ᠦᠶᠤᠸᠠᠨ ᠤ ︽ᠳ᠋ᠧᠩᠯᠦ ᠤᠯᠠᠭᠠᠨ︾᠄ ᠨᠢᠭᠤᠬᠤ ᠶᠢᠨ ᠠᠷᠭ᠎ᠠ ᠦᠭᠡᠢ ᠠᠮᠲᠠᠲᠤ ᠬᠡᠮᠬᠡ
ᠨᠡᠶᠢᠲᠡᠯᠡᠭᠰᠡᠨ ᠴᠠᠭ᠄
2023/7/27
      ᠭᠠᠳᠠᠷ ᠬᠡᠯᠪᠡᠷᠢ ᠨᠢ ᠳ᠋ᠧᠩᠯᠦ ᠰᠢᠭ᠂ ᠡᠷᠲᠡ ᠦᠶ᠎ᠡ  ᠳᠤ ᠭᠤᠸᠠ  ᠶᠢᠨ ᠭᠤᠣᠯ ᠨᠢ ᠤᠯᠠᠭᠠᠨ᠂᡽ᠪᠣᠯᠪᠠᠰᠤᠷᠠᠭᠰᠠᠨ ᠤ ᠳᠠᠷᠠᠭ᠎ᠠ ᠠᠩᠬᠢᠯᠤᠮ᠎ᠠ ᠦᠨᠦᠷ ᠬᠠᠩᠬᠤᠯᠵᠤ᠂ ᠨᠢᠭᠤᠵᠤ ᠴᠦ ᠳᠡᠶᠢᠯᠬᠦ ᠦᠭᠡᠢ ᠪᠣᠯᠳᠠᠭ᠃ ᠠᠷᠠᠰᠤ ᠨᠢ ᠨᠢᠮᠭᠡᠨ᠂ ᠮᠢᠬ᠎ᠠ ᠨᠢ ᠵᠤᠵᠠᠭᠠᠨ ᠲᠤᠯᠠ ᠨᠢᠭᠡ ᠬᠠᠵᠠᠬᠤ ᠳᠤ ᠠᠩᠬᠢᠯᠤᠮ᠎ᠠ ᠰᠠᠢᠬᠠᠨ ᠦᠨᠦᠷ ᠬᠠᠩᠬᠤᠯᠤᠨ᠎ᠠ᠃ ᠦᠶᠤᠸᠠᠨ ᠤ ᠳ᠋ᠧᠩᠯᠦ ᠤᠯᠠᠭᠠᠨ ᠠᠮᠲᠠᠲᠤ ᠬᠡᠮᠬᠡ ᠶᠢᠨ ᠨᠡᠷ᠎ᠡ ᠨᠢ ᠲᠡᠭᠦᠨ ᠤ ᠨᠡᠷ᠎ᠡ ᠲᠠᠢ ᠠᠳᠠᠯᠢ ᠪᠠᠶᠢᠵᠤ᠂ ᠬᠡᠷᠡᠭᠯᠡᠭᠴᠢᠳ ᠲᠤ ᠠᠮᠲᠠ ᠶᠢᠨ ᠴᠣᠮᠣᠷᠯᠢᠭ ᠤᠨ ᠰᠠᠶᠢᠨ ᠰᠠᠶᠢᠬᠠᠨ ᠣᠶᠢᠯᠠᠭᠠᠯᠲᠠ ᠣᠯᠭᠤᠵᠤ᠂ ᠲᠠᠷᠢᠶᠠᠴᠢᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠦᠨ᠎ᠡ᠃      ᠦᠶᠤᠸᠠᠨ ᠰᠢᠶᠠᠨ ᠤ ᠱᠧᠩ ᠹᠧᠩ ᠪᠠᠯᠭᠠᠰᠤᠨ ᠤ ᠰᠢᠨ ᠹᠧᠩ ᠲᠣᠰᠬᠤᠨ ᠤ ᠵᠠᠩ ᠮᠧᠢ ᠵᠧᠨ ᠤ ᠳ᠋ᠧᠩᠯᠦ ᠤᠯᠠᠭᠠᠨ ᠠᠮᠲᠠᠲᠤ ᠬᠡᠮᠬᠡ ᠶᠢᠨ ᠲᠠᠷᠢᠮᠠᠯ ᠤᠨ ᠬᠦᠯᠡᠮᠵᠢ ᠳᠤ ᠣᠷᠣᠬᠤ ᠳᠤ᠂ ᠨᠢᠭᠡ ᠨᠢᠭᠡ ᠪᠠᠷ ᠢᠶᠠᠨ ᠭᠢᠯᠲᠠᠭᠠᠨᠠᠮ᠎ᠠ ᠥᠩᠭᠡᠲᠡᠢ᠂ ᠬᠡᠯᠪᠡᠷᠢ ᠳᠦᠷᠰᠦ ᠪᠠᠷ ᠳᠦᠭᠦᠷᠡᠩ ᠤᠯᠠᠭᠠᠨ ᠠᠮᠲᠠᠲᠤ ᠬᠡᠮᠬᠡ  ᠨᠢ ᠨᠣᠮᠢᠨ ᠨᠣᠭᠤᠭᠠᠨ ᠵᠠᠯᠠ ᠶᠢᠨ ᠳᠤᠮᠳᠠ  ᠡᠯᠭᠦᠭᠳᠡᠵᠦ᠂ ᠬᠥᠮᠥᠰ ᠤᠨ ᠪᠠᠭ᠋ᠠᠷᠬᠠᠯ ᠢ ᠲᠠᠲᠠᠮ᠎ᠠ ᠠᠩᠬᠢᠯᠤᠮ᠎ᠠ ᠦᠨᠦᠷ ᠬᠠᠩᠬᠤᠯᠤᠨ᠎ᠠ᠃ ︽ᠡᠨᠡᠬᠦ ᠬᠦᠯᠡᠮᠵᠢ  ᠶᠢᠨ ᠮᠦ ᠪᠦᠷᠢ ᠠᠴᠠ 2500 ᠵᠢᠩ ᠣᠷᠴᠢᠮ ᠤᠨ ᠳ᠋ᠧᠩᠯᠦ ᠤᠯᠠᠭᠠᠨ ᠠᠮᠲᠠᠲᠤ ᠬᠡᠮᠬᠡ  ᠭᠠᠷᠳᠠᠭ  8 ᠲᠦᠮᠡ ᠭᠠᠷᠤᠢ ᠲᠥᠭᠦᠷᠢᠭ  ᠢᠶᠠᠷ ᠬᠤᠳᠠᠯᠳᠤᠨ᠎ᠠ︾ ᠭᠡᠵᠦ ᠵᠠᠩ ᠮᠧᠢ ᠵᠧᠨ ᠬᠡᠯᠡᠪᠡ᠃ ᠵᠠᠩ ᠮᠧᠶ ᠵᠧᠨ ᠳᠤ ᠨᠡᠶᠢᠲᠡ 5 ᠰᠠᠭᠤᠷᠢ ᠪᠣᠯᠣᠳ ᠵᠢᠶᠠᠰᠠ ᠲᠠᠢ ᠬᠦᠯᠡᠮᠵᠢ᠂ 4 ᠰᠠᠭᠤᠷᠢ ᠬᠦᠯᠡᠮᠵᠢ ᠶᠢᠨ ᠬᠦᠯᠡᠮᠵᠢ ᠪᠠ ᠠᠷᠪᠠᠨ ᠬᠡᠳᠦᠨ ᠮᠦ ᠲᠠᠷᠢᠶ᠎ᠠ ᠲᠠᠢ᠂ ᠲᠡᠷᠡ ᠪᠦᠯᠦᠭ ᠬᠤᠪᠢᠶᠠᠨ ᠪᠦᠬᠦᠨ ᠢᠶᠠᠷ ᠢᠶᠠᠨ ᠳ᠋ᠧᠩᠯᠦ ᠤᠯᠠᠭᠠᠨ ᠠᠮᠲᠠᠲᠤ ᠬᠡᠮᠬᠡ ᠶᠢ ᠲᠠᠷᠢᠵᠤ᠂ 3 ᠰᠠᠷ᠎ᠠ ᠠᠴᠠ 9 ᠰᠠᠷ᠎ᠠ ᠪᠣᠯᠲᠠᠯ᠎ᠠ ᠵᠠᠬ᠎ᠠ ᠳᠡᠯᠭᠡᠭᠦᠷ ᠲᠤ ᠭᠠᠷᠪᠠ᠃ ᠠᠮᠲᠠᠲᠤ ᠬᠡᠮᠬᠡ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠵᠠᠩ ᠮᠧᠶ ᠵᠧᠨ ᠲᠠᠷᠢᠮᠠᠯ ᠤᠨ ᠲᠣᠮᠣ ᠡᠷᠦᠬᠡ ᠠᠴᠠ ᠲᠠᠷᠢᠶᠠᠨ ᠠᠵᠢᠯ ᠤᠨ ᠬᠠᠮᠢᠶᠠᠷᠤᠯᠲᠠ ᠶᠢᠨ ᠮᠡᠷᠭᠡᠵᠢᠯ ᠢ ᠣᠯᠠᠨ ᠤᠳᠠᠭ᠎ᠠ ᠵᠢᠭᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠢ ᠤᠷᠢᠵᠤ᠂ ᠨᠢᠭᠤᠷᠲᠠᠨ ᠶᠠᠷᠢᠵᠤ᠂ ᠭᠠᠷ ᠢᠶᠠᠷ ᠢᠶᠠᠨ ᠵᠢᠭᠠᠵᠤ᠂ ᠠᠮᠲᠠᠲᠤ ᠬᠡᠮᠬᠡ ᠶᠢ ᠳᠠᠷᠢᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠷᠭ᠎ᠠ ᠶᠢ ᠨᠠᠷᠢᠨ ᠨᠢᠮᠪᠠᠢ ᠰᠤᠷᠴᠠᠢ᠃ ᠲᠠᠰᠤᠷᠠᠯᠲᠠ ᠦᠭᠡᠢ ᠬᠤᠷᠠᠮᠳᠤᠭᠤᠯᠬᠤ ᠪᠠ ᠬᠠᠶᠢᠨ ᠰᠦᠪᠡᠭᠴᠢᠯᠡᠬᠦ ᠪᠠᠷ ᠳᠡᠮᠵᠢᠨ᠂ ᠵᠠᠩ ᠮᠧᠶ ᠵᠧᠨ ᠤ ᠳᠠᠷᠢᠭᠰᠠᠨ ᠠᠮᠲᠠᠲᠤ ᠬᠡᠮᠬᠡ ᠶᠢᠨ ᠭᠠᠷᠤᠯᠲᠠ ᠨᠢ ᠥᠨᠳᠥᠷ᠂ ᠠᠮᠲᠠ ᠨᠢ ᠰᠠᠶᠢᠨ ᠪᠠᠶᠢᠵᠤ᠂ ᠬᠡᠷᠡᠭᠯᠡᠭᠴᠢᠳ ᠤᠨ ᠲᠠᠭᠠᠰᠢᠶᠠᠯ ᠢ ᠶᠡᠬᠡᠳᠡ ᠣᠯᠵᠤ᠂ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠭᠡᠷ ᠲᠤᠨᠢ ᠬᠦᠷᠴᠦ ᠬᠤᠳᠠᠯᠳᠤᠨ ᠠᠪᠬᠤ ᠠᠴᠠ ᠭᠠᠳᠠᠨ᠎ᠠ᠂ ᠲᠡᠷᠡ ᠪᠠᠰᠠ ᠸᠢᠴᠠᠲ ᠤᠨ ᠨᠠᠶᠢᠵᠠ ᠶᠢᠨ ᠲᠣᠭᠤᠷᠢᠭ ᠪᠠ ᠰᠦᠯᠵᠢᠶᠡᠨ ᠳᠡᠭᠡᠷᠡᠬᠢ ᠲᠠᠪᠴᠠᠩ ᠢᠶᠠᠷ ᠳᠠᠮᠵᠢᠭᠤᠯᠤᠨ ᠪᠣᠷᠣᠯᠠᠭᠤᠯᠵᠤ᠂ ᠦᠢᠯᠡᠳᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠵᠠᠢ᠃      ᠦᠶᠤᠸᠠᠨ ᠤ ᠳ᠋ᠧᠩᠯᠦ ᠤᠯᠠᠭᠠᠨ ᠠᠮᠲᠠᠲᠤ ᠬᠡᠮᠬᠡ ᠶᠢᠨ ᠤᠭ ᠭᠠᠷᠤᠯᠲᠠ ᠶᠢᠨ ᠭᠠᠵᠠᠷ ᠦᠶᠤᠸᠠᠨ ᠰᠢᠶᠠᠨ ᠨᠢ ᠬᠡᠷᠡᠯ ᠤᠨ ᠡᠨᠧᠷᠭᠢ ᠪᠠᠷ ᠪᠠᠶᠠᠯᠢᠭ᠂ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠤᠷ᠎ᠠ ᠲᠤᠨᠤᠳᠠᠰᠤ ᠶᠢᠨ ᠬᠡᠮᠵᠢᠶ᠎ᠡ ᠪᠠᠭ᠎ᠠ ᠪᠥᠭᠡᠳ ᠲᠥᠪᠯᠡᠷᠡᠭᠰᠡᠨ ᠠᠭᠤᠷ ᠠᠮᠢᠰᠬᠤᠯ ᠤᠨ ᠣᠨᠴᠠᠯᠢᠭ ᠲᠠᠢ ᠪᠠᠶᠢᠳᠠᠭ᠃ ᠭᠤᠣᠯ ᠲᠠᠷᠢᠶᠠᠯᠠᠭ᠎ᠠ ᠶᠢᠨ ᠬᠥᠷᠥᠰᠥ ᠪᠣᠯ ᠤᠰᠤᠯᠠᠯᠲᠠ ᠶᠢᠨ ᠬᠥᠷᠥᠰᠥ ᠪᠣᠯᠣᠨ᠎ᠠ᠂ ᠲᠡᠭᠦᠨ ᠤ ᠬᠥᠷᠥᠰᠥᠨ ᠳᠠᠪᠬᠤᠷᠭ᠎ᠠ ᠨᠢ ᠰᠦᠪᠡᠷᠬᠡᠭ ᠤᠰᠤᠯᠠᠯᠲᠠ ᠶᠢᠨ ᠳᠠᠪᠬᠤᠷᠭ᠎ᠠ ᠪᠣᠯᠣᠨ᠎ᠠ᠂ ᠲᠠᠷᠢᠶᠠᠯᠠᠭ᠎ᠠ ᠶᠢᠨ ᠴᠢᠨᠠᠷ ᠰᠠᠶᠢᠨ᠂ ᠺᠠᠯᠢ ᠶᠢᠨ ᠠᠭᠤᠯᠤᠭᠳᠠᠴᠠ ᠥᠨᠳᠥᠷ᠂ ᠰᠢᠬᠢᠷ ᠪᠣᠯᠣᠨ ᠴᠠᠷᠳᠠᠭᠤᠯ ᠤᠨ ᠬᠤᠷᠠᠮᠳᠤᠯ ᠳᠤ ᠲᠤᠶᠢᠯ ᠤᠨ ᠠᠰᠢᠭᠲᠠᠢ᠂ ᠳᠠᠷᠢᠭᠰᠠᠨ ᠳ᠋ᠧᠩᠯᠦ ᠤᠯᠠᠭᠠᠨ ᠠᠮᠲᠠᠲᠤ ᠬᠡᠮᠬᠡ ᠶᠢᠨ ᠠᠮᠲᠠ ᠨᠢ ᠮᠠᠰᠢ ᠰᠠᠶᠢᠨ᠂ ᠠᠮᠲᠠ ᠨᠢ ᠬᠤᠣᠰ ᠦᠭᠡᠢ ᠪᠠᠶᠢᠳᠠᠭ᠃ ᠡᠨᠡ ᠬᠦ ᠲᠠᠷᠢᠶᠠᠯᠠᠭ᠎ᠠ ᠶᠢᠨ ᠬᠥᠷᠥᠰᠥ ᠰᠢᠷᠣᠢ ᠪᠣᠯ ᠤᠰᠤᠯᠠᠯᠲᠠ ᠶᠢᠨ ᠬᠥᠷᠥᠰᠥ ᠰᠢᠷᠣᠢ ᠪᠣᠯᠣᠨ᠎ᠠ᠂ ᠲᠡᠭᠦᠨ ᠤ ᠬᠥᠷᠥᠰᠥᠨ ᠳᠠᠪᠬᠤᠷᠭ᠎ᠠ ᠨᠢ ᠬᠥᠷᠥᠰᠥ ᠰᠢᠷᠣᠢ ᠶᠢᠨ ᠤᠰᠤᠯᠠᠯᠲᠠ ᠶᠢᠨ ᠬᠥᠷᠥᠰᠥ ᠰᠢᠷᠣᠢ ᠪᠣᠯᠣᠨ᠎ᠠ᠂ ᠲᠠᠷᠢᠶᠠᠯᠠᠭ᠎ᠠ ᠶᠢᠨ ᠴᠢᠨᠠᠷ ᠰᠠᠶᠢᠨ᠂ ᠺᠠᠯᠢ ᠶᠢᠨ ᠠᠭᠤᠯᠤᠭᠳᠠᠴᠠ ᠥᠨᠳᠥᠷ᠂ ᠰᠢᠬᠢᠷ ᠪᠣᠯᠣᠨ ᠴᠠᠷᠳᠠᠭᠤᠯ ᠤᠨ ᠠᠭᠤᠯᠤᠭᠳᠠᠴᠠ ᠥᠨᠳᠥᠷ᠂ ᠰᠢᠬᠢᠷ ᠪᠣᠯᠣᠨ ᠴᠠᠷᠳᠠᠭᠤᠯ ᠤᠨ ᠬᠤᠷᠠᠮᠳᠤᠯ ᠳᠤ ᠮᠠᠰᠢ ᠠᠰᠢᠭᠲᠠᠢ᠃ ᠦᠶᠤᠸᠠᠨ ᠳ᠋ᠧᠩᠯᠦ ᠤᠯᠠᠭᠠᠨ ᠠᠮᠲᠠᠲᠤ ᠬᠡᠮᠬᠡ ᠶᠢᠨ ᠰᠢᠮ᠎ᠡ ᠲᠡᠵᠢᠭᠡᠯ ᠡᠯᠪᠡᠭ᠂ 100 ᠭᠷᠡᠮ ᠪᠦᠷᠢ ᠳᠤ ᠸᠢᠲ᠋ᠠᠮᠢᠨ 22 ~ 32 ᠮᠢᠯᠢᠭᠷᠡᠮ᠂ ᠺᠠᠯᠢ 150 ~200 ᠮᠢᠯᠢᠭᠷᠡᠮ ᠠᠭᠤᠯᠵᠤ᠂ ᠰᠢᠩᠭᠡᠭᠡᠯᠲᠡ ᠶᠢ ᠠᠬᠢᠭᠤᠯᠬᠤ ᠦᠢᠯᠡᠳᠦᠯ ᠲᠠᠢ᠃ 2014 ᠣᠨ ᠳᠤ᠂ ᠦᠶᠤᠸᠠᠨ ᠤ ᠳ᠋ᠧᠩᠯᠦ ᠤᠯᠠᠭᠠᠨ ᠠᠮᠲᠠᠲᠤ ᠬᠡᠮᠬᠡ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠤᠨ ᠭᠡᠷᠡᠴᠢᠯᠡᠯ ᠢ ᠣᠯᠪᠠ᠃      ᠣᠶᠢᠷ᠎ᠠ ᠶᠢᠨ ᠵᠢᠯ ᠠᠴᠠ᠂ ᠦᠶᠤᠸᠠᠨ ᠰᠢᠶᠠᠨ ᠤ ᠲᠥᠬᠦᠭᠡᠷᠦᠮᠵᠢᠲᠦ ᠲᠠᠷᠢᠶᠠᠯᠠᠩ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠦᠶᠤᠸᠠᠨ  ᠤ ᠳ᠋ᠧᠩᠯᠦ ᠤᠯᠠᠭᠠᠨ ᠠᠮᠲᠠᠲᠤ ᠬᠡᠮᠬᠡ ᠶᠢᠨ ᠲᠠᠷᠢᠮᠠᠯ ᠤᠨ ᠵᠠᠭᠪᠤᠷ ᠲᠠᠰᠤᠷᠠᠯᠳᠡ ᠦᠭᠡᠢ ᠰᠢᠯᠢᠳᠡᠭᠵᠢᠵᠦ᠂ ᠲᠠᠷᠢᠮᠠᠯ ᠤᠨ ᠬᠡᠪᠴᠢᠶ᠎ᠡ ᠲᠠᠰᠤᠷᠠᠯᠳᠡ ᠦᠭᠡᠢ ᠥᠷᠭᠡᠳᠴᠦ᠂ 200 ᠭᠠᠷᠤᠢ ᠾᠧᠺᠲ᠋ᠠᠷ ᠲᠤ ᠬᠦᠷᠴᠦ᠂ ᠦᠢᠯᠡᠳᠬᠦᠨ  ᠢ 4 ᠰᠠᠷ᠎ᠠ ᠠᠴᠠ 11 ᠰᠠᠷ᠎ᠠ ᠪᠣᠯᠲᠠᠯ᠎ᠠ ᠬᠠᠩᠭᠠᠵᠤ᠂ ᠠᠯᠳᠠᠷᠰᠢᠯ ᠪᠠ ᠨᠥᠯᠥᠭᠡᠯᠡᠬᠦ ᠬᠦᠴᠦᠨ ᠨᠢ ᠲᠠᠰᠤᠷᠠᠯᠳᠡ ᠦᠭᠡᠢ ᠳᠡᠭᠡᠭᠰᠢᠯᠡᠵᠡᠢ᠃ ᠦᠶᠤᠸᠠᠨ ᠤ ᠳ᠋ᠧᠩᠯᠦ  ᠤᠯᠠᠭᠠᠨ ᠠᠮᠲᠠᠲᠤ ᠬᠡᠮᠬᠡ ᠶᠢᠨ ᠲᠠᠷᠢᠮᠠᠯ ᠤᠨ ᠦᠷ᠎ᠡ ᠠᠰᠢᠭ ᠴᠤ ᠲᠠᠰᠤᠷᠠᠯᠲᠠ ᠦᠭᠡᠢ ᠳᠡᠭᠡᠭᠰᠢᠯᠡᠵᠦ᠂ ᠬᠦᠯᠡᠮᠵᠢ ᠶᠢᠨ ᠲᠠᠷᠢᠮᠠᠯ ᠤᠨ ᠳᠤᠮᠳᠠᠴᠢ ᠮᠦ ᠶᠢᠨ ᠣᠷᠣᠯᠭ᠎ᠠ ᠨᠢ 8000 ~ 12000 ᠲᠥᠭᠦᠷᠢᠭ ᠪᠠᠶᠢᠵᠤ᠂ ᠬᠠᠮᠤᠭ ᠥᠨᠳᠥᠷ ᠲᠡᠭᠡᠨ 2 ᠲᠦᠮᠡᠨ ᠲᠥᠭᠦᠷᠢᠭ ᠲᠤ ᠬᠦᠷᠴᠦ ᠪᠣᠯᠣᠨ᠎ᠠ︔ ᠬᠦᠯᠡᠮᠵᠢ ᠶᠢᠨ ᠲᠠᠷᠢᠮᠠᠯ ᠤᠨ ᠳᠤᠮᠳᠠᠴᠢ  ᠮᠦ ᠶᠢᠨ ᠣᠷᠣᠯᠭ᠎ᠠ ᠨᠢ 3~4 ᠲᠦᠮᠡᠨ ᠲᠥᠭᠦᠷᠢᠭ ᠲᠤ ᠬᠦᠷᠴᠦ᠂ ᠬᠠᠮᠤᠭ ᠥᠨᠳᠥᠷ ᠲᠡᠭᠡᠨ 6 ᠲᠦᠮᠡᠨ ᠲᠥᠭᠦᠷᠢᠭ ᠲᠤ ᠬᠦᠷᠴᠦ ᠪᠣᠯᠣᠨ᠎ᠠ᠃ ᠦᠶᠤᠸᠠᠨ ᠤ ᠳ᠋ᠧᠩᠯᠦ ᠤᠯᠠᠭᠠᠨ ᠠᠮᠲᠠᠲᠤ ᠬᠡᠮᠬᠡ ᠨᠢ ᠠᠭᠠᠵᠢᠮ ᠢᠶᠠᠷ ᠲᠤᠬᠠᠢ ᠶᠢᠨ ᠭᠠᠵᠠᠷ ᠤᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠴᠢᠬᠤᠯᠠ ᠲᠤᠯᠭᠠᠭᠤᠷᠢ ᠠᠵᠤ ᠦᠢᠯᠡᠰ ᠤᠨ ᠨᠢᠭᠡ ᠪᠣᠯᠤᠭᠰᠠᠨ ᠢᠶᠠᠷ ᠪᠠᠷᠠᠬᠤ ᠦᠭᠡᠢ᠂ ᠦᠶᠤᠸᠠᠨ ᠰᠢᠶᠠᠨ ᠤ ᠲᠥᠬᠦᠭᠡᠷᠦᠮᠵᠢ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠪᠡ᠃      ᠣᠳᠣᠬᠠᠨ ᠳᠤ ᠦᠶᠤᠸᠠᠨ ᠤ ᠳ᠋ᠧᠩᠯᠦ ᠤᠯᠠᠭᠠᠨ ᠠᠮᠲᠠᠲᠤ ᠬᠡᠮᠬᠡ  ᠶᠢᠨ ᠵᠠᠭᠠᠭᠯᠠᠨ ᠲᠣᠭᠲᠠᠭᠠᠭᠰᠠᠨ ᠭᠠᠵᠠᠷ ᠣᠷᠣᠨ ᠤ ᠬᠠᠮᠠᠭᠠᠯᠠᠯᠲᠠ  ᠶᠢᠨ ᠬᠡᠪᠴᠢᠶ᠎ᠡ ᠪᠣᠯ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ᠂ ᠱᠧᠩ ᠹᠧᠩ ᠪᠠᠯᠭᠠᠰᠤ᠂  ᠳᠡᠨᠵᠢᠲᠡᠢ ᠪᠠᠯᠭᠠᠰᠤ᠂ ᠰᠢᠨ ᠬᠥᠩ ᠵᠥᠩ ᠪᠠᠯᠭᠠᠰᠤ᠂ ᠹᠦ᠋ ᠰᠢᠩ ᠪᠠᠯᠭᠠᠰᠤ᠂  ᠲᠣᠭᠤᠷᠢᠬᠤ ᠪᠠᠯᠭᠠᠰᠤ᠂ ᠢᠨᠳᠡᠷᠲᠦ ᠪᠠᠯᠭᠠᠰᠤ᠂ ᠲᠤᠬᠠᠢ ᠪᠠᠯᠭᠠᠰᠤ᠂ ᠾᠧ ᠱᠧᠩ ᠰᠢᠶᠠᠩ ᠤᠨ ᠨᠡᠶᠢᠲᠡ 8 ᠪᠠᠯᠭᠠᠰᠤ᠂ 1 ᠰᠢᠶᠠᠩ ᠤᠨ 117 ᠵᠠᠰᠠᠭ ᠵᠠᠬᠢᠷᠭᠠᠨ ᠤ ᠲᠣᠰᠬᠤᠨ ᠪᠣᠯᠣᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ