᠬᠦ᠂ ᠵᠤᠭᠠᠴᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠣᠨ᠎ᠠ᠃ ᠬᠦᠷᠢᠶᠡᠯᠡᠩ ᠲᠣᠭᠤᠷᠢᠭ ᠤᠨ ᠬᠢᠨ ᠰᠠᠷᠠᠪᠴᠢᠨ ᠳᠡᠭᠡᠷᠡᠬᠢ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠰᠠᠷᠠᠪᠴᠢᠨ ᠳᠣᠣᠷᠠᠬᠢ ᠲᠥᠬᠦᠭᠡᠷᠦᠮᠵᠢᠲᠦ ᠲᠠᠷᠢᠶᠠᠯᠠᠩ ᠤᠨ ᠵᠠᠭᠪᠤᠷ ᠢ ᠬᠡᠷᠡᠭᠯᠡᠨ᠂ ᠬᠤᠪᠣᠷ ᠴᠤᠬᠠᠭ ᠵᠢᠮᠢᠰ ᠢ ᠣᠷᠣᠭᠤᠯᠤᠨ ᠠᠪᠴᠢᠷᠠᠵᠤ ᠳᠠᠷᠢᠵᠤ᠂ ᠲᠣᠰᠬᠤᠨ ᠤ ᠠᠷᠠᠳ ᠲᠠᠢ ᠬᠠᠮᠲᠤ ᠪᠠᠷ ᠡᠵᠡᠩᠨᠡᠵᠦ᠂ ᠣᠬᠤᠷᠬᠠᠨ 5 ᠵᠢᠯ ᠤᠨ ᠬᠤᠭᠤᠴᠠᠭᠠᠨ ᠳᠤ᠂ ︽ᠬᠤᠷᠰᠢᠶ᠎ᠠ ᠳᠠᠭᠠᠭᠤᠯᠤᠨ ᠡᠷᠭᠢᠯᠡᠬᠦ᠂ ᠲᠠᠷᠢᠶᠠᠴᠢᠳ ᠬᠦᠴᠦ ᠶᠠᠪᠤᠬᠤ᠂ ᠦᠷ᠎ᠡ ᠠᠰᠢᠭ ᠢᠶᠠᠨ ᠬᠤᠪᠢᠶᠠᠯᠴᠠᠨ ᠡᠳ᠋ᠯᠡᠬᠦ︾ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠵᠠᠮ ᠢᠶᠠᠷ ᠵᠠᠮᠨᠠᠵᠤ᠂ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠥᠯᠢᠭᠡᠷ ᠵᠢᠱᠢᠶ᠎ᠡ ᠪᠣᠯᠤᠭᠰᠠᠨ ᠪᠠᠶᠢᠨ᠎ᠠ᠃      ᠨᠢᠭᠡ ᠭᠠᠵᠠᠷ ᠤᠨ ᠬᠠᠯᠠᠭᠤᠨ ᠬᠥᠷᠥᠰᠥᠨ ᠳᠤ ᠠᠶᠠᠨᠳᠠᠭᠠᠨ ᠬᠥᠭᠵᠢᠨ ᠴᠡᠴᠡᠭᠯᠡᠬᠦ ᠦᠷ᠎ᠡ ᠳ᠋ᠦᠩ ᠭᠠᠷᠤᠨ᠎ᠠ᠃      ᠥᠷᠯᠥᠭᠡ ᠡᠷᠲᠡ ᠭᠡᠷ ᠠᠴᠠ ᠪᠠᠨ ᠭᠠᠷᠬᠤ ᠳᠤ ᠡᠬᠡᠨᠡᠷ ᠨᠢ ᠣᠯᠠᠨᠲᠠ ᠨᠣᠷᠱᠣᠵᠤ᠂ ᠪᠤᠴᠠᠵᠤ ᠢᠷᠡᠬᠦ ᠳᠡᠭᠡᠨ  ᠱᠠᠮᠪᠠ ᠶᠢᠨ ᠰᠢᠬᠢᠷ ᠣᠯᠣᠰᠤᠨ ᠨᠠᠪᠴᠢ ᠶᠢ ᠠᠪᠴᠢᠷᠠᠬᠤ ᠪᠠᠨ ᠪᠢᠲᠡᠭᠡᠢ ᠮᠠᠷᠲᠠᠭᠠᠷᠠᠢ᠃ ᠦᠳᠡ ᠶᠢᠨ ᠬᠤᠶᠢᠨᠠᠬᠢ 3 ᠴᠠᠭ ᠤᠨ ᠦᠶ᠎ᠡ ᠪᠠᠷ᠂ ᠪᠢᠳᠡ  ᠱᠠᠮᠪᠠ ᠪᠠᠯᠭᠠᠰᠤᠨ ᠳᠤ ᠪᠤᠴᠠᠵᠤ ᠸᠠᠩ ᠯᠢ ᠫᠢᠩ ᠤᠨ ᠬᠠᠭᠤᠷᠠᠢ ᠪᠠᠷᠠᠭᠠᠨ ᠤ ᠳᠡᠯᠭᠡᠭᠦᠷ ᠲᠤ ᠬᠦᠷᠪᠡ᠃ ᠳᠡᠯᠭᠡᠭᠦᠷ ᠠᠴᠠ ᠠᠳᠠᠭ ᠪᠠᠭ᠎ᠠ ᠳᠠᠭᠠᠨ 50 ᠮᠧᠲᠷ ᠵᠠᠶᠢᠲᠠᠢ ᠪᠠᠶᠢᠬᠤ ᠦᠶ᠎ᠡ ᠳᠤ᠂ ᠨᠠᠳᠠ ᠳᠤ ᠨᠢᠭᠡ ᠵᠦᠢᠯ ᠤᠨ ᠠᠮᠲᠠᠲᠠᠶᠢᠬᠠᠨ ᠦᠨᠦᠷ ᠦᠨᠦᠷᠲᠦᠭᠳᠡᠪᠡ᠂ ᠲᠡᠷᠡ ᠦᠨᠦᠷ ᠨᠢ ᠳᠡᠯᠭᠡᠭᠦᠷ ᠠᠴᠠ ᠬᠡᠳᠦᠢ ᠣᠶᠢᠷ᠎ᠠ ᠪᠣᠯ ᠲᠡᠳᠦᠢ ᠥᠳᠬᠡᠨ ᠪᠤᠯᠳᠠᠭ᠂ ᠳᠡᠯᠭᠡᠭᠦᠷ ᠲᠤ ᠣᠷᠣᠵᠤ ᠢᠷᠡᠭᠰᠡᠨ ᠤ ᠲᠠᠷᠠᠭ᠎ᠠ᠂ ᠪᠦᠬᠦ ᠪᠡᠶ᠎ᠡ ᠪᠦᠷ ᠰᠠᠶᠢᠬᠠᠨ ᠦᠨᠦᠷ ᠲᠤ ᠬᠦᠷᠢᠶᠡᠯᠡᠭᠳᠡᠴᠢᠬᠡᠳᠡᠭ ᠪᠠᠶᠢᠯ᠎ᠠ᠃ ᠡᠨᠡ ᠬᠦ ᠠᠮᠲᠠ ᠶᠢᠨ ᠦᠨᠦᠷ ᠨᠢ ᠳᠡᠯᠭᠡᠭᠦᠷ ᠠᠴᠠ ᠬᠡᠳᠦᠢ ᠣᠶᠢᠷᠠᠬᠠᠨ ᠪᠣᠯ ᠲᠡᠳᠦᠢ ᠥᠳᠬᠡᠨ ᠪᠤᠯᠲᠠᠭ᠂ ᠳᠡᠯᠭᠡᠭᠦᠷ ᠲᠤ ᠣᠷᠣᠵᠤ ᠢᠷᠡᠭᠰᠡᠨ ᠤ ᠲᠠᠷᠠᠭ᠎ᠠ ᠬᠥᠮᠥᠰ ᠢ ᠪᠦᠷ ᠠᠮᠲᠠᠲᠠᠶᠢᠬᠠᠨ ᠦᠨᠦᠷ ᠠᠮᠲᠠ ᠲᠠᠢ ᠪᠣᠯᠭᠠᠴᠢᠬᠠᠨ᠎ᠠ᠃      ᠸᠠᠩ ᠯᠢ ᠫᠢᠩ ᠤᠨ ᠬᠠᠭᠤᠷᠠᠢ ᠪᠠᠷᠠᠭᠠᠨ ᠤ ᠳᠡᠯᠭᠡᠭᠦᠷ ᠪᠣᠯ ᠲᠤᠬᠠᠢ ᠶᠢᠨ ᠭᠠᠵᠠᠷ ᠤᠨ ᠡᠨᠡ ᠠᠵᠢᠯ ᠲᠥᠷᠥᠯ ᠤᠨ ᠭᠠᠷᠮᠠᠭᠠᠢ ᠬᠥᠮᠥᠰ ᠪᠠᠶᠢᠵᠤ᠂ ᠬᠠᠭᠤᠷᠠᠢ ᠪᠠᠷᠠᠭᠠᠨ ᠤ ᠢᠳᠡᠭᠡᠨ ᠤ ᠲᠥᠷᠥᠯ ᠵᠦᠢᠯ ᠮᠠᠰᠢ ᠣᠯᠠᠨ ᠪᠠᠶᠢᠵᠤ᠂ ᠢᠯᠠᠩᠭᠤᠶ᠎ᠠ ᠲᠡᠳᠡᠨ ᠤ ᠭᠡᠷ ᠤᠨ ᠰᠢᠬᠢᠷ ᠣᠯᠣᠰᠤᠨ ᠨᠠᠪᠴᠢ ᠨᠢ ᠠᠯᠢ ᠬᠡᠳᠦᠶᠢᠨ ᠨᠡᠷ᠎ᠡ ᠠᠯᠳᠠᠷᠰᠢᠭᠰᠠᠨ ᠶᠤᠮ᠃ ᠬᠡᠳᠦᠶᠢᠪᠡᠷ ᠦᠳᠡ ᠶᠢᠨ ᠬᠤᠭᠤᠯᠠ ᠪᠠᠨ ᠢᠳᠡᠵᠦ ᠪᠠᠷᠠᠭᠠᠳ ᠰᠠᠶ᠋ᠢ ᠬᠠᠭᠠᠰ ᠴᠠᠭ ᠭᠠᠷᠤᠶᠢᠬᠠᠨ ᠪᠣᠯᠤᠭᠰᠠᠨ ᠪᠣᠯᠪᠠᠴᠤ᠂ ᠠᠩᠬᠢᠯᠤᠮ᠎ᠠ ᠰᠠᠶᠢᠬᠠᠨ ᠦᠨᠦᠷ ᠬᠠᠩᠬᠤᠯᠤᠭᠰᠠᠨ ᠰᠢᠬᠢᠷᠯᠢᠭ ᠣᠯᠣᠰᠤᠨ ᠨᠠᠪᠴᠢ ᠶᠢᠨ ᠡᠮᠦᠨ᠎ᠡ᠂ ᠤᠯᠠᠨ ᠢᠶᠠᠷ ᠢᠶᠠᠨ ᠪᠠᠰᠠ ᠳᠤᠷ᠎ᠠ ᠪᠠᠬ᠎ᠠ ᠶᠢ ᠲᠠᠲᠠᠵᠤ ᠳᠡᠶᠢᠯᠬᠦ ᠦᠭᠡᠢ ᠪᠣᠯᠬᠤ ᠶᠢᠨ ᠤᠯᠠᠮ ᠠᠴᠠ ᠪᠠᠶᠠᠷ ᠪᠠᠶᠠᠰᠬᠤᠯᠠᠩ ᠲᠠᠢ ᠪᠣᠯᠵᠤ ᠡᠬᠢᠯᠡᠳᠡᠭ᠃      ᠪᠢᠳᠡᠨ ᠤ ᠬᠠᠮᠤᠭ ᠰᠡᠭᠦᠯᠴᠢ ᠶᠢᠨ ᠥᠷᠲᠡᠭᠡ ᠪᠣᠯ ᠷᠦᠩ ᡁᠢ ᠶᠢᠨ ᠨᠡᠷᠡᠭᠰᠡᠨ ᠠᠷᠠᠰᠤ ᠪᠣᠯᠣᠨ᠎ᠠ᠃ ᠣᠯᠠᠨ ᠵᠢᠯ ᠤᠨ ᠬᠥᠭᠵᠢᠯᠲᠡ ᠪᠠᠷ ᠳᠡᠮᠵᠢᠨ᠂ ᠷᠦᠩ ᠵᠢᠢ ᠨᠡᠷᠡᠭᠰᠡᠨ ᠠᠷᠠᠰᠤ ᠨᠢ ᠨᠢᠭᠡᠨᠲᠡ ᠦᠢᠯᠡᠳᠪᠦᠷᠢᠵᠢᠭᠰᠡᠨ ᠦᠢᠯᠡᠳᠪᠦᠷᠢᠯᠡᠯ ᠤᠨ ᠬᠡᠪᠴᠢᠶ᠎ᠡ ᠲᠠᠢ ᠪᠣᠯᠵᠠᠢ᠃ ᠠᠷᠠᠰᠤ ᠨᠡᠷᠡᠬᠦ ᠪᠣᠯ ᠪᠠᠶᠠᠨᠨᠠᠭᠤᠷ ᠤᠨ ᠬᠥᠮᠥᠰ ᠤᠨ ᠰᠠᠯᠵᠤ ᠪᠣᠯᠣᠰᠢ ᠦᠭᠡᠢ ᠠᠮᠲᠠᠲᠤ ᠢᠳᠡᠭᠡᠨ ᠶᠤᠮ᠃ ᠣᠯᠠᠨ ᠵᠢᠯ ᠤᠨ ᠡᠮᠦᠨ᠎ᠡ᠂ ᠪᠠᠶᠠᠨᠨᠠᠭᠤᠷ ᠤᠨ ᠬᠥᠮᠥᠰ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠲᠡᠭᠡᠨ ᠠᠷᠠᠰᠤ ᠨᠡᠷᠡᠵᠦ᠂ ᠠᠮᠲᠠ ᠣᠷᠣᠭᠤᠯᠬᠤ ᠡᠳ᠋ ᠪᠠ ᠠᠷᠠᠰᠤ ᠨᠡᠷᠡᠬᠦ ᠳᠤ ᠬᠡᠷᠡᠭᠯᠡᠬᠦ ᠢᠳᠡᠭᠡᠨ ᠤ ᠤᠭᠤᠲᠠ ᠶᠢ ᠯᠠ ᠰᠠᠯᠭᠠᠵᠤ ᠪᠣᠭᠤᠳᠠᠯᠯᠠᠳᠠᠭ ᠪᠣᠯᠬᠤᠷ ᠠᠪᠴᠤ ᠶᠠᠪᠤᠬᠤ ᠳᠤ ᠳᠥᠭᠦᠮ ᠦᠭᠡᠢ ᠮᠥᠷᠲᠡᠭᠡᠨ ᠰᠢᠨ᠎ᠡ ᠰᠣᠷᠭᠤᠭ ᠢᠶᠠᠷ ᠬᠠᠳᠠᠭᠠᠯᠠᠬᠤ ᠳᠤ ᠴᠤ ᠪᠡᠷᠬᠡ ᠪᠠᠶᠢᠪᠠ᠃ 40 ᠵᠢᠯ ᠨᠡᠷᠡᠭᠰᠡᠨ ᠠᠷᠠᠰᠤ ᠬᠤᠳᠠᠯᠳᠤᠭᠰᠠᠨ ᠷᠦᠩ ᠵᠢᠢ ᠨᠡᠷᠡᠭᠰᠡᠨ ᠠᠷᠠᠰᠤ ᠨᠢ ᠳᠤᠮᠳᠠ ᠎ ᠠᠴᠠ ᠨᠢ ᠬᠤᠳᠠᠯᠳᠤᠭᠠᠨ ᠤ ᠲᠣᠬᠢᠶᠠᠯ ᠎ ᠢ ᠢᠯᠡᠷᠡᠭᠦᠯᠵᠦ᠂ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠦᠢᠯᠡᠳᠪᠦᠷᠢᠯᠡᠭᠰᠡᠨ ᠪᠥᠭᠡᠳ SC ᠭᠡᠷᠡᠴᠢᠯᠡᠯ ᠎ ᠢ ᠣᠯᠵᠤ᠂ ᠨᠡᠷᠡᠭᠰᠡᠨ ᠬᠠᠯᠢᠰᠤ ᠎ ᠶᠢ ᠴᠡᠪᠡᠷ ᠬᠤᠭᠤᠰᠤᠨ ᠬᠠᠶᠢᠷᠴᠠᠭ ᠲᠤ ᠰᠠᠪᠠᠯᠠᠵᠤ᠂ ᠤᠲᠠᠰᠤ ᠪᠠᠷ ᠳᠠᠮᠵᠢᠭᠤᠯᠤᠨ ᠪᠦᠬᠦ ᠤᠯᠤᠰ ᠲᠤ ᠶᠠᠪᠤᠭᠤᠯᠤᠭᠰᠠᠨ ᠪᠠᠶᠢᠨ᠎ᠠ᠃      ᠬᠡᠳᠦᠶᠢᠪᠡᠷ ᠣᠬᠤᠷᠬᠠᠨ ᠨᠢᠭᠡ ᠡᠳᠦᠷ᠂ ᠬᠡᠳᠦᠶᠢᠪᠡᠷ ᠶᠠᠭᠠᠷᠠᠤ ᠰᠠᠨᠳᠤᠷᠤᠤ᠂ ᠬᠡᠳᠦᠶᠢᠪᠡᠷ ᠬᠡᠢ ᠬᠤᠭᠤᠰᠤᠨ ᠪᠣᠯᠪᠠᠴᠤ᠂ ᠱᠠᠨᠰᠢ ᠬᠠᠰᠢᠯᠭ᠎ᠠ ᠨᠢ ᠶᠠᠭ ᠱᠠᠨᠰᠢ ᠬᠠᠰᠢᠯᠭ᠎ᠠ ᠶᠢᠨ ᠠᠮᠲᠠᠲᠤ ᠢᠳᠡᠭᠡᠨ ᠰᠢᠭ᠂ ᠬᠥᠮᠥᠰ ᠤᠨ ᠰᠡᠳᠬᠢᠯ ᠢ ᠭᠦᠨ ᠬᠠᠳᠠᠩᠰᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ