ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠡᠷᠭᠢᠯᠡᠭᠴᠢ | ᠰᠢ ᠶᠢᠨ ᠫᠢᠩ 7 ᠰᠠᠷ᠎ᠠ ᠶᠢᠨ 20 ᠤ ᠦᠳᠡ ᠶᠢᠨ ᠬᠤᠶᠢᠨ᠎ᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠴᠢᠩᠭᠠᠳᠬᠠᠬᠤ ᠵᠡᠷᠭᠡ | ᠠᠰᠠᠭᠤᠳᠠᠯ ᠢ ᠰᠤᠳᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ | ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠂ ᠲᠠᠷᠢᠶᠠᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠤᠳᠣᠯᠭ᠎ᠠ ᠶᠢ ᠨᠠᠶᠢᠳᠠᠪᠤᠷᠢᠵᠢᠭᠤᠯᠵᠤ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠵᠠᠢ ᠶᠢ | ᠲᠣᠭᠲᠠᠭᠤᠨ ᠢᠶᠠᠷ ᠥᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ | ᠭᠡᠰᠢᠭᠦᠨ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠠᠢ᠃ | ᠬᠤᠷᠠᠯ ᠠᠴᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠬᠤᠷᠢᠶ᠎ᠠ ᠶᠢᠨ ᠠᠯᠪᠠᠨ ᠭᠡᠷ ︵ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠠᠷᠢᠶᠠᠨ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ | ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠮᠠᠨ ᠤ ᠨᠠᠮ ᠲᠠᠷᠢᠶᠠᠨ ᠭᠠᠵᠠᠷ ᠢ ᠬᠠᠮᠠᠭᠠᠯᠠᠬᠤ ᠠᠰᠠᠭᠤᠳᠠᠯ ᠢ ᠢᠮᠠᠭᠲᠠ ᠳᠡᠭᠡᠳᠦ ᠭᠡᠮᠵᠢᠶ᠎ᠡ ᠪᠠᠷ ᠴᠢᠬᠤᠯᠠᠴᠢᠯᠠᠭᠰᠠᠭᠠᠷ ᠢᠷᠠᠵᠡᠢ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠷᠢᠳ ᠬᠤᠵᠢᠳ ᠠᠯᠢ ᠣᠯᠠᠨ ᠬᠠᠲᠠᠭᠤ ᠠᠷᠭ᠎ᠠ ᠭᠡᠮᠵᠢᠶ᠎ᠡ ᠶᠢ ᠬᠡᠷᠡᠭᠵᠢᠭᠦᠯᠵᠦ᠂ | ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠶᠢ ᠠᠩᠬ᠎ᠠ ᠠᠯᠬᠤᠮ | ᠬᠤᠷᠢᠭᠯᠠᠪᠠ᠃ ᠡᠭᠦᠨ ᠤ ᠵᠡᠷᠭᠡ ᠪᠠᠷ᠂ ᠮᠠᠨ ᠤ ᠤᠯᠤᠰ ᠤᠨ ᠬᠦᠮᠦᠨ ᠣᠯᠠᠨ ᠭᠠᠵᠠᠷ ᠪᠠᠭ᠎ᠠ ᠪᠠᠶᠢᠬᠤ ᠤᠯᠤᠰ ᠤᠨ ᠪᠠᠶᠢᠳᠠᠯ ᠬᠤᠪᠢᠷᠠᠭ᠎ᠠ ᠦᠭᠡᠢ᠂ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾᠂ ︽ᠲᠠᠷᠢᠶᠠᠯᠠᠩ ᠤᠨ ᠪᠤᠰᠤ ᠪᠤᠯᠭᠠᠬᠤ︾ ᠠᠰᠠᠭᠤᠳᠠᠯ ᠮᠥᠨ ᠳᠣᠪᠤᠶᠢᠮ᠎ᠠ ᠪᠠᠶᠢᠵᠤ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠰᠠᠬᠢᠬᠤ ᠰᠠᠭᠤᠷᠢ ᠬᠠᠷᠠᠬᠠᠨ ᠪᠠᠲᠤ ᠪᠠᠬᠢ ᠪᠢᠰᠢ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠥᠷᠢ ᠪᠠᠰᠠ ᠮᠠᠰᠢ | ᠣᠯᠠᠨ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠬᠥᠩᠭᠡᠷᠡᠭᠰᠡᠨ | ᠦᠭᠡᠢ᠂ ᠬᠠᠷᠢᠨ ᠨᠡᠩ ᠬᠠᠲᠠᠭᠤ ᠪᠡᠷᠬᠡ ᠪᠣᠯᠵᠠᠢ᠃ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ | ᠪᠠᠷᠢᠮᠲᠠᠯᠠᠵᠤ᠂ ᠵᠢᠮ᠎ᠡ ᠶᠣᠰᠣ ᠶᠢ ᠭᠦᠨᠳᠦᠳᠭᠡᠵᠦ᠂ ᠬᠠᠨᠳᠤᠰᠢ ᠳᠤᠨᠢ ᠲᠣᠬᠢᠷᠠᠭᠤᠯᠤᠨ ᠬᠥᠲᠥᠯᠥᠨ ᠵᠢᠯᠤᠭᠤᠳᠴᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠲᠠᠷᠢᠶᠠᠨ ᠭᠠᠵᠠᠷ ᠢ ᠬᠠᠮᠠᠭᠠᠯᠠᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ | ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠣᠪᠤᠶᠢᠯᠭᠠᠨ | ᠰᠠᠶᠢᠲᠤᠷ ᠡᠵᠡᠮᠳᠡᠵᠦ᠂ ᠴᠢᠩᠭ᠎ᠠ ᠬᠠᠲᠠᠭᠤ ᠪᠣᠳᠠᠲᠠᠢ ᠠᠷᠭ᠎ᠠ ᠶᠢ ᠤᠯᠠᠮ ᠴᠢᠨᠠᠭᠰᠢᠳᠠ ᠬᠡᠷᠡᠭᠯᠡᠬᠦ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠣᠳᠣᠷᠬᠠᠶᠢᠯᠠᠭᠰᠠᠨ ᠲᠠᠷᠢᠶᠠᠨ | ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ 18 ᠳ᠋ᠦᠩᠰᠢᠭᠤᠷ ᠮᠦ ᠲᠠᠷᠢᠶᠠᠨ ᠭᠠᠵᠠᠷ ᠤᠨ | ᠤᠯᠠᠭᠠᠨ ᠱᠤᠭᠤᠮ ᠢ ᠶᠠᠭᠠᠬᠢᠭᠰᠠᠨ ᠴᠤ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠲᠠᠷᠢᠶᠠᠯᠠᠬᠤ ᠳᠤ ᠲᠣᠬᠢᠷᠠᠮᠵᠢᠲᠠᠢ᠂ | ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ | ᠪᠦᠲᠦᠭᠡᠨ ᠪᠠᠶᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ | ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠭᠰᠡᠨ ᠪᠣᠯ ᠨᠥᠬᠦᠪᠦᠷᠢᠯᠡᠵᠦ ᠲᠡᠩᠴᠡᠭᠦᠷᠢᠲᠡᠢ ᠪᠠᠶᠢᠯᠭᠠᠬᠤ ᠳᠦᠷᠢᠮ ᠳᠤ ᠨᠢᠭᠡᠳᠦᠯᠲᠡᠢ ᠣᠷᠣᠭᠤᠯᠵᠤ᠂ ︽ | ᠨᠥᠬᠦᠪᠦᠷᠢᠯᠡᠬᠦ ᠪᠠᠷ ᠡᠵᠡᠯᠡᠬᠦ ᠶᠢ ᠲᠣᠭᠲᠠᠭᠠᠬᠤ︾ ᠶᠢ ᠪᠠᠷᠢᠮᠲᠠᠯᠠᠨ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ ᠪᠦᠷᠢᠨᠰᠢᠭᠦᠯᠦᠨ | ᠨᠥᠬᠦᠪᠦᠷᠢᠯᠡᠬᠦ ᠬᠡᠷᠡᠭᠲᠡᠢ᠃ ᠲᠠᠷᠢᠶᠠᠴᠢᠳ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭ᠎ᠠ ᠲᠠᠷᠢᠵᠤ ᠠᠮᠤ | ᠪᠤᠳᠠᠭ᠎ᠠ ᠶᠢ ᠠᠳᠬᠤᠬᠤ ᠢᠳᠡᠪᠬᠢᠵᠢᠯ ᠢ ᠲᠠᠶᠢᠴᠢᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ᠂ | ᠣᠯᠠᠨ ᠵᠦᠢᠯ ᠤᠨ ᠬᠡᠯᠪᠡᠷᠢ ᠶᠢᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ | ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠤᠷᠣᠯᠠᠭᠤᠯᠭ᠎ᠠ ᠶᠢᠨ ᠣᠷᠣᠨ᠂ | ᠦᠢᠯᠡᠳᠪᠦᠷᠢᠯᠡᠯ ᠪᠤᠷᠣᠯᠠᠭᠤᠯᠭ᠎ᠠ ᠲᠡᠩᠴᠡᠭᠦᠷᠢᠲᠡᠢ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠮᠲᠤᠷᠠᠯ ᠬᠦᠴᠦᠨ ᠢ ᠪᠤᠢ ᠪᠤᠯᠭᠠᠬᠤ ᠬᠡᠷᠡᠭᠲᠡᠢ᠃ | ᠠᠲᠠᠷᠰᠢᠭᠤᠯᠤᠭᠰᠠᠨ ᠭᠠᠵᠠᠷ ᠢ ᠵᠠᠰᠠᠬᠤ ᠶᠢ ᠴᠢᠩᠭᠠᠳᠬᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠥᠷᠥᠯ ᠬᠤᠪᠢᠶᠠᠨ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠲᠠᠷᠰᠢᠭᠤᠯᠤᠭᠰᠠᠨ ᠭᠠᠵᠠᠷ ᠢ ᠰᠠᠶᠢᠲᠤᠷ ᠳᠠᠷᠢᠵᠤ ᠰᠠᠶᠢᠲᠤᠷ ᠬᠡᠷᠡᠭᠯᠡᠬᠦ ᠬᠡᠷᠡᠭᠲᠡᠢ᠃ ᠡᠯ᠎ᠡ ᠲᠥᠷᠥᠯ ᠤᠨ ᠤᠯᠠᠮᠵᠢᠯᠠᠯᠲᠤ | ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠦᠢᠯᠡᠳᠪᠦᠷᠢᠯᠡᠯ ᠤᠨ ᠪᠡᠯᠡ ᠣᠷᠣᠭᠤᠯᠤᠯᠲᠠ ᠶᠢ ᠴᠢᠩᠭᠠᠳᠬᠠᠨ᠂ ᠪᠦᠲᠦᠮᠵᠢᠲᠡᠶ ᠬᠥᠭᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠮᠠᠨ ᠤ ᠤᠯᠤᠰ ᠤᠨ | ᠤᠯᠠᠮᠵᠢᠯᠠᠯᠲᠤ ᠲᠠᠷᠢᠶᠠᠨ ᠭᠠᠵᠠᠷ ᠤᠨ ᠬᠤᠪᠣᠷ ᠴᠤᠬᠠᠭ ᠪᠠᠶᠢᠭ᠎ᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠲᠠᠷᠢᠶᠠᠨ ᠭᠠᠵᠠᠷ ᠢ | ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠵᠤ ᠳᠠᠭᠢᠨ ᠲᠠᠷᠢᠬᠤ ᠳᠤ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ | ᠬᠦᠨᠳᠦᠳᠬᠡᠨ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠂ ᠰᠢᠯᠵᠢᠯᠲᠡ ᠶᠢᠨ ᠬᠤᠭᠤᠴᠠᠭ᠎ᠠ ᠶᠢ | ᠵᠣᠬᠢᠰᠲᠠᠢ ᠦᠯᠡᠳᠡᠭᠡᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠪᠣᠯ ᠲᠠᠷᠢᠶᠠᠨ ᠭᠠᠵᠠᠷ ᠢ ᠬᠠᠮᠠᠭᠠᠯᠠᠬᠤ ᠪᠠ ᠥᠭᠡᠷᠡᠴᠢᠯᠡᠨ | ᠰᠠᠶᠢᠵᠢᠷᠠᠭᠤᠯᠬᠤ ᠶᠢᠨ ᠴᠢᠬᠤᠯᠠ ᠲᠠᠯ᠎ᠠ ᠪᠣᠯᠣᠨ᠎ᠠ᠂ ᠮᠠᠨ ᠤ ᠤᠯᠤᠰ ᠲᠤ ᠬᠤᠵᠢᠷᠯᠢᠭ ᠭᠠᠵᠠᠷ ᠤᠯᠠᠨ᠂ ᠬᠡᠰᠡᠭ ᠭᠠᠵᠠᠷ ᠣᠷᠣᠨ ᠤ ᠲᠠᠷᠢᠶᠠᠨ ᠭᠠᠵᠠᠷ ᠤᠨ | ᠬᠤᠵᠢᠷᠰᠢᠬᠤ ᠬᠠᠨᠳᠤᠰᠢ ᠰᠢᠷᠦᠭᠦᠰᠴᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠠᠵᠢᠯ ᠢ ᠥᠷᠨᠢᠭᠦᠯᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠣᠲᠣ ᠪᠠᠶᠢᠭ᠎ᠠ ᠬᠤᠵᠢᠷᠯᠢᠭ ᠲᠠᠷᠢᠶᠠᠨ | ᠭᠠᠵᠠᠷ ᠢ ᠥᠭᠡᠷᠡᠴᠢᠯᠡᠨ ᠲᠡᠰ ᠳᠡᠭᠡᠭᠰᠢᠯᠡᠭᠦᠯᠭᠦ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠶᠢ ᠪᠦᠲᠦᠮᠵᠢᠲᠡᠢ ᠬᠤᠷᠢᠭᠯᠠᠵᠤ᠂ ᠬᠤᠵᠢᠷᠯᠢᠭ | ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ | ᠲᠣᠳᠣᠷᠬᠠᠢ ᠣᠶᠢᠯᠠᠭᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ | ᠨᠠᠶᠢᠷᠠᠭᠤᠯᠤᠨ ᠵᠣᠬᠢᠶᠠᠵᠤ᠂ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠭᠠᠵᠠᠷ ᠢ ᠠᠰᠢᠭᠯᠠᠵᠤ᠂ ᠡᠯ᠎ᠡ ᠲᠦᠷᠦᠯ ᠤᠨ ᠬᠤᠵᠢᠷᠯᠢᠭ ᠭᠠᠵᠠᠷ ᠤᠨ ᠡᠬᠢ ᠪᠠᠶᠠᠯᠢᠭ ᠠᠴᠠ ᠢᠳᠡᠭᠡᠨ ᠣᠯᠵᠤ᠂ ︽ | ᠲᠠᠷᠢᠬᠤ ᠪᠠᠷ ᠳᠠᠮᠵᠢᠨ ᠭᠠᠵᠠᠷ ᠣᠷᠣᠨ ᠳᠤᠨᠢ ᠵᠣᠬᠢᠴᠠᠭᠤᠯᠬᠤ︾ ᠪᠠ ︽ᠭᠠᠵᠠᠷ ᠣᠷᠣᠨ ᠳᠤᠨᠢ ᠲᠣᠬᠢᠷᠠᠭᠤᠯᠵᠤ ᠲᠠᠷᠢᠬᠤ︾ ᠶᠢ ᠬᠠᠷᠢᠯᠴᠠᠨ ᠤᠶᠠᠯᠳᠤᠭᠤᠯᠵᠤ᠂ | ᠬᠤᠵᠢᠷᠯᠢᠭ ᠭᠠᠵᠠᠷ ᠲᠤ ᠳᠠᠭᠠᠭᠠᠮᠠᠭᠠᠢ ᠣᠨᠴᠠᠯᠢᠭᠲᠤ ᠲᠦᠷᠦᠯ ᠵᠦᠢᠯ ᠢ ᠲᠦᠷᠭᠡᠨ ᠰᠣᠩᠭᠤᠨ ᠪᠤᠶᠢᠵᠢᠭᠤᠯᠵᠤ᠂ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ | ᠪᠦᠲᠦᠮᠵᠢᠲᠡᠢ ᠠᠷᠭ᠎ᠠ ᠬᠢᠳᠡᠯ ᠢ ᠶᠡᠭᠡ ᠪᠠᠷ ᠳᠡᠯᠭᠡᠷᠡᠭᠦᠯᠵᠦ᠂ ᠤᠰᠤᠨ ᠤ ᠡᠬᠢ ᠰᠤᠷᠪᠤᠯᠵᠢ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ | | | | | | | |