ᠳ᠋ᠧᠩᠺᠸᠦ ᠎ ᠶᠢᠨ  ᠸᠣᠯᠯᠢᠰ ᠤᠨ ᠪᠠᠶᠠᠷ ᠤᠨ ᠡᠳᠦᠷ ᠭᠠᠯ ᠬᠠᠯᠠᠭᠤᠨ ᠡᠬᠢᠯᠡᠯ᠎ᠡ
ᠨᠡᠶᠢᠲᠡᠯᠡᠭᠰᠡᠨ ᠴᠠᠭ᠄
2023/7/27
      ᠣᠶᠢᠷ᠎ᠠ ᠳᠤ᠂ ︽ᠠᠵᠤ ᠦᠢᠯᠡᠰ ᠤᠨ ᠲᠥᠪᠯᠡᠷᠡᠯ᠂ ᠳ᠋ᠧᠩᠺᠸᠦ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠨ᠎ᠡ︔ ᠰᠣᠶᠣᠯ ᠵᠢᠭᠤᠯᠴᠢᠯᠠᠯ ᠳᠤ ᠴᠢᠳᠠᠪᠤᠷᠢ ᠣᠯᠭᠤᠵᠤ᠂ ᠵᠠᠭᠤᠨ ᠨᠠᠭᠤᠷ ᠤᠨ ᠨᠤᠲᠤᠭ ᠤᠨ ᠰᠢᠨ᠎ᠡ ᠳᠠᠪᠠᠯᠲᠠ ᠳᠤ ᠬᠦᠴᠦᠨ ᠨᠡᠮᠡᠷᠢᠯᠡᠶ᠎ᠡ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠳ᠋ᠧᠩᠺᠸᠦ ᠰᠢᠶᠠᠨ ᠤ 31  ᠬᠤᠭᠤᠴᠠᠭᠠᠨ ᠤ  ᠸᠣᠯᠯᠢᠰ ᠤᠨ ᠪᠠᠶᠠᠷ ᠳ᠋ᠧᠩᠺᠸᠦ ᠶᠢᠨ ᠹᠦ᠋ ᠶᠤᠸᠠᠨ ᠲᠠᠯᠠᠪᠠᠶ ᠳᠤ ᠡᠬᠢᠯᠡᠪᠡ᠃      ᠲᠤᠰ ᠬᠤᠭᠤᠴᠠᠭᠠᠨ ᠤ ᠸᠣᠯᠯᠢᠰ  ᠤᠨ ᠪᠠᠶᠠᠷ 8 ᠰᠠᠷ᠎ᠠ ᠶᠢᠨ 10 ᠎ ᠤ ᠡᠳᠦᠷ ᠪᠣᠯᠲᠠᠯ᠎ᠠ ᠦᠷᠭᠦᠯᠵᠢᠯᠡᠵᠦ᠂ 24 ᠡᠳᠦᠷ ᠶᠠᠪᠤᠭᠳᠠᠨ᠎ᠠ᠂ ᠡᠬᠢᠯᠡᠯᠲᠡ ᠶᠢᠨ ᠶᠣᠰᠣᠯᠠᠯ ᠤᠷᠠᠯᠢᠭ ᠤᠨ ᠲᠣᠭᠯᠠᠯᠲᠠ ᠂  ᠸᠣᠯᠯᠢᠰ ᠤᠨ ᠦᠨᠡᠯᠡᠯᠲᠡ᠂ ᠯᠤᠤᠲᠤ ᠣᠩᠭᠤᠴᠠᠨ ᠤ ᠤᠷᠤᠯᠳᠤᠭᠠᠨ᠂ ᠠᠮᠲᠠᠲᠤ ᠢᠳᠡᠭᠡᠨ ᠤ ᠦᠵᠡᠰᠬᠦᠯᠡᠩ ᠵᠡᠷᠭᠡ ᠠᠴᠠ ᠭᠠᠳᠠᠨ᠎ᠠ᠂ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠲᠠᠨᠢᠯᠴᠠᠭᠤᠯᠬᠤ ᠴᠤᠭᠯᠠᠭᠠᠨ ᠵᠢᠴᠢ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ  ᠤᠨ ᠪᠦᠲᠦᠭᠡᠯ ᠤᠨ ᠦᠵᠡᠰᠬᠦᠯᠡᠩ᠂ ᠵᠤᠭᠠᠴᠠᠯ ᠤᠨ ᠵᠠᠮ ᠱᠤᠭᠤᠮ ᠢ ᠳᠡᠯᠭᠡᠷᠡᠭᠦᠯᠦᠨ ᠪᠡᠶᠡᠴᠢᠯᠡᠨ ᠣᠶᠢᠯᠠᠭᠠᠬᠤ᠂ ᠵᠢᠭᠠᠰᠤ ᠭᠥᠬᠢᠳᠡᠬᠦ ᠤᠷᠤᠯᠳᠤᠭᠠᠨ᠂ ᠺᠠᠳ᠋ᠷ ᠠᠵᠢᠯᠲᠠᠨ ᠤ ᠲᠠᠮᠢᠷ ᠤᠨ ᠴᠤᠭᠯᠠᠭᠠᠨ᠂ ᠨᠠᠷᠢᠨ ᠨᠠᠭᠤᠷ ᠤᠨ ᠵᠢᠭᠠᠰᠤ ᠠᠩᠨᠠᠬᠤ ᠭᠠᠯ  ᠤᠨ ᠨᠠᠶᠢᠷ ᠵᠡᠷᠭᠡ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠪᠤᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ